| | | ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠨᠡᠮᠡᠭᠳᠡᠯ ᠪᠣᠯ ᠤᠯᠤᠰ ᠠᠷᠠᠳ ᠤᠨ ᠠᠵᠤ | ᠠᠬᠤᠢ ᠶᠢᠨ ᠡᠷᠡᠭᠦᠯ ᠢᠶᠠᠷ ᠠᠵᠢᠯᠯᠠᠬᠤ ᠶᠢᠨ ᠬᠦᠴᠦᠲᠡᠢ ᠲᠦᠰᠢᠭ ᠲᠤᠯᠭᠠᠭᠤᠷᠢ ᠮᠥᠨ᠃ ᠤᠯᠠᠨ ᠵᠢᠯ ᠤᠨ ᠲᠤᠷᠰᠢ | ᠮᠠᠨ ᠤ ᠤᠯᠤᠰ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠬᠥᠮᠥᠰ ᠤᠨ ᠠᠩᠬᠠᠷᠤᠯ ᠢ | ᠲᠠᠲᠠᠵᠤ᠂ ᠢᠯᠡᠳᠲᠡ ᠬᠡᠪᠴᠢᠶᠡᠨ ᠤ ᠳᠠᠪᠠᠭᠤᠯᠢᠭ᠂ ᠪᠦᠷᠢᠨ ᠲᠥᠬᠦᠷᠴᠢᠯᠡᠭᠰᠡᠨ ᠳᠠᠪᠠᠭᠤᠯᠢᠭ ᠪᠠ ᠬᠦᠴᠦᠷᠬᠡᠭ ᠶᠡᠭᠡ | ᠳᠣᠲᠣᠭᠠᠳᠤ ᠬᠡᠷᠡᠭᠴᠡᠭᠡ ᠶᠢᠨ ᠳᠠᠪᠠᠭᠤᠯᠢᠭ ᠢ ᠨᠢᠭᠡᠨᠲᠡ ᠪᠤᠢ ᠪᠣᠯᠭᠠᠵᠤ᠂ ᠢᠷᠡᠭᠡᠳᠦᠢ ᠳᠤ ᠰᠢᠨ᠎ᠡ ᠬᠥᠭᠵᠢᠯᠲᠡ ᠶᠢᠨ | ᠱᠠᠲᠤᠨ ᠳᠤ ᠣᠷᠣᠵᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠨ ᠣᠷᠣᠬᠤ ᠶᠢ ᠳᠠᠭᠠᠯᠳᠤᠨ᠂ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠠᠪᠤᠳᠠᠯ | ᠲᠠᠰᠤᠷᠠᠯᠳᠠ ᠦᠭᠡᠢ ᠲᠦᠷᠭᠡᠳᠴᠦ᠂ ᠠᠵᠤ ᠦᠢᠯᠡᠳᠪᠦᠷᠢ ᠶᠢᠨ ᠤᠷᠳᠤ ᠬᠤᠭᠤᠴᠠᠭᠠᠨ ᠤ ᠨᠡᠮᠡᠭᠳᠡᠯ ᠤᠨ ᠢᠷᠡᠭᠡᠳᠦᠢ | ᠮᠥᠨ ᠬᠦ ᠪᠡᠶᠡᠯᠡᠭᠳᠡᠬᠦ ᠪᠣᠯᠣᠮᠵᠢ ᠲᠠᠢ ᠪᠠᠶᠢᠨ᠎ᠠ᠃ ᠭᠡᠪᠡᠴᠦ ᠣᠶᠢᠷ᠎ᠠ ᠶᠢᠨ ᠬᠤᠭᠤᠴᠠᠭᠠᠨ ᠠᠴᠠ ᠨᠠᠰᠢ᠂ ᠣᠯᠠᠨ | ᠵᠦᠢᠯ ᠤᠨ ᠡᠯᠧᠮᠧᠨ᠋ᠲ ᠨᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠳᠤ ᠬᠠᠷᠰᠢ ᠰᠠᠭᠠᠳ | ᠤᠴᠠᠷᠠᠭᠤᠯᠵᠤ ᠪᠠᠶᠢᠨ᠎ᠠ᠂ ᠭᠠᠳᠠᠭᠠᠳᠤ ᠣᠷᠴᠢᠨ ᠨᠥᠬᠦᠴᠡᠯ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ᠂ | ᠤᠯᠤᠰ ᠤᠨ ᠳᠣᠲᠣᠭᠠᠳᠤ ᠶᠢᠨ ᠬᠠᠩᠭᠠᠯᠭ᠎ᠠ ᠬᠡᠷᠡᠭᠴᠡᠭᠡ ᠶᠢᠨ ᠨᠥᠬᠦᠴᠡᠯ ᠳᠤ ᠭᠦᠨᠵᠡᠭᠡᠢ ᠬᠤᠪᠢᠷᠠᠯᠲᠠ ᠭᠠᠷᠴᠤ᠂ | ᠣᠬᠤᠷ ᠬᠤᠭᠤᠴᠠᠭᠠᠨ ᠤ ᠠᠶᠤᠯ ᠲᠦᠭᠰᠢᠭᠦᠷᠢ ᠶᠢᠨ ᠵᠥᠷᠢᠴᠡᠯ ᠪᠣᠯᠣᠨ ᠬᠡᠯᠪᠡᠷᠢ ᠶᠢ ᠬᠤᠪᠢᠷᠠᠭᠤᠯᠬᠤ ᠳᠠᠷᠤᠯᠲᠠ | ᠳᠠᠪᠬᠤᠴᠠᠭᠰᠠᠨ ᠠᠴᠠ ᠪᠣᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭᠠᠨ | ᠥᠷᠢᠰᠦᠯᠳᠦᠭᠡᠨ ᠳᠤ ᠤᠴᠠᠷᠠᠵᠤ᠂ ᠪᠠᠭᠤᠷᠠᠬᠤ ᠳᠠᠷᠤᠯᠲᠠ ᠡᠳᠦᠢ ᠲᠡᠳᠦᠢ ᠨᠡᠮᠡᠭᠳᠡᠭᠰᠡᠨ ᠪᠠᠶᠢᠨ᠎ᠠ᠃ 2 ᠰᠠᠷ᠎ᠠ ᠶᠢᠨ | 18 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ︽ᠠᠵᠤ ᠦᠢᠯᠡᠳᠪᠦᠷᠢ ᠶᠢᠨ ᠠᠵᠤ ᠠᠬᠤᠢ ᠶᠢᠨ | ᠲᠣᠭᠲᠠᠭᠤᠨ ᠨᠡᠮᠡᠭᠳᠡᠯ ᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ︵ᠳᠣᠷᠣᠭᠰᠢ ︽ᠲᠥᠷᠥ ᠶᠢᠨ | ᠪᠣᠳᠣᠯᠭ᠎ᠠ ᠨᠤᠭᠤᠳ︾ ᠭᠡᠵᠦ ᠲᠣᠪᠴᠢᠯᠠᠨ᠎ᠠ︶ ᠢ ᠬᠡᠪᠯᠡᠨ ᠲᠠᠷᠬᠠᠭᠠᠵᠤ᠂ ᠰᠠᠨᠠᠭᠠᠴᠢᠯᠠᠭ᠎ᠠ ᠲᠠᠢ ᠪᠠᠷ ᠳᠠᠭᠠᠷᠢᠯᠲᠠ | ᠬᠢᠵᠦ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠠᠵᠤ | ᠠᠬᠤᠢ ᠶᠢᠨ ᠲᠣᠭᠲᠠᠭᠤᠨ ᠨᠡᠮᠡᠭᠳᠡᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠠᠷᠠᠳ ᠤᠨ ᠠᠵᠤ | ᠠᠬᠤᠢ ᠶᠢᠨ ᠲᠣᠭᠲᠠᠭᠤᠨ ᠠᠵᠢᠯᠯᠠᠭᠠᠨ ᠪᠠ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | | | | | ᠨᠢᠭᠡ᠂ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ | | | | ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠶᠢ ᠦᠨᠡᠨᠡᠳ᠋ ᠤᠨ ᠵᠠᠰᠠᠭ ᠭᠠᠶᠢᠯᠢ ᠶᠢᠨ | ᠲᠦᠷᠦ ᠶᠢᠨ ᠪᠣᠳᠣᠯᠭ᠎ᠠ ᠨᠢ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ | ᠴᠢᠬᠤᠯᠠ ᠭᠠᠷᠳᠠᠴᠠ ᠪᠣᠯᠣᠭᠰᠠᠭᠠᠷ ᠢᠷᠡᠭᠰᠡᠨ ᠪᠥᠭᠡᠳ ᠬᠠᠮᠤᠷᠬᠤ ᠬᠡᠪᠴᠢᠶ᠎ᠡ ᠪᠠᠷ ᠥᠷᠭᠡᠨ᠂ ᠲᠦᠭᠡᠮᠡᠯ | ᠬᠠᠷᠠᠭᠠᠯᠵᠠᠯ ᠤᠨ ᠴᠢᠨᠠᠷ ᠢᠶᠠᠷ ᠴᠢᠩᠭ᠎ᠠ ᠵᠡᠷᠭᠡ ᠣᠨᠴᠠᠯᠢᠭ ᠲᠠᠢ ᠪᠠᠶᠢᠳᠠᠭ᠃ ᠣᠶᠢᠷ᠎ᠠ ᠶᠢᠨ ᠵᠢᠯ ᠤᠳ ᠲᠤ᠂ ᠮᠠᠨ ᠤ | ᠤᠯᠤᠰ ᠤᠷᠢᠳ ᠬᠤᠵᠢᠳ ᠬᠢᠵᠢᠭ ᠢ ᠡᠰᠡᠷᠭᠦᠴᠡᠬᠦ ᠣᠨᠴᠠᠭᠠᠶ ᠤᠯᠤᠰ ᠤᠨ ᠵᠢᠭᠡᠯᠡᠯᠭᠡ ᠲᠠᠷᠬᠠᠭᠠᠬᠤ ᠪᠠᠷ | ᠳᠠᠮᠵᠢᠭᠤᠯᠤᠨ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ᠂ ᠦᠷᠳᠡᠭ ᠨᠡᠮᠡᠭᠳᠡᠯ ᠤᠨ ᠭᠠᠶᠢᠯᠢ ᠵᠡᠷᠭᠡ | ᠭᠠᠶᠢᠯᠢ ᠲᠠᠲᠠᠪᠤᠷᠢ ᠶᠢ ᠬᠥᠩᠭᠡᠯᠡᠵᠦ ᠬᠡᠯᠲᠦᠷᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ | ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠬᠦᠴᠦᠲᠡᠢ ᠠᠬᠢᠭᠤᠯᠪᠠ᠃ ᠭᠡᠪᠡᠴᠦ ᠮᠠᠨ ᠤ | ᠤᠯᠤᠰ ᠤᠨ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠳᠤ ᠪᠠᠰᠠ ᠨᠡᠯᠢᠶᠡᠳ ᠶᠡᠭᠡ ᠰᠢᠯᠢᠳᠡᠭᠵᠢᠭᠦᠯᠬᠦ | ᠣᠷᠣᠨ ᠵᠠᠢ ᠪᠠᠶᠢᠨ᠎ᠠ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠪᠠᠰᠠ ᠨᠡᠯᠢᠶᠡᠳ ᠶᠡᠭᠡ | ᠭᠠᠶᠢᠯᠢ ᠰᠦᠢᠳᠬᠡᠯ ᠤᠨ ᠥᠪᠡᠷ ᠤᠨ ᠥᠷᠲᠡᠭ ᠤᠨ ᠳᠠᠷᠤᠭᠠᠰᠤ ᠲᠤᠯᠭᠠᠷᠠᠵᠤ ᠪᠠᠶᠢᠨ᠎ᠠ ᠭᠡᠳᠡᠭ ᠢ ᠣᠯᠵᠤ ᠬᠠᠷᠠᠬᠤ | ᠬᠡᠷᠡᠭᠲᠡᠢ᠃ ᠣᠳᠣᠬᠠᠨ ᠳᠤ᠂ ᠬᠡᠷᠡᠭᠴᠡᠭᠡ ᠪᠠᠭᠠᠰᠴᠤ᠂ ᠬᠠᠩᠭᠠᠯᠭ᠎ᠠ ᠶᠢᠨ ᠳᠠᠭᠠᠷᠢᠯᠲᠠ ᠳᠤ ᠤᠴᠠᠷᠠᠵᠤ᠂ ᠭᠤᠷᠪᠠᠨ | ᠳᠠᠪᠬᠤᠷ ᠳᠠᠷᠤᠯᠲᠠ ᠪᠠᠭᠤᠷᠠᠬᠤ ᠪᠠᠷ ᠵᠢᠱᠢᠵᠦ ᠪᠠᠶᠢᠭᠰᠠᠨ ᠠᠴᠠ ᠠᠵᠤ ᠦᠢᠯᠡᠳᠪᠦᠷᠢ ᠶᠢᠨ ᠠᠵᠤ ᠠᠬᠤᠢ ᠶᠢᠨ | ᠨᠡᠮᠡᠭᠳᠡᠯ ᠤᠨ ᠬᠦᠴᠢᠷᠳᠡᠯ ᠢ ᠨᠡᠮᠡᠭᠳᠡᠭᠦᠯᠵᠦ᠂ ᠢᠯᠠᠩᠭᠤᠶ᠎ᠠ ᠬᠡᠰᠡᠭ ᠳᠤᠮᠳᠠ ᠵᠢᠵᠢᠭ ᠪᠢᠴᠢᠯ ᠠᠵᠤ ᠠᠬᠤᠶᠢᠯᠠᠯ | ᠨᠡᠯᠢᠶᠡᠳ ᠶᠡᠭᠡ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠳᠠᠷᠤᠯᠲᠠ ᠳᠤ ᠲᠤᠯᠭᠠᠷᠠᠵᠤ ᠪᠠᠶᠢᠭ᠎ᠠ ᠪᠣᠯᠬᠤᠷ ᠡᠳ᠋ ᠤᠨ | ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠰᠢᠨ᠎ᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢ ᠲᠦᠷᠭᠡᠬᠡᠨ | ᠲᠦᠯᠬᠢᠨ ᠠᠬᠢᠭᠤᠯᠵᠤ᠂ ᠦᠢᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠳᠠᠷᠤᠭᠠᠰᠤ ᠶᠢ | ᠬᠥᠩᠭᠡᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠠᠮᠢᠳᠤᠯᠢᠭ | ᠬᠦᠴᠦᠨ ᠢ ᠬᠥᠭᠵᠢᠭᠡᠬᠦ ᠬᠡᠷᠡᠭᠲᠡᠢ᠃ ︽ᠲᠥᠷᠥ ᠶᠢᠨ ᠪᠣᠳᠣᠯᠭ᠎ᠠ ᠨᠤᠭᠤᠳ︾ ᠨᠢ ᠠᠵᠤ ᠠᠬᠤᠶᠢᠯᠠᠯ ᠢᠯᠠᠩᠭᠤᠶ᠎ᠠ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠶᠢ ᠬᠥᠩᠭᠡᠯᠡᠬᠦ ᠶᠠᠪᠤᠳᠠᠯ ᠢ | ᠲᠡᠷᠢᠭᠦᠨ ᠴᠢᠬᠤᠯᠠ ᠡᠭᠦᠷᠭᠡ ᠪᠣᠯᠭᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠤᠨᠤᠭ ᠲᠥᠬᠦᠭᠡᠷᠦᠮᠵᠢ | ᠪᠠᠭᠠᠵᠢ ᠬᠡᠷᠡᠭᠰᠡᠯ ᠢ ᠭᠠᠶᠢᠯᠢ ᠲᠤᠰᠢᠶᠠᠬᠤ ᠠᠴᠠ ᠡᠮᠦᠨ᠎ᠡ ᠰᠠᠭᠤᠯᠭᠠᠨ ᠠᠪᠬᠤ ᠡᠷᠴᠢᠮ ᠢ ᠴᠢᠩᠭᠠᠷᠠᠭᠤᠯᠬᠤ᠂ ᠱᠠᠲᠤ | ᠦᠶ᠎ᠡ ᠶᠢᠨ ᠴᠢᠨᠠᠷᠲᠠᠢ ᠭᠠᠶᠢᠯᠢ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠦᠷᠦ ᠶᠢᠨ ᠪᠣᠳᠣᠯᠭ᠎ᠠ ᠶᠢ | ᠤᠷᠲᠤᠳᠬᠠᠬᠤ᠂ ᠵᠢᠵᠢᠭ ᠬᠡᠯᠪᠡᠷᠢ ᠶᠢᠨ ᠥᠴᠥᠬᠡᠨ ᠠᠰᠢᠭ ᠬᠤᠨᠵᠢᠪᠤᠷᠢ ᠲᠠᠢ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠡᠷᠴᠢᠮ ᠢ ᠴᠢᠩᠭᠠᠷᠠᠭᠤᠯᠬᠤ᠂ ᠠᠵᠤ ᠠᠬᠤᠶᠢᠯᠠᠯ ᠤᠨ | ᠨᠡᠶᠢᠭᠡᠮ ᠤᠨ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ ᠵᠡᠷᠭᠡ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠠᠯᠢ ᠤᠯᠠᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠰᠠᠨ ᠨᠢ ᠠᠵᠤ ᠠᠬᠤᠶᠢᠯᠠᠯ ᠤᠨ ᠭᠠᠶᠢᠯᠢ | ᠰᠦᠢᠳᠬᠡᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ | ᠨᠡᠮᠡᠭᠳᠡᠭᠦᠯᠦᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠵᠢᠠᠬᠢᠭᠤᠯᠤᠨᠠ᠃ | | | | ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ | ᠠᠵᠤ ᠠᠬᠤᠢ ᠶᠢᠨ ᠠᠮᠢᠨ ᠰᠤᠳᠠᠰᠤ ᠮᠥᠨ᠂ ᠶᠡᠷᠦᠩᠬᠡᠢ ᠱᠦᠵᠢ ᠰᠢ ᠶᠢᠨ ᠫᠢᠩ ︽ᠮᠥᠩᠭᠦᠨ ᠭᠦᠢᠯᠭᠡᠭᠡᠨ ᠤ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ | ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ︾ ᠭᠡᠵᠦ | ᠵᠢᠭᠠᠵᠤ ᠭᠠᠷᠭᠠᠪᠠ᠃ ᠣᠶᠢᠷ᠎ᠠ ᠶᠢᠨ ᠵᠢᠯ ᠠᠴᠠ᠂ ᠮᠥᠩᠭᠦᠨ ᠭᠦᠢᠯᠭᠡᠭᠡᠨ ᠤ ᠦᠢᠯᠡᠰ ᠤᠨ ᠪᠣᠳᠠᠲᠤ ᠴᠣᠭᠴᠠ ᠶᠢᠨ | ᠠᠵᠤ ᠠᠬᠤᠢ ᠳᠤ ᠪᠤᠴᠠᠨ ᠢᠷᠡᠵᠦ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠡᠷᠴᠢᠮ | ᠲᠠᠰᠤᠷᠠᠯᠳᠡ ᠦᠭᠡᠢᠲ᠋ᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ | 2020 ᠣᠨ ᠳᠤ ᠪᠠᠩᠬᠢ ᠶᠢᠨ ᠦᠢᠯᠡᠰ ᠤᠨ ᠰᠢᠨ᠎ᠡ ᠪᠠᠷ ᠨᠡᠮᠡᠭᠳᠡᠭᠰᠡᠨ ᠦᠢᠯᠡᠳᠬᠦ ᠦᠢᠯᠡᠰ ᠤᠨ ᠵᠢᠭᠡᠯᠡᠯᠭᠡ 2.2 | ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠬᠡᠪᠴᠢᠶ᠎ᠡ ᠨᠢ ᠲᠦᠷᠦᠭᠦᠸ ᠲᠠᠪᠤᠨ ᠵᠢᠯ ᠤᠨ ᠨᠡᠶᠢᠯᠡᠪᠦᠷᠢ ᠠᠴᠠ | ᠳᠠᠪᠠᠭᠰᠠᠨ ᠪᠠᠶᠢᠨ᠎ᠠ᠃ 2021 ᠣᠨ ᠳᠤ᠂ ᠳᠤᠮᠳᠠᠳᠤ ᠤᠯᠤᠰ ᠤᠨ ᠦᠢᠯᠡᠳᠬᠦ ᠦᠢᠯᠡᠰ ᠤᠨ ᠳᠤᠮᠳᠠ ᠣᠷᠳᠣ | ᠬᠤᠭᠤᠴᠠᠭᠠᠨ ᠤ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ 30% ᠶᠢ ᠳᠠᠪᠠᠵᠠᠢ᠂ ᠡᠭᠦᠨ ᠳᠤ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠳᠤᠮᠳᠠ ᠣᠷᠳᠣ ᠬᠤᠭᠤᠴᠠᠭᠠᠨ ᠤ ᠵᠢᠭᠡᠯᠡᠯᠭᠡ ᠠᠳᠠᠯᠢ ᠬᠤᠭᠤᠴᠠᠭᠠᠨ ᠤ | ᠬᠢ ᠠᠴᠠ 32.8% ᠪᠠᠷ ᠨᠡᠮᠡᠭᠳᠡᠪᠡᠲ᠋ᠦ᠋ᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ ᠲᠤᠭ᠎ᠠ | 19.2 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.3.ᠨᠡᠮᠡᠭᠳᠡᠵᠦ᠂ | ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠣᠯᠭᠤᠭᠰᠠᠨ ᠡᠷᠦᠬᠡ ᠶᠢᠨ ᠲᠤᠭ᠎ᠠ 4456 ᠲᠦᠮᠡᠨ ᠡᠷᠦᠬᠡ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 38% ᠨᠡᠮᠡᠭᠳᠡᠵᠡᠢ᠃ ᠣᠷᠳᠣ ᠬᠤᠭᠤᠴᠠᠭᠠᠨ ᠤ ᠲᠤᠷᠰᠢ᠂ ᠮᠠᠨ ᠤ | ᠤᠯᠤᠰ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ | ᠦᠨᠳᠦᠰᠦᠨ ᠠᠴᠠ ᠨᠢ ᠰᠢᠢᠳᠪᠦᠷᠢᠯᠡᠭᠡᠳᠦᠢ ᠪᠠᠶᠢᠭᠰᠠᠭᠠᠷ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠳᠠᠷᠤᠯᠲᠠ | ᠨᠡᠮᠡᠭᠳᠡᠵᠦ ᠪᠠᠶᠢᠭ᠎ᠠ ᠠᠬᠤᠢ ᠪᠠᠶᠢᠳᠠᠯ ᠳᠣᠣᠷ᠎ᠠ ᠨᠠᠩ ᠲᠣᠪᠣᠶᠢᠮ᠎ᠠ ᠪᠣᠯᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠢ ᠢᠯᠠᠩᠭᠤᠶ᠎ᠠ ᠵᠢᠵᠢᠭ | ᠪᠢᠴᠢᠯ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠦᠭᠡᠢ | ᠬᠥᠭᠵᠢᠯᠲᠡ ᠶᠢ ᠳᠡᠮᠵᠢᠭᠦᠯᠬᠦ ᠪᠠᠨ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠠᠩ ᠴᠢᠨᠠᠷ | ᠰᠠᠶᠢᠲᠠᠢ ᠬᠥᠭᠵᠢᠯᠲᠡ ᠳᠠᠰᠢ ᠤᠷᠤᠭᠰᠢᠯᠠᠬᠤ ᠳᠤ ᠬᠦᠴᠦᠨ ᠨᠡᠮᠡᠷᠢᠯᠡᠬᠦ ᠴᠢᠬᠤᠯᠠᠲᠠᠢ ᠪᠠᠶᠢᠨ᠎ᠠ᠃ ︽ᠲᠥᠷᠥ ᠶᠢᠨ | ᠪᠣᠳᠣᠯᠭ᠎ᠠ ᠨᠤᠭᠤᠳ︾ ᠲᠤ ᠳᠤᠷᠠᠳᠤᠭᠰᠠᠨ ᠨᠢ᠂ 2022 ᠣᠨ ᠳᠤ ᠦᠷᠭᠦᠯᠵᠢᠯᠡᠨ ᠮᠥᠩᠭᠦᠨ ᠭᠦᠢᠯᠭᠡᠭᠡᠨ ᠤ | ᠰᠢᠰᠲ᠋ᠧᠮ ᠤᠨ ᠪᠣᠳᠠᠲᠤ ᠴᠣᠭᠴᠠ ᠶᠢᠨ ᠠᠵᠤ ᠠᠬᠤᠢ ᠳᠤ ᠠᠰᠢᠭ ᠬᠦᠷᠲᠡᠭᠡᠬᠦ ᠶᠢ ᠬᠥᠲᠥᠯᠥᠨ ᠵᠢᠯᠤᠭᠤᠳᠴᠤ᠂ | ᠦᠢᠯᠡᠳᠬᠦ ᠦᠢᠯᠡᠰ ᠤᠨ ᠳᠤᠮᠳᠠ ᠤᠷᠲᠤ ᠬᠤᠭᠤᠴᠠᠭᠠᠨ ᠤ ᠵᠢᠭᠡᠯᠡᠯᠭᠡ ᠶᠢᠨ ᠦᠷᠭᠦᠯᠵᠢᠯᠡᠨ ᠨᠡᠯᠢᠶᠡᠳ ᠲᠦᠷᠭᠡᠨ | ᠨᠡᠮᠡᠭᠳᠡᠯ ᠢ ᠪᠠᠲᠤᠯᠠᠵᠤ᠂ ᠣᠷᠣᠨ ᠨᠤᠲᠤᠭ ᠤᠨ ᠬᠠᠤᠯᠢ ᠶᠢᠨ ᠡᠲᠡᠭᠡᠳ ᠤ ᠪᠠᠩᠬᠢ ᠶᠢᠨ ᠨᠡᠶᠢᠳᠡᠮ ᠬᠠᠷᠠᠭᠠᠯᠵᠠᠬᠤ | ᠵᠢᠵᠢᠭ ᠪᠢᠴᠢᠯ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠵᠣᠷᠢᠭᠵᠢᠭᠤᠯᠵᠤ᠂ ᠨᠡᠭᠦᠷᠡᠰᠦ ᠴᠠᠬᠢᠯᠭᠠᠨ ᠵᠡᠷᠭᠡ ᠠᠵᠢᠯ | ᠲᠥᠷᠥᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ | ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠨᠡᠭᠦᠷᠡᠰᠦ ᠶᠢ ᠠᠷᠢᠭᠤᠨ ᠴᠡᠪᠡᠷ ᠥᠨᠳᠥᠷ ᠦᠷ᠎ᠡ | ᠪᠦᠲᠦᠮᠵᠢᠲᠡᠶ ᠪᠠᠷ ᠠᠰᠢᠭᠯᠠᠬᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ | ᠦᠢᠯᠡᠳᠬᠦ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ | ᠥᠷᠭᠡᠳᠬᠡᠨ᠂ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠦᠢᠯᠡᠳᠪᠦᠷᠢ ᠶᠢᠨ ᠠᠵᠤ | ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠬᠤ ᠳᠤ ᠠᠰᠢᠭᠲᠠᠢ ᠪᠣᠯᠭᠠᠨ᠎ᠠ᠃ | | | | ᠬᠤᠶᠠᠷ᠂ ᠲᠥᠷᠥᠯ ᠵᠦᠢᠯ ᠪᠠ ᠢᠨᠵᠧᠨᠧᠷᠢᠩ ᠤᠨ ᠪᠡᠯᠡ ᠣᠷᠣᠭᠤᠯᠤᠯᠲᠠ ᠶᠢ ᠴᠢᠩᠭᠠᠳᠬᠠᠵᠤ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠡᠭᠡᠳᠦ ᠲᠠᠰ ᠤᠨ ᠲᠣᠭᠠᠴᠢᠯᠠᠭᠰᠠᠨ ᠬᠡᠯᠪᠡᠷᠢ ᠶᠢᠨ | ᠬᠤᠪᠢᠷᠠᠭᠤᠯᠤᠯᠲᠠ ᠶᠢ ᠲᠦᠷᠭᠡᠳᠬᠡᠨ᠎ᠡ | | | | ᠠᠵᠤ ᠦᠢᠯᠡᠳᠪᠦᠷᠢ ᠶᠢᠨ ᠨᠡᠮᠡᠭᠳᠡᠯ ᠤᠨ ᠵᠠᠭᠪᠤᠷ ᠢ ᠨᠡᠭᠦᠷᠡᠰᠦᠲᠥ᠋ᠷᠥᠭᠴᠢ ᠪᠠᠭ᠎ᠠ ᠪᠣᠯᠭᠠᠬᠤ ᠶᠠᠪᠤᠳᠠᠯ ᠢ | ᠲᠦᠷᠭᠡᠳᠬᠡᠨ᠎ᠡ᠃ ᠣᠶᠢᠷ᠎ᠠ ᠶᠢᠨ ᠵᠢᠯ ᠤᠳ ᠲᠤ ᠮᠠᠨ ᠤ ᠤᠯᠤᠰ ᠤᠨ ᠡᠨᠧᠷᠭᠢ ᠶᠢᠨ ᠰᠤᠷᠪᠤᠯᠵᠢ ᠶᠢᠨ ᠬᠤᠷᠣᠭᠳᠠᠯ ᠪᠠ | ᠠᠮᠢ ᠠᠬᠤᠢ ᠶᠢᠨ ᠣᠷᠴᠢᠨ ᠨᠥᠬᠦᠴᠡᠯ ᠤᠨ ᠣᠷᠣᠢ ᠶᠢᠨ ᠦᠢᠯᠡᠳᠦᠯ ᠡᠳᠦᠷ ᠢᠷᠡᠬᠦᠶ᠎ᠡ ᠴᠢᠩᠭᠠᠷᠠᠵᠤ᠂ ᠤᠯᠠᠮᠵᠢᠯᠠᠯᠲᠤ | ᠠᠵᠤ ᠦᠢᠯᠡᠳᠪᠦᠷᠢ ᠶᠢᠨ ᠪᠦᠳᠦᠭᠦᠯᠢᠭ ᠬᠥᠭᠵᠢᠯᠲᠡ ᠶᠢᠨ ᠬᠡᠪ ᠵᠠᠭᠪᠤᠷ ᠦᠷᠭᠦᠯᠵᠢᠯᠡᠬᠦᠶ᠎ᠡ ᠪᠡᠷᠬᠡ ᠪᠣᠯᠪᠠ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠣᠨ ᠡᠨᠡᠬᠦ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠠᠬᠢᠭᠤᠯᠬᠤ ᠶᠢ ᠳᠠᠭᠠᠯᠳᠤᠨ᠂ ᠡᠬᠢ | ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠳᠪᠦᠷᠢ ᠶᠢᠨ ᠪᠦᠲᠦᠴᠡ ᠪᠣᠯᠣᠨ ᠰᠢᠨ᠎ᠡ | ᠬᠡᠯᠪᠡᠷᠢ ᠶᠢᠨ ᠵᠠᠭᠪᠤᠷ ᠢ ᠲᠦᠷᠭᠡᠨ ᠪᠦᠷᠢᠯᠳᠦᠭᠦᠯᠬᠦ ᠨᠢ ᠵᠠᠶᠢᠯᠠᠰᠢ ᠦᠭᠡᠢ ᠶᠤᠮ᠃ ᠠᠵᠤ ᠦᠢᠯᠡᠳᠪᠦᠷᠢ ᠶᠢᠨ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ | ᠠᠬᠢᠭᠤᠯᠬᠤ ᠨᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠭᠤᠯᠤᠯ ᠤᠨ ᠪᠣᠬᠢᠷᠲᠤᠯ ᠤᠨ ᠲᠦᠪᠰᠢᠨ ᠢ | ᠪᠠᠭᠤᠷᠠᠭᠤᠯᠵᠤ᠂ ᠪᠦᠲᠦᠮᠵᠢᠲᠡᠢ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠤᠯᠠᠮ ᠠᠴᠠ ᠡᠬᠢ ᠪᠠᠶᠠᠯᠢᠭ | ᠣᠷᠴᠢᠨ ᠲᠣᠭᠤᠷᠢᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠢᠵᠠᠭᠠᠷᠯᠠᠯ ᠢ ᠨᠠᠮᠳᠠᠭᠤᠯᠬᠤ ᠳᠤ | ᠠᠰᠢᠭᠲᠠᠢ ᠪᠠᠷ ᠪᠠᠷᠠᠬᠤ ᠦᠭᠡᠢᠪᠠᠰᠠ ᠪᠡᠯᠡ ᠣᠷᠣᠭᠤᠯᠤᠯᠲᠠ ᠶᠢᠨ ᠬᠤᠯᠪᠣᠭᠳᠠᠭᠤᠯᠤᠨ ᠳᠠᠶᠢᠴᠢᠯᠠᠬᠤ ᠦᠢᠯᠡᠳᠦᠯ ᠢᠶᠠᠷ | ᠳᠠᠮᠵᠢᠭᠤᠯᠤᠨ᠂ ᠪᠣᠬᠢᠷᠲᠤᠯ ᠦᠭᠡᠢ ᠦᠢᠯᠡᠳᠬᠦᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠥᠷᠭᠡᠳᠬᠡᠨ | ᠥᠷᠭᠡᠳᠬᠡᠵᠦ᠂ ᠡᠭᠦᠨ ᠤ ᠤᠯᠠᠮ ᠢᠶᠠᠷ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ | ᠵᠠᠭᠪᠤᠷ ᠢ ᠪᠣᠶ ᠪᠣᠯᠭᠠᠬᠤ ᠪᠠ ᠪᠤᠵᠠᠭᠠᠶᠢᠷᠠᠭᠤᠯᠬᠤ ᠳᠤ ᠠᠰᠢᠭᠲᠠᠢ ᠶᠤᠮ᠃ ᠡᠭᠦᠨ ᠤ ᠲᠤᠯᠠᠳᠠ᠂ ︽ᠲᠥᠷᠥ ᠶᠢᠨ | ᠪᠣᠳᠣᠯᠭ᠎ᠠ ᠨᠤᠭᠤᠳ︾ ᠨᠢ ᠨᠢᠭᠡ ᠲᠠᠯ᠎ᠠ ᠪᠠᠷ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠲᠠᠯ᠎ᠠ ᠠᠴᠠ | ᠡᠭᠦᠰᠴᠦ᠂ ᠲᠣᠮᠣ ᠬᠡᠯᠪᠡᠷᠢ ᠶᠢᠨ ᠰᠠᠯᠬᠢᠨ ᠭᠡᠷᠡᠯ ᠤᠨ ᠴᠠᠬᠢᠯᠭᠠᠨ ᠭᠡᠷᠡᠯ ᠸᠣᠯᠲ ᠤᠨ ᠰᠠᠭᠤᠷᠢᠨ ᠭᠠᠵᠠᠷ᠂ ᠲᠠᠷᠬᠠᠮᠠᠯ | ᠬᠡᠯᠪᠡᠷᠢ ᠶᠢᠨ ᠭᠡᠷᠡᠯ ᠸᠣᠯᠲ᠂ ᠳᠠᠯᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠵᠡᠷᠭᠡ ᠰᠢᠨ᠎ᠡ ᠡᠨᠧᠷᠭᠢ ᠶᠢᠨ | ᠰᠤᠷᠪᠤᠯᠵᠢ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠶᠢ ᠳᠤᠷᠠᠳᠤᠭᠰᠠᠨ ᠪᠥᠭᠡᠳ ᠤᠯᠠᠮᠵᠢᠯᠠᠯᠲᠤ | ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢ ᠥᠭᠡᠷᠡᠴᠢᠯᠡᠨ ᠳᠡᠰ ᠳᠡᠪᠰᠢᠭᠦᠯᠬᠦ ᠶᠢ ᠴᠢᠩᠭᠠᠳᠬᠠᠨ᠎ᠠ ᠭᠡᠵᠦ | ᠳᠤᠷᠠᠳᠤᠭᠰᠠᠨ ᠪᠠᠶᠢᠨ᠎ᠠ᠃ ᠨᠥᠭᠦᠭᠡ ᠲᠠᠯ᠎ᠠ ᠪᠠᠷ ᠪᠠᠰᠠ ᠡᠨᠧᠷᠭᠢ ᠶᠢᠨ ᠬᠡᠷᠡᠭᠴᠡᠭᠡᠨ ᠤ ᠲᠠᠯ᠎ᠠ ᠠᠴᠠ ᠡᠭᠦᠰᠴᠦ᠂ | ᠥᠨᠳᠥᠷ ᠠᠴᠢᠶᠠᠲᠤ ᠡᠨᠧᠷᠭᠢ ᠶᠢᠨ ᠠᠵᠤ ᠦᠢᠯᠡᠳᠪᠦᠷᠢ ᠳᠤ ᠴᠢᠭᠯᠡᠭᠦᠯᠦᠨ᠂ ᠬᠠᠶᠢᠯᠤᠭᠤᠯᠤᠭᠰᠠᠨ ᠪᠣᠯᠣᠳ᠂ | ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠠᠵᠤ ᠠᠬᠤᠶᠢᠯᠠᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠪᠠᠭᠤᠷᠠᠭᠤᠯᠬᠤ ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠬᠦ ᠪᠠᠷ ᠳᠤᠷᠠᠳᠤᠨ | ᠭᠠᠷᠭᠠᠪᠠ᠃ | | | | ᠠᠵᠤ ᠦᠢᠯᠡᠳᠪᠦᠷᠢ ᠶᠢᠨ ᠥᠷᠢᠰᠦᠯᠳᠦᠭᠡᠨ ᠤ ᠬᠢᠷᠢ ᠲᠦᠪᠰᠢᠨ ᠢ ᠳᠡᠭᠡᠳᠦ ᠲᠡᠰ ᠤᠨ ᠪᠣᠯᠭᠠᠬᠤ ᠳᠤ | ᠬᠦᠴᠦᠤᠷᠳᠤ ᠬᠤᠭᠤᠴᠠᠭᠠᠨ ᠤ ᠲᠤᠷᠰᠢ᠂ ᠮᠠᠨ ᠤ ᠤᠯᠤᠰ ᠤᠨ ᠮᠠᠰᠢ ᠤᠯᠠᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠦᠢᠯᠡᠳᠪᠦᠷᠢᠯᠡᠬᠦ ᠠᠵᠢᠯ ᠢ ᠴᠢᠬᠤᠯᠠᠴᠢᠯᠠᠵᠤ᠂ ᠰᠤᠳᠤᠯᠤᠨ ᠨᠡᠭᠡᠭᠡᠬᠦ ᠶᠢ ᠬᠥᠩᠭᠡᠪᠴᠢᠯᠡᠵᠦ᠂ ᠢᠮᠠᠭᠲᠠ | ᠮᠡᠷᠭᠡᠵᠢᠯ ᠢ ᠳᠠᠭᠠᠬᠤ ᠪᠠ ᠠᠵᠤ ᠦᠢᠯᠡᠰ ᠢ ᠲᠦᠰᠢᠭᠯᠡᠬᠦ ᠪᠠᠶᠢᠷᠢᠨ ᠳᠤ ᠣᠷᠣᠰᠢᠵᠤ᠂ ᠳᠡᠭᠡᠳᠦ ᠲᠡᠰ᠂ | ᠵᠠᠩᠭᠢᠯᠠᠭ᠎ᠠ ᠶᠢᠨ ᠭᠤᠣᠯᠯᠠᠭᠴᠢ ᠪᠠ ᠴᠢᠬᠤᠯᠠ ᠰᠠᠭᠤᠷᠢ ᠭᠤᠭᠴᠤᠭ᠎ᠠ ᠬᠠᠷᠢᠴᠠᠩᠭᠤᠢ ᠪᠠᠷ ᠪᠠᠭᠤᠷᠠᠢ ᠪᠠᠶᠢᠪᠠ᠃ | ᠣᠳᠣᠬᠠᠨ ᠳᠤ ᠠᠵᠤ ᠦᠢᠯᠡᠰ ᠤᠨ ᠥᠷᠢᠰᠦᠯᠳᠦᠭᠡᠨ ᠤ ᠰᠢᠨ᠎ᠡ ᠬᠤᠪᠢᠷᠠᠯᠲᠠ ᠶᠢᠨ ᠡᠮᠦᠨ᠎ᠡ᠂ ᠮᠠᠨ ᠤ ᠤᠯᠤᠰ ᠤᠨ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠢ᠂ ᠰᠠᠭᠤᠷᠢ | ᠨᠢ ᠪᠠᠲᠤ ᠪᠢᠰᠢ ᠪᠠᠶᠢᠬᠤ ᠵᠥᠷᠢᠴᠡᠯ ᠶᠠᠭ ᠲᠣᠪᠣᠶᠢᠮ᠎ᠠ ᠢᠯᠡᠷᠡᠵᠦ᠂ ᠬᠡᠷᠡᠭᠴᠡᠭᠡ ᠶᠢᠨ ᠪᠦᠲᠦᠴᠡ ᠦᠷᠭᠦᠯᠵᠢᠯᠡᠨ ᠲᠡᠰ | ᠳᠠᠪᠰᠢᠵᠤ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠠᠬᠤᠢ ᠪᠠᠶᠢᠳᠠᠯ | ᠳᠣᠣᠷ᠎ᠠ᠂ ᠦᠢᠯᠡᠳᠬᠦ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠴᠢᠩᠭ᠎ᠠ ᠪᠢᠰᠢ ᠪᠠᠶᠢᠬᠤ ᠳᠤᠲᠠᠭᠤᠳᠠᠯ ᠨᠢ | ᠠᠵᠤ ᠦᠢᠯᠡᠳᠪᠦᠷᠢ ᠶᠢᠨ ᠠᠵᠤ ᠠᠬᠤᠢ ᠶᠢᠨ ᠣᠬᠤᠷ ᠬᠤᠭᠤᠴᠠᠭᠠᠨ ᠤ ᠠᠵᠢᠯᠯᠠᠭᠠᠨ ᠳᠤ ᠳᠠᠭᠠᠷᠢᠯᠲᠠ ᠪᠣᠯᠵᠤ | ᠪᠠᠶᠢᠬᠤ ᠪᠠᠷ ᠪᠠᠷᠠᠬᠤ ᠦᠭᠡᠢ᠂ ᠨᠡᠩ ᠴᠤ ᠮᠠᠨ ᠤ ᠤᠯᠤᠰ ᠤᠨ ᠠᠵᠤ ᠦᠢᠯᠡᠳᠪᠦᠷᠢ ᠶᠢᠨ ᠤᠷᠳᠤ ᠬᠤᠭᠤᠴᠠᠭᠠᠨ ᠤ | ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ︽ᠲᠦᠩᠰᠡ ᠶᠢᠨ ᠦᠢᠯᠡᠳᠦᠯ︾ ᠪᠣᠯᠵᠤ ᠪᠠᠶᠢᠨ᠎ᠠ᠃ ᠡᠭᠦᠨ ᠤ ᠲᠤᠯᠠᠳᠠ | ᠂ ︽ᠲᠦᠷᠦ ᠶᠢᠨ ᠪᠣᠳᠣᠯᠭ᠎ᠠ ᠨᠤᠭᠤᠳ︾ ᠨᠢ ᠠᠵᠤ ᠦᠢᠯᠡᠳᠪᠦᠷᠢ ᠶᠢᠨ ᠪᠦᠬᠦᠯᠢ ᠴᠣᠭᠴᠠ ᠶᠢᠨ ᠥᠷᠢᠰᠦᠯᠳᠦᠬᠦ | ᠬᠦᠴᠦᠨ ᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠪᠣᠭᠤᠮᠢ ᠶᠢ ᠲᠠᠶᠢᠯᠬᠤ ᠶᠢᠨ ᠲᠣᠭᠤᠷᠢᠨ ᠳᠤ᠂ ᠦᠢᠯᠡᠳᠬᠦ | ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠠᠵᠤ ᠦᠢᠯᠡᠰ ᠤᠨ ᠰᠠᠭᠤᠷᠢ ᠶᠢ ᠲᠠᠬᠢᠨ | ᠪᠠᠶᠢᠭᠤᠯᠬᠤ ᠵᠡᠷᠭᠡ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠶᠢ ᠳᠤᠷᠠᠳᠤᠨ ᠭᠠᠷᠭᠠᠭᠰᠠᠨ ᠪᠥᠭᠡᠳ ᠲᠡᠷᠢᠭᠦᠨ ᠤ | ᠦᠢᠯᠡᠳᠬᠦ ᠦᠢᠯᠡᠰ ᠤᠨ ᠪᠥᠭᠡᠮᠨᠡᠷᠡᠯ ᠪᠠ ︽ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ | ᠰᠢᠨᠡᠴᠢᠯᠡᠭᠰᠡᠨ︾ ᠠᠵᠤ ᠠᠬᠤᠶᠢᠯᠠᠯ ᠢ ᠲᠦᠷᠭᠡᠪᠴᠢᠯᠡᠨ ᠪᠣᠶᠢᠵᠢᠭᠤᠯᠬᠤ ᠵᠡᠷᠭᠡ ᠬᠤᠯᠪᠣᠭᠳᠠᠯ ᠪᠦᠬᠦᠢ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠵᠠᠢ᠂ ᠡᠭᠦᠨ ᠤ ᠵᠣᠷᠢᠯᠭ᠎ᠠ ᠨᠢ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠲᠡᠰ | ᠳᠡᠪᠰᠢᠬᠦ ᠲᠠᠯᠳᠠ ᠬᠦᠴᠦᠨ ᠢ ᠭᠦᠢᠴᠡᠳ ᠠᠭᠤᠳᠠᠯᠬᠤ ᠶᠢᠨ ᠲᠥᠯᠥᠭᠡ ᠶᠤᠮ᠃ | | | | ᠠᠵᠤ ᠦᠢᠯᠡᠳᠪᠦᠷᠢ ᠶᠢᠨ ᠬᠥᠭᠵᠢᠯᠲᠡ ᠶᠢᠨ ᠬᠡᠯᠪᠡᠷᠢ ᠶᠢᠨ ᠲᠣᠭᠠᠴᠢᠯᠠᠯᠲᠠ ᠶᠢ ᠠᠬᠢᠭᠤᠯᠤᠨ᠎ᠠ᠃ | ᠣᠳᠣᠬᠠᠨ ᠳᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠣᠨ ᠠᠵᠤ | ᠦᠢᠯᠡᠰ ᠤᠨ ᠬᠤᠪᠢᠰᠤᠯᠲᠠ ᠶᠠᠭ ᠥᠷᠨᠢᠨ ᠬᠥᠭᠵᠢᠵᠦ᠂ ᠰᠢᠨ᠎ᠡ ᠦᠢᠯᠡᠳᠪᠦᠷᠢᠯᠡᠬᠦ ᠠᠵᠢᠯ ᠤᠨ ᠡᠯᠧᠮᠧᠨ᠋ᠲ ᠪᠣᠯᠬᠤ | ᠲᠤᠭ᠎ᠠ ᠪᠠᠷᠢᠮᠲᠠ ᠶᠢᠨ ᠦᠢᠯᠡᠳᠦᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ᠃ ᠠᠯᠢ ᠤᠯᠠᠨ ᠴᠢᠬᠤᠯᠠ ᠶᠡᠭᠡ | ᠪᠠ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠰᠢᠪᠲᠤᠯᠤᠯᠲᠠ ᠪᠠ ᠬᠡᠷᠡᠭᠯᠡᠯᠲᠡ ᠶᠢ | ᠲᠦᠷᠭᠡᠳᠬᠡᠬᠦ ᠶᠢ ᠳᠠᠭᠠᠯᠳᠤᠨ᠂ ᠣᠨᠴᠠᠭᠠᠶᠢᠯᠠᠨ ᠰᠢᠯᠵᠢᠮᠡᠯ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ | ᠤᠶᠤᠨ ᠴᠢᠳᠠᠪᠤᠷᠢ᠂ ᠡᠭᠦᠯᠡᠨ ᠪᠣᠳᠣᠯᠲᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ 5G᠂ ᠣᠷᠣᠨ | ᠬᠡᠰᠡᠭ ᠤᠨ ᠬᠡᠯᠬᠢᠶ᠎ᠡ ᠵᠡᠷᠭᠡ ᠲᠣᠭᠠᠴᠢᠯᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠯᠲᠡ ᠶᠢ ᠲᠦᠷᠭᠡᠳᠬᠡᠵᠦ᠂ | ᠡᠯ᠎ᠡ ᠬᠦᠷᠢᠶᠡᠨ ᠳᠤ ᠲᠠᠰᠤᠷᠠᠯᠳᠠ ᠦᠭᠡᠢ ᠠᠭᠤᠰᠤᠯᠴᠠᠨ ᠨᠡᠪᠴᠢᠵᠦ᠂ ᠤᠯᠠᠮᠵᠢᠯᠠᠯᠲᠤ ᠠᠵᠤ ᠦᠢᠯᠡᠳᠪᠦᠷᠢ ᠶᠢᠨ ᠲᠡᠰ | ᠳᠡᠪᠰᠢᠬᠦ ᠬᠤᠪᠢᠰᠤᠯᠲᠠ ᠶᠢ ᠲᠦᠷᠭᠡᠨ ᠲᠠᠶᠢᠴᠢᠯᠠᠵᠦ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠬᠡᠯᠪᠡᠷᠢ | ᠪᠠᠶᠢᠳᠠᠯ ᠢ ᠭᠦᠨᠵᠡᠭᠡᠢ ᠬᠤᠪᠢᠷᠠᠭᠤᠯᠬᠤ ᠪᠣᠯᠣᠨ᠎ᠠ᠃ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠨᠢ ᠮᠡᠷᠭᠡᠵᠢᠯ | ᠪᠣᠯᠣᠨ ᠠᠵᠤ ᠦᠢᠯᠡᠰ ᠤᠨ ᠦᠢᠯᠡᠳᠦᠯᠴᠡᠯ ᠢ ᠠᠬᠢᠭᠤᠯᠬᠤ ᠪᠠᠷ ᠪᠠᠷᠠᠬᠤ ᠦᠭᠡᠢ᠂ ᠪᠠᠰᠠ ᠠᠵᠤ ᠦᠢᠯᠡᠰ ᠠᠯᠤᠰᠯᠠᠨ | ᠠᠭᠤᠰᠤᠯᠴᠠᠬᠤ ᠶᠢ ᠠᠬᠢᠭᠤᠯᠵᠤ᠂ ᠦᠷᠡᠵᠢᠭᠦᠯᠬᠦ ᠲᠣᠭᠠᠨ ᠤ ᠦᠢᠯᠡᠳᠦᠯ ᠢ ᠲᠦᠷᠭᠡᠳᠬᠡᠨ ᠶᠡᠬᠡᠰᠬᠡᠵᠦ᠂ ᠢᠯᠠᠩᠭᠤᠶ᠎ᠠ | ︽ᠲᠣᠭᠠᠴᠢᠯᠠᠭᠰᠠᠨ ᠴᠡᠪᠡᠷ ᠠᠰᠢᠭ︾ ᠢ ᠦᠷᠭᠦᠯᠵᠢᠯᠡᠨ ᠭᠠᠷᠭᠠᠬᠤ ᠶᠢ ᠳᠠᠭᠠᠯᠳᠤᠨ᠂ ᠠᠵᠤ ᠦᠢᠯᠡᠳᠪᠦᠷᠢ ᠶᠢᠨ | ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠵᠦ᠂ ᠦᠢᠯᠡᠳᠬᠦᠨ ᠪᠣᠯᠣᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠶᠢᠨ ᠬᠠᠮᠲᠤ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠲᠠᠰᠤᠷᠠᠯᠲᠠ ᠦᠭᠡᠢ ᠪᠤᠢ ᠪᠣᠯᠭᠠᠵᠤ᠂ ᠲᠣᠭᠠᠴᠢᠯᠠᠭᠰᠠᠨ ᠬᠡᠯᠪᠡᠷᠢ ᠶᠢᠨ | ᠬᠤᠪᠢᠷᠠᠭᠤᠯᠤᠯᠲᠠ ᠶᠢ ᠲᠦᠷᠭᠡᠳᠬᠡᠬᠦ ᠨᠢ ᠨᠢᠭᠡᠨᠲᠡ ᠠᠵᠤ ᠦᠢᠯᠡᠳᠪᠦᠷᠢ ᠶᠢᠨ ᠥᠷᠢᠰᠦᠯᠳᠦᠭᠡᠨ ᠤ ᠰᠢᠨ᠎ᠡ | ᠳᠠᠪᠠᠭᠤᠯᠢᠭ ᠢ ᠲᠠᠬᠢᠨ ᠪᠤᠢ ᠪᠣᠯᠭᠠᠬᠤ ᠶᠢᠨ ᠵᠠᠶᠢᠯᠠᠰᠢ ᠦᠭᠡᠢ ᠶᠠᠪᠤᠬᠤ ᠵᠠᠮ ᠪᠣᠯᠤᠭᠰᠠᠨ ᠪᠠᠶᠢᠨ᠎ᠠ᠃ ᠡᠭᠦᠨ ᠤ | ᠲᠤᠯᠠᠳᠠ᠂ ︽ᠲᠥᠷᠥ ᠶᠢᠨ ᠪᠣᠳᠣᠯᠭ᠎ᠠ ᠨᠤᠭᠤᠳ︾ ᠨᠢ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠣᠭᠤᠷᠢᠨ ᠳᠤ ᠠᠯᠢ ᠣᠯᠠᠨ ᠴᠢᠬᠤᠯᠠ ᠶᠡᠭᠡ ᠢᠨᠵᠧᠨᠧᠷᠢᠩ ᠢ | ᠳᠤᠷᠠᠳᠤᠨ ᠭᠠᠷᠭᠠᠵᠤ᠂ ᠳᠣᠬᠢᠭᠤᠷ ᠲᠤᠯᠤᠭᠠᠨ ᠣᠲᠣ ᠠᠵᠤ ᠦᠶᠢᠯᠡᠰᠵᠢᠯᠲᠡ ᠶᠢᠨ ᠴᠢᠬᠤᠯᠠ ᠶᠡᠭᠡ ᠢᠨᠵᠧᠨᠧᠷᠢᠩ᠂ | ᠲᠣᠮᠣ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠵᠡᠷᠭᠡ ᠶᠢ ᠡᠬᠢᠯᠡᠨ | ᠬᠡᠷᠡᠭᠵᠢᠭᠦᠯᠵᠦ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ | ᠳᠠᠭᠠᠯᠳᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢᠨ | ᠬᠤᠪᠢᠷᠠᠭᠤᠯᠤᠯᠲᠠ ᠶᠢ ᠲᠠᠰᠤᠷᠠᠯᠲᠠ ᠦᠭᠡᠢ ᠲᠦᠷᠭᠡᠳᠬᠡᠬᠦ ᠪᠣᠯᠣᠮᠵᠢ ᠲᠠᠢ ᠪᠠᠶᠢᠨ᠎ᠠ᠃ | | | | ᠭᠤᠷᠪᠠ᠂ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠ ᠬᠤᠯᠪᠤᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠡᠯᠧᠮᠧᠨ᠋ᠲ ᠪᠠ ᠡᠨᠧᠷᠭᠢ ᠶᠢᠨ ᠡᠬᠢ ᠪᠠᠶᠠᠯᠢᠭ ᠤᠨ ᠪᠦᠲᠦᠮᠵᠢᠲᠡᠶ ᠬᠠᠩᠭᠠᠯᠭ᠎ᠠ ᠶᠢ ᠪᠠᠲᠤᠯᠠᠨ᠎ᠠ | | | | ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ | ᠲᠣᠭᠲᠠᠭᠤᠨ ᠠᠵᠢᠯᠯᠠᠭᠠᠨ ᠳᠤ ᠬᠦᠴᠦᠨ ᠨᠡᠮᠡᠷᠢᠯᠡᠨ᠎ᠡ᠃ 2021 ᠣᠨ ᠤ ᠳᠣᠣᠷ᠎ᠠ ᠬᠠᠭᠠᠰ ᠵᠢᠯ ᠠᠴᠠ ᠨᠠᠰᠢ᠂ | ᠳᠡᠯᠡᠬᠡᠢ ᠶᠢᠨ ᠨᠡᠭᠦᠷᠡᠰᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠩᠭᠠᠯᠭ᠎ᠠ ᠬᠡᠷᠡᠭᠴᠡᠭᠡ ᠶᠢᠨ | ᠳᠠᠷᠤᠯᠲᠠ ᠨᠡᠮᠡᠭᠳᠡᠵᠦ᠂ ᠦᠨ᠎ᠡ ᠬᠠᠩᠰᠢ ᠦᠷᠭᠦᠯᠵᠢᠯᠡᠨ ᠥᠰᠴᠦ᠂ ᠤᠯᠤᠰ ᠤᠨ ᠳᠣᠲᠣᠭᠠᠳᠤ ᠶᠢᠨ ᠵᠠᠷᠢᠮ ᠭᠠᠵᠠᠷ | ᠣᠷᠣᠨ ᠳᠤ ᠡᠨᠧᠷᠭᠢ ᠶᠢᠨ ᠬᠠᠩᠭᠠᠯᠭ᠎ᠠ ᠬᠡᠷᠡᠭᠴᠡᠭᠡ ᠲᠡᠩᠴᠡᠭᠦᠷᠢ ᠪᠠᠨ ᠠᠯᠳᠠᠵᠤ᠂ ᠬᠡᠰᠡᠭ ᠮᠤᠵᠢ ᠣᠷᠣᠨ ᠤ | ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠪᠠᠴᠢᠭᠤ ᠪᠣᠯᠤᠭᠰᠠᠨ ᠪᠠᠶᠢᠨ᠎ᠠ᠃ ᠡᠭᠦᠨ ᠤ ᠬᠠᠮᠲᠤ᠂ ᠮᠠᠨ ᠤ | ᠤᠯᠤᠰ ᠤᠨ ᠲᠡᠮᠦᠷ ᠤᠨ ᠠᠭᠤᠷᠬᠠᠢ᠂ ᠵᠡᠰ ᠤᠨ ᠠᠭᠤᠷᠬᠠᠢ ᠵᠡᠷᠭᠡ ᠴᠢᠬᠤᠯᠠ ᠡᠬᠢ ᠪᠠᠶᠠᠯᠢᠭ ᠤᠨ ᠬᠦᠷᠢᠶᠡᠨ ᠳᠠᠬᠢ | ᠭᠠᠳᠠᠭᠠᠳᠤ ᠠᠴᠠ ᠣᠷᠣᠭᠤᠯᠬᠤ ᠳᠤ ᠨᠠᠶᠢᠳᠠᠬᠤ ᠬᠡᠮᠵᠢᠶ᠎ᠡ ᠥᠨᠳᠥᠷ᠂ ᠪᠥᠬᠦ ᠳᠡᠯᠡᠬᠡᠢ ᠶᠢᠨ ᠡᠷᠭᠢᠯᠲᠡ ᠶᠢᠨ ᠴᠢᠨᠠᠷᠲᠠᠢ | ᠦᠯᠡᠭᠦᠳᠡᠯ᠂ ᠵᠠᠬ᠎ᠠ ᠳᠡᠯᠭᠡᠭᠦᠷ ᠤᠨ ᠬᠥᠭᠡᠷᠭᠡᠳᠡᠯ᠂ ᠵᠢᠱᠢᠯᠲᠡ ᠪᠠᠴᠢᠮ ᠪᠠᠶᠢᠬᠤ ᠵᠡᠷᠭᠡ ᠡᠯᠧᠮᠧᠨ᠋ᠲ ᠤᠨ ᠨᠥᠯᠥᠭᠡᠯᠡᠯ | ᠳᠣᠣᠷ᠎ᠠ᠂ ᠲᠡᠮᠦᠷ ᠤᠨ ᠠᠭᠤᠷᠬᠠᠢ᠂ ᠵᠡᠰ ᠤᠨ ᠠᠭᠤᠷᠬᠠᠢ᠂ ᠰᠢᠯ ᠵᠡᠷᠭᠡ ᠶᠡᠭᠡ ᠬᠡᠮᠵᠢᠶᠡᠨ ᠤ ᠲᠠᠸᠠᠷ ᠵᠢᠴᠢ ᠬᠥᠪᠥᠩ᠂ | ᠰᠢᠷ᠎ᠠ ᠪᠤᠷᠴᠠᠭ ᠵᠡᠷᠭᠡ ᠳᠡᠭᠡᠳᠦ ᠤᠷᠤᠰᠬᠠᠯ ᠤᠨ ᠲᠦᠭᠦᠬᠡᠢ ᠮᠠᠲ᠋ᠧᠷᠢᠶᠠᠯ ᠳᠤ ᠴᠥᠮ ᠦᠨ᠎ᠡ ᠬᠠᠩᠰᠢ ᠣᠷᠳᠣ | ᠬᠤᠭᠤᠴᠠᠭ᠎ᠠ ᠪᠠᠷ ᠥᠰᠬᠦ ᠬᠤᠪᠢᠷᠠᠯᠲᠠ ᠭᠠᠷᠴᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠥᠪᠡᠷ ᠤᠨ | ᠥᠷᠲᠡᠭ ᠢ ᠬᠦᠨᠳᠦ ᠨᠣᠴᠢᠲᠠᠢ ᠳᠠᠷᠤᠭᠠᠰᠤ ᠲᠠᠢ ᠪᠣᠯᠭᠠᠵᠠᠢ᠃ 2021 ᠣᠨ ᠳᠤ᠂ ᠮᠠᠨ ᠤ ᠤᠯᠤᠰ ᠤᠨ ᠭᠠᠳᠠᠭᠠᠳᠤ | ᠠᠴᠠ ᠣᠷᠣᠭᠤᠯᠤᠭᠰᠠᠨ ᠲᠡᠮᠦᠷ ᠤᠨ ᠬᠦᠳᠡᠷ ᠨᠡᠶᠢᠲᠡ 11.2 ᠳ᠋ᠦᠩᠰᠢᠭᠤᠷ ᠲᠣᠨ ᠪᠠᠶᠢᠵᠤ᠂ ᠳᠤᠮᠳᠠᠴᠢ ᠦᠨ᠎ᠡ ᠨᠢ | ᠲᠣᠨ ᠪᠦᠷᠢ ᠳᠡᠭᠡᠨ 164 ᠳ᠋ᠣᠯᠯᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 55.3% ᠪᠠᠷ ᠥᠰᠴᠡᠢ᠃ | ᠵᠡᠰ ᠤᠨ ᠨᠠᠷᠢᠯᠢᠭ ᠬᠦᠳᠡᠷ ᠤᠨ ᠭᠠᠳᠠᠭᠠᠳᠤ ᠠᠴᠠ ᠣᠷᠣᠭᠤᠯᠤᠭᠰᠠᠨ ᠵᠣᠭᠤᠰᠤᠨ ᠲᠤᠭ᠎ᠠ 567.6 ᠳ᠋ᠦᠩᠰᠢᠭᠤᠷ | ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 55.6% ᠨᠡᠮᠡᠭᠳᠡᠪᠡ᠃ ︽ᠲᠦᠷᠦ ᠶᠢᠨ | ᠪᠣᠳᠣᠯᠭ᠎ᠠ ᠨᠤᠭᠤᠳ︾ ᠲᠤ ᠳᠤᠷᠠᠳᠤᠭᠰᠠᠨ ᠨᠢ᠂ ᠴᠢᠬᠤᠯᠠ ᠲᠦᠭᠦᠬᠡᠢ ᠮᠠᠲ᠋ᠧᠷᠢᠶᠠᠯ ᠪᠠ ᠠᠩᠬᠠᠨ ᠤ | ᠦᠢᠯᠡᠳᠬᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ | ᠨᠥᠬᠦᠴᠡᠯ ᠳᠤ ᠨᠡᠶᠢᠴᠡᠬᠦ ᠠᠭᠤᠷᠬᠠᠢ ᠶᠢᠨ ᠭᠠᠷᠤᠯᠲᠠ ᠶᠢ ᠨᠡᠭᠡᠭᠡᠨ ᠠᠰᠢᠭᠯᠠᠬᠤ ᠵᠦᠢᠯᠡᠰ ᠪᠠ ᠳᠠᠬᠢᠯᠲᠠ ᠡᠬᠢ | ᠪᠠᠶᠠᠯᠢᠭ ᠤᠨ ᠠᠰᠢᠭᠯᠠᠯᠲᠠ ᠶᠢ ᠲᠦᠯᠬᠢᠨ ᠠᠬᠢᠭᠤᠯᠬᠤ ᠨᠢ ᠡᠬᠢ ᠪᠠᠶᠠᠯᠢᠭ ᠡᠨᠧᠷᠭᠢ ᠶᠢᠨ ᠰᠤᠷᠪᠤᠯᠵᠢ ᠶᠢᠨ | ᠲᠣᠭᠲᠠᠭᠤᠨ ᠬᠠᠩᠭᠠᠯᠭ᠎ᠠ ᠪᠠ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠢ ᠶᠤᠮ᠃ | | | | ᠭᠠᠵᠠᠷ ᠰᠢᠷᠣᠢ ᠬᠠᠩᠭᠠᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠵᠤ ᠦᠢᠯᠡᠳᠪᠦᠷᠢ ᠳᠤ | ᠬᠡᠷᠡᠭᠯᠡᠬᠦ ᠭᠠᠵᠠᠷ ᠰᠢᠷᠣᠢ ᠶᠢᠨ ᠬᠠᠷᠢᠮᠠᠬᠠᠢ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠲᠠ | ᠪᠠᠯᠭᠠᠰᠤᠵᠢᠯᠲᠠ ᠶᠢᠨ ᠠᠯᠬᠤᠴᠠ ᠶᠢᠨ ᠲᠦᠷᠭᠡᠳᠬᠦ ᠶᠢ ᠳᠠᠭᠠᠯᠳᠤᠨ᠂ ᠴᠢᠬᠤᠯᠠ ᠡᠯᠧᠮᠧᠨ᠋ᠲ ᠤᠨ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠲᠦᠷᠭᠡᠳᠬᠦ ᠶᠢ ᠳᠠᠭᠠᠯᠳᠤᠨ᠂ ᠭᠠᠵᠠᠷ ᠰᠢᠷᠣᠢ ᠶᠢᠨ ᠡᠬᠢ ᠪᠠᠶᠠᠯᠢᠭ ᠤᠨ | ᠬᠤᠮᠰᠠᠳᠠᠯ ᠡᠳᠦᠷ ᠢᠷᠡᠬᠦᠶ᠎ᠡ ᠢᠯᠡᠷᠡᠵᠦ᠂ ᠡᠭᠦᠨ ᠤ ᠳᠡᠭᠡᠷ᠎ᠡ ᠭᠠᠵᠠᠷ ᠰᠢᠷᠣᠢ ᠶᠢ ᠡᠷᠴᠢᠮᠵᠢᠭᠦᠯᠦᠨ ᠠᠰᠢᠭᠯᠠᠬᠤ | ᠤᠳᠤᠷᠢᠳᠤᠮᠵᠢ ᠴᠢᠩᠭᠠᠷᠠᠵᠤ᠂ ᠭᠠᠵᠠᠷ ᠰᠢᠷᠣᠢ ᠪᠠᠴᠢᠮ ᠬᠡᠷᠡᠭᠯᠡᠬᠦ᠂ ᠥᠪᠡᠷ ᠤᠨ ᠥᠷᠲᠡᠭ ᠤᠨ ᠳᠡᠭᠡᠭᠰᠢᠯᠡᠯᠲᠡ ᠨᠢ | ᠠᠵᠤ ᠦᠢᠯᠡᠳᠪᠦᠷᠢ ᠶᠢᠨ ᠬᠥᠭᠵᠢᠯᠲᠡ ᠶᠢᠨ ᠬᠠᠲᠠᠭᠤ ᠬᠢᠵᠠᠭᠠᠷᠯᠠᠯ ᠪᠣᠯᠤᠭᠰᠠᠨ ᠪᠠᠶᠢᠨ᠎ᠠ᠃ ᠡᠭᠦᠨ ᠤ ᠵᠡᠷᠭᠡ ᠳᠤ᠂ | ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠳᠤ ᠪᠠᠰᠠ ᠡᠬᠢ ᠪᠠᠶᠠᠯᠢᠭ ᠤᠨ ᠲᠣᠬᠢᠷᠠᠭᠤᠯᠤᠯᠲᠠ ᠰᠢᠯᠢᠳᠡᠭ | ᠪᠤᠰᠤ᠂ ᠰᠢᠯᠵᠢᠭᠦᠯᠦᠨ ᠥᠭᠴᠦ ᠬᠡᠷᠡᠭᠯᠡᠬᠦ ᠬᠠᠷᠢᠮᠠᠬᠠᠢ ᠴᠢᠨᠠᠷ ᠢᠶᠠᠷ ᠳᠤᠲᠠᠮᠠᠭ᠂ ᠬᠤᠶᠠᠳᠤᠭᠠᠷ ᠳᠡᠰ ᠤᠨ ᠵᠠᠬ᠎ᠠ | ᠳᠡᠯᠭᠡᠭᠦᠷ ᠤᠨ ᠪᠤᠶᠢᠵᠢᠯᠲᠠ ᠬᠦᠷᠦᠯᠴᠡᠬᠦ ᠦᠭᠡᠢ᠂ ᠰᠤᠯᠠ ᠲᠠᠯᠪᠢᠵᠤ ᠬᠡᠷᠡᠭᠯᠡᠬᠦ ᠭᠠᠵᠠᠷ ᠰᠢᠷᠣᠢ ᠶᠢ ᠠᠮᠢᠳᠤᠯᠢᠭ ᠢᠶᠠᠷ | ᠠᠰᠢᠭᠯᠠᠬᠤ ᠨᠢ ᠰᠢᠯᠤᠭᠤᠨ ᠪᠤᠰᠤ ᠵᠡᠷᠭᠡ ᠠᠰᠠᠭᠤᠳᠠᠯ ᠣᠷᠣᠰᠢᠵᠤ᠂ ᠠᠵᠤ ᠦᠢᠯᠡᠳᠪᠦᠷᠢ ᠶᠢᠨ ᠬᠥᠭᠵᠢᠯᠲᠡ ᠳᠤ | ᠪᠠᠰᠠ ᠪᠦᠲᠦᠴᠡ ᠶᠢᠨ ᠴᠢᠨᠠᠷᠲᠠᠢ ᠨᠥᠯᠥᠭᠡ ᠦᠵᠡᠭᠦᠯᠵᠦ ᠪᠠᠶᠢᠨ᠎ᠠ᠃ ︽ᠲᠥᠷᠥ ᠶᠢᠨ ᠪᠣᠳᠣᠯᠭ᠎ᠠ ᠨᠤᠭᠤᠳ︾ ᠳᠤ᠂ | ᠴᠢᠬᠤᠯᠠ ᠶᠡᠭᠡ ᠵᠦᠢᠯᠡᠰ ᠤᠨ ᠭᠠᠵᠠᠷ ᠰᠢᠷᠣᠢ ᠶᠢᠨ ᠬᠠᠩᠭᠠᠯᠭ᠎ᠠ ᠶᠢ ᠪᠠᠲᠤᠯᠠᠵᠤ᠂ ︽ᠪᠠᠷᠢᠮᠵᠢᠶᠠᠲᠤ ᠭᠠᠵᠠᠷ︾ ᠢ | ᠰᠢᠯᠵᠢᠭᠦᠯᠦᠨ ᠬᠤᠳᠠᠯᠳᠤᠬᠤ᠂ ᠲᠥᠷᠥᠯ ᠬᠡᠯᠪᠡᠷᠢ ᠶᠢ ᠵᠦᠢ ᠵᠣᠬᠢᠰᠲᠠᠢ ᠬᠤᠪᠢᠷᠠᠭᠤᠯᠬᠤ᠂ ᠭᠠᠵᠠᠷ ᠰᠢᠷᠣᠢ ᠶᠢ ᠤᠶᠠᠨ | ᠬᠠᠲᠠᠨ ᠢᠶᠠᠷ ᠬᠠᠩᠭᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠳᠡᠮᠵᠢᠬᠦ ᠨᠢ ᠭᠠᠵᠠᠷ ᠰᠢᠷᠣᠢ ᠶᠢᠨ ᠳᠠᠯᠳᠠ | ᠬᠦᠴᠦᠨ ᠢ ᠤᠯᠠᠮ ᠠᠭᠤᠳᠠᠯᠵᠤ᠂ ᠭᠠᠵᠠᠷ ᠰᠢᠷᠣᠢ ᠶᠢᠨ ᠠᠰᠢᠭᠯᠠᠮᠵᠢ ᠪᠠ ᠦᠷ᠎ᠡ ᠠᠰᠢᠭ ᠢ ᠳᠡᠭᠡᠭᠰᠢᠯᠡᠭᠦᠯᠬᠦ ᠳᠤ | ᠠᠰᠢᠭᠲᠠᠢ ᠶᠤᠮ ᠭᠡᠵᠦ ᠳᠤᠷᠠᠳᠤᠨ ᠭᠠᠷᠭᠠᠵᠠᠢ᠃ | | | | ᠠᠵᠤ ᠦᠢᠯᠡᠳᠪᠦᠷᠢ ᠶᠢᠨ ᠬᠥᠭᠵᠢᠯᠲᠡ ᠬᠢᠭᠡᠳ ᠣᠷᠴᠢᠨ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ | ᠲᠥᠯᠥᠪᠯᠡᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ | ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠤᠯᠤᠰ ᠤᠨ ︽ᠡᠨᠧᠷᠭᠢ ᠶᠢᠨ ᠬᠤᠷᠣᠭᠳᠠᠭᠤᠯᠤᠯ ᠢ ᠬᠤᠶᠠᠷ ᠢ | ᠬᠢᠵᠠᠭᠠᠷᠯᠠᠬᠤ︾ ᠬᠠᠷᠠᠯᠲᠠ ᠶᠢᠨ ᠱᠠᠭᠠᠷᠳᠠᠯᠭ᠎ᠠ ᠪᠣᠯ ᠶᠡᠷᠦ ᠠᠴᠠ ᠲᠣᠭᠲᠠᠪᠤᠷᠢᠲᠠᠢ᠂ ᠲᠣᠳᠣᠷᠬᠠᠢ ᠪᠠᠶᠢᠳᠠᠭ᠂ ᠭᠡᠪᠡᠴᠦ | ᠵᠠᠷᠢᠮ ᠭᠠᠵᠠᠷ ᠣᠷᠣᠨ ᠳᠤ ᠵᠦᠢ ᠵᠣᠬᠢᠰᠲᠠᠢ ᠨᠢᠭᠡᠳᠦᠯᠲᠡᠢ ᠲᠥᠯᠥᠪᠯᠡᠨ ᠲᠣᠬᠢᠷᠠᠭᠤᠯᠤᠭᠰᠠᠨ ᠢᠶᠠᠷ ᠳᠤᠲᠠᠮᠠᠭ᠂ ᠤᠷᠳᠤ | ᠬᠤᠭᠤᠴᠠᠭ᠎ᠠ ᠪᠠ ᠣᠬᠤᠷ ᠬᠤᠭᠤᠴᠠᠭᠠᠨ ᠤ ᠡᠭᠦᠷᠭᠡ ᠶᠢ ᠵᠣᠬᠢᠴᠠᠭᠤᠯᠤᠭᠰᠠᠨ ᠢᠶᠠᠷ ᠵᠣᠬᠢᠰ ᠦᠭᠡᠢ ᠪᠠᠶᠢᠵᠤ᠂ | ᠡᠨᠧᠷᠭᠢ ᠶᠢᠨ ᠬᠤᠷᠣᠭᠳᠠᠭᠤᠯᠤᠯ ᠢ ᠬᠢᠵᠠᠭᠠᠷᠯᠠᠬᠤ ᠴᠢᠨᠠᠷᠲᠠᠢ ᠭᠦᠢᠴᠡᠳᠬᠡᠬᠦ ᠲᠤᠭ᠎ᠠ ᠶᠢ ᠲᠦᠷ ᠴᠠᠭ ᠲᠤᠭ᠎ᠠ ᠨᠡᠮᠡᠵᠦ | ᠪᠠᠭᠠᠰᠬᠠᠬᠤ ᠶᠢᠨ ᠤᠯᠠᠮ ᠠᠴᠠ ᠠᠵᠤ ᠦᠢᠯᠡᠳᠪᠦᠷᠢ ᠢᠯᠠᠩᠭᠤᠶ᠎ᠠ ᠡᠨᠧᠷᠭᠢ ᠶᠢᠨ ᠳᠠᠭᠠᠭᠠᠴᠠ ᠶᠡᠬᠡᠲᠡᠢ ᠠᠵᠤ | ᠦᠢᠯᠡᠰ ᠤᠨ ᠬᠥᠭᠵᠢᠯᠲᠡ ᠳᠤ ᠨᠥᠯᠥᠭᠡ ᠦᠵᠡᠭᠦᠯᠵᠦ ᠪᠠᠶᠢᠨ᠎ᠠ᠃ ᠵᠠᠷᠢᠮ ᠣᠷᠣᠨ ᠨᠤᠲᠤᠭ ᠤᠨ ᠵᠠᠰᠠᠭ ᠤᠨ | ᠣᠷᠳᠣᠨ ᠬᠠᠯᠲᠤᠰᠬᠢᠪᠡᠯ ᠦᠢᠯᠡᠳᠪᠦᠷᠢᠯᠡᠬᠦ ᠠᠵᠢᠯ ᠢ ᠨᠢ ᠵᠣᠭᠰᠣᠭᠠᠵᠤ ᠡᠭᠦᠳᠡ ᠶᠢ ᠨᠢ ᠬᠠᠭᠠᠯᠭᠠᠬᠤ᠂ ᠤᠷᠢᠳ ᠢᠶᠠᠷ | ᠵᠣᠭᠰᠣᠭᠠᠵᠤ ᠰᠡᠭᠦᠯᠡᠷ ᠨᠢ ᠵᠠᠰᠠᠬᠤ ᠵᠡᠷᠭᠡ ᠳᠥᠭᠦᠮ ᠪᠦᠳᠦᠭᠦᠯᠢᠭ ︽ᠨᠢᠭᠡ ᠯᠡ ᠠᠳᠠᠯᠢ ᠪᠠᠷ ᠱᠠᠭᠠᠷᠳᠠᠬᠤ︾ | ᠠᠵᠢᠯᠯᠠᠭ᠎ᠠ ᠠᠪᠴᠤ᠂ ᠠᠵᠢᠯ ᠲᠦᠷᠦᠯ ᠤᠨ ᠮᠡᠷᠭᠡᠵᠢᠯ ᠤᠨ ᠣᠨᠴᠠᠯᠢᠭ᠂ ᠡᠨᠧᠷᠭᠢ ᠶᠢᠨ ᠰᠤᠷᠪᠤᠯᠵᠢ ᠶᠢᠨ | ᠠᠰᠢᠭᠯᠠᠯᠲᠠ ᠶᠢᠨ ᠦᠷ᠎ᠡ ᠪᠦᠲᠦᠮᠵᠢ᠂ ᠠᠵᠤ ᠠᠬᠤᠢ ᠨᠡᠶᠢᠭᠡᠮ ᠤᠨ ᠦᠷ᠎ᠡ ᠠᠰᠢᠭ ᠵᠡᠷᠭᠡ ᠶᠢ ᠭᠦᠢᠴᠡᠳ | ᠪᠣᠳᠣᠯᠬᠢᠯᠠᠭᠰᠠᠨ ᠦᠭᠡᠢ ᠠᠴᠠ ᠪᠣᠯᠵᠤ ᠠᠵᠤ ᠠᠬᠤᠶᠢᠯᠠᠯ ᠤᠨ ᠲᠣᠭᠲᠠᠭᠤᠨ ᠡᠵᠡᠩᠨᠡᠯᠲᠡ᠂ ᠠᠶᠤᠯᠭᠦᠢ | ᠦᠢᠯᠡᠳᠪᠦᠷᠢᠯᠡᠬᠦ ᠠᠵᠢᠯ ᠪᠠ ᠪᠡᠯᠡ ᠣᠷᠣᠭᠤᠯᠤᠯᠲᠠ ᠶᠢ ᠥᠷᠭᠡᠳᠬᠡᠬᠦ ᠳᠤ ᠮᠠᠭᠤ ᠨᠥᠯᠥᠭᠡ ᠦᠵᠡᠭᠦᠯᠵᠦ ᠪᠠᠶᠢᠨ᠎ᠠ᠃ | ︽ᠲᠥᠷᠥ ᠶᠢᠨ ᠪᠣᠳᠣᠯᠭ᠎ᠠ ᠨᠤᠭᠤᠳ︾ ᠳᠤ᠂ ᠰᠢᠨ᠎ᠡ ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠪᠠ ᠲᠦᠭᠦᠬᠡᠢ ᠮᠠᠲ᠋ᠧᠷᠢᠶᠠᠯ ᠤᠨ ᠡᠨᠧᠷᠭᠢ ᠬᠡᠷᠡᠭᠯᠡᠬᠦ ᠶᠢ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ | ᠶᠡᠷᠦᠩᠬᠡᠢ ᠬᠡᠮᠵᠢᠶ᠎ᠡ ᠶᠢᠨ ᠬᠢᠵᠠᠭᠠᠷᠯᠠᠯ ᠳᠤ ᠣᠷᠣᠭᠤᠯᠬᠤ ᠦᠭᠡᠢ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ | ᠬᠠᠷᠠᠯᠲᠠ ᠶᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠢ | ᠲᠥᠯᠥᠪᠯᠡᠨ ᠬᠢᠨᠠᠨ ᠰᠢᠯᠭᠠᠵᠤ᠂ ᠤᠯᠤᠰ ᠤᠨ ᠴᠢᠬᠤᠯᠠ ᠶᠡᠭᠡ ᠵᠦᠢᠯᠡᠰ ᠤᠨ ᠡᠨᠧᠷᠭᠢ ᠶᠢᠨ ᠬᠤᠷᠣᠭᠳᠠᠯ ᠢ ᠠᠰ ᠲᠤᠨᠢ | ᠵᠢᠭᠰᠠᠭᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠨᠢ ᠠᠵᠤ ᠦᠢᠯᠡᠳᠪᠦᠷᠢ ᠶᠢᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠬᠡᠯᠪᠡᠷᠢ ᠶᠢᠨ ᠬᠤᠪᠢᠷᠠᠭᠤᠯᠤᠯᠲᠠ ᠶᠢ ᠨᠠᠩ ᠰᠠᠶᠢᠲᠤᠷ ᠲᠦᠯᠬᠢᠨ | ᠠᠬᠢᠭᠤᠯᠬᠤ ᠳᠤ ᠠᠰᠢᠭᠲᠠᠢ ᠶᠤᠮ ᠭᠡᠵᠦ ᠳᠤᠷᠠᠳᠤᠨ ᠭᠠᠷᠭᠠᠵᠠᠢ᠃ ︵ᠹᠦ᠋ ᠪᠦᠦ ᠽᠥᠩ ᠰᠢᠦᠢ ᠵᠢᠶᠠᠨ ᠸᠧᠢ ᠢᠦᠢ | ᠰᠢᠨ ᠴᠤᠸᠠᠩ ᠳᠤᠮᠳᠠᠳᠤ ᠤᠯᠤᠰ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠠᠵᠤ | ᠦᠢᠯᠡᠰ ᠤᠨ ᠭᠠᠵᠠᠷ︶ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ︽ᠠᠵᠤ ᠦᠢᠯᠡᠳᠪᠦᠷᠢ ᠶᠢᠨ ᠠᠵᠤ ᠠᠬᠤᠢ ᠶᠢᠨ | ᠲᠣᠭᠲᠠᠭᠤᠨ ᠨᠡᠮᠡᠭᠳᠡᠯ ᠢ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ | ᠤᠨ ᠲᠤᠬᠠᠢ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | | | |