| ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠵᠢᠷᠭᠤᠳᠤᠭᠠᠷ ᠪᠦᠯᠦᠭ ᠤᠨ ᠤᠯᠤᠰ ᠤᠨ ᠲᠠᠰ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠨᠡᠷᠡᠰ ᠢ ᠨᠡᠶᠢᠲᠡᠯᠡᠵᠦ᠂ | ᠠᠯᠠᠱᠠ ᠵᠡᠭᠦᠨ ᠬᠤᠰᠢᠭᠤᠨ ᠤ ᠲᠠᠨᠢᠯᠴᠠᠭᠤᠯᠤᠭᠰᠠᠨ ᠬᠤᠱᠤᠳ ᠠᠷᠠᠳ ᠤᠨ ᠳᠠᠭᠤᠤ ᠶᠢᠨ ᠲᠥᠯᠥᠭᠡᠯᠡᠬᠦ ᠴᠢᠨᠠᠷᠲᠠᠶ | ᠤᠯᠠᠮᠵᠢᠯᠠᠭᠴᠢ ᠣᠶᠣᠨᠪᠢᠯᠢᠭ᠌᠂ ᠱᠠᠯᠪᠤᠷ ᠪᠦᠬᠡ ᠶᠢᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠠᠯᠳ᠋ᠬᠠᠠᠭᠤᠯᠠ᠂ | ᠣᠷᠢᠶᠠᠮᠠᠯ ᠮᠣᠷᠢᠨ ᠬᠢᠯᠭᠠᠰᠣᠨ ᠤ ᠮᠣᠩᠭᠤᠯ ᠲᠠᠩᠺᠡ ︵ᠵᠡᠭᠡᠭᠲᠦ ᠨᠠᠭᠠᠮᠠᠯ︶ ᠶᠢᠨ ᠲᠥᠯᠥᠭᠡᠯᠡᠬᠦ ᠴᠢᠨᠠᠷᠲᠠᠶ | ᠤᠯᠠᠮᠵᠢᠯᠠᠭᠴᠢ ᠭᠡᠷᠡᠯ᠂ ᠠᠯᠠᠱᠠ ᠶᠢᠨ ᠬᠡᠪᠢᠰ ᠨᠡᠬᠡᠬᠦ ᠤᠷ᠎ᠠ ᠮᠡᠷᠭᠡᠵᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ | ᠳ᠋ᠤᠸᠠᠨ ᠯᠢ ᠵᠧᠨ ᠰᠣᠩᠭᠤᠭᠳᠠᠵᠠᠶ᠃ ᠣᠳᠣᠬᠠᠨ ᠪᠣᠯᠲᠠᠯ᠎ᠠ᠂ ᠠᠯᠠᠱᠠ ᠵᠡᠭᠦᠨ ᠬᠤᠰᠢᠭᠤᠨ ᠳᠤ ᠤᠯᠤᠰ ᠤᠨ | ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠨᠡᠶᠢᠲᠡ 8 ᠪᠣᠶ᠃ | ᠣᠪᠣᠭ ᠨᠡᠷ᠎ᠡ᠄ ᠣᠶᠣᠨᠪᠢᠯᠢᠭ᠌ | | | | ᠣᠶᠣᠨᠪᠢᠯᠢᠭ᠌᠂ 1949 ᠣᠨ ᠤ 2 ᠰᠠᠷ᠎ᠠ ᠳᠤ ᠳᠦᠷᠦᠵᠡᠢ᠂ ᠪᠠᠭ᠎ᠠ ᠠᠴᠠ ᠪᠠᠨ ᠡᠪᠦᠭᠡ ᠠᠪᠤ ᠪᠠᠨ ᠳᠠᠭᠠᠵᠤ | ᠬᠤᠱᠤᠳ ᠠᠷᠠᠳ ᠤᠨ ᠳᠠᠭᠤᠤ ᠶᠢ ᠰᠤᠷᠤᠯᠴᠠᠵᠤ᠂ ᠬᠥᠷᠰᠢ ᠵᠡᠷᠭᠡᠯᠡᠳᠡᠭᠡ ᠶᠢᠨ ᠬᠢᠨ ᠲᠡᠭᠦᠨ ᠢ ᠲᠠᠯ᠎ᠠ ᠨᠤᠲᠤᠭ ᠤᠨ | ︽ᠬᠠᠶᠢᠷᠠᠭᠤᠴᠠᠢ︾ ᠭᠡᠵᠦ ᠳᠠᠭᠤᠳᠠᠳᠠᠭ ᠪᠠᠶᠢᠵᠠᠢ᠃ 1990 ᠣᠨ ᠠᠴᠠ ᠡᠬᠢᠯᠡᠨ᠂ ᠲᠡᠷᠡ ᠨᠢᠭᠡ ᠰᠡᠳᠬᠢᠯ ᠢᠶᠠᠷ | ᠬᠤᠱᠤᠳ ᠠᠷᠠᠳ ᠤᠨ ᠳᠠᠭᠤᠤ ᠶᠢ ᠤᠯᠠᠮᠵᠢᠯᠠᠨ ᠬᠠᠮᠠᠭᠠᠯᠠᠵᠤ ᠳᠡᠯᠭᠡᠷᠡᠭᠦᠯᠬᠦ ᠠᠵᠢᠯ ᠳᠤ ᠬᠦᠴᠦᠯᠡᠨ ᠴᠢᠷᠮᠠᠶᠢᠵᠤ᠂ | ᠶᠡᠭᠡ ᠬᠡᠮᠵᠢᠶᠡᠨ ᠤ ᠬᠤᠱᠤᠳ ᠠᠷᠠᠳ ᠤᠨ ᠳᠠᠭᠤᠤ ᠺᠢᠨᠣ᠋ ᠶᠢᠨ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ ︽ | ᠠᠷᠠᠳ ᠤᠨ ᠳᠠᠭᠤᠤ ᠴᠤᠤᠷᠢᠶᠠᠲᠤᠭᠰᠠᠨ ᠦᠯᠵᠡᠶᠢᠰᠠᠶᠢᠬᠠᠨ︾ ᠮᠠᠯᠴᠢᠳ ᠤᠨ ᠤᠯᠠᠮᠵᠢᠯᠠᠯᠲᠤ ᠰᠣᠶᠣᠯ ᠤᠨ ᠨᠠᠶᠢᠷ᠂ | ︽ᠣᠶᠣᠨᠪᠢᠯᠢᠭ᠌ ᠬᠤᠨᠳᠠᠭᠠᠲᠤ︾ ᠠᠷᠠᠳ ᠤᠨ ᠳᠠᠭᠤᠤ ᠶᠢᠨ ᠤᠷᠤᠯᠳᠤᠭᠠᠨ ᠵᠡᠷᠭᠡ ᠰᠢᠯᠢᠳᠡᠭ ᠤᠯᠠᠮᠵᠢᠯᠠᠯᠲᠤ | ᠰᠣᠶᠣᠯ ᠤᠨ ᠤᠷᠤᠯᠳᠤᠭᠠᠨ ᠢ ᠡᠷᠬᠢᠯᠡᠵᠦ᠂ ᠥᠯᠵᠡᠶᠢᠰᠠᠶᠢᠬᠠᠨ ᠠᠯᠠᠱᠠ ᠶᠢᠨ ᠠᠷᠠᠳ ᠤᠨ ᠳᠠᠭᠤᠤ ᠶᠢᠨ ᠬᠤᠶᠢᠲᠤ | ᠬᠡᠰᠡᠭ ᠤᠨ ᠪᠣᠯᠪᠠᠰᠤᠷᠠᠭᠤᠯᠤᠯ ᠤᠨ ᠲᠥᠪ ᠢ ᠪᠡᠯᠡᠳᠬᠡᠨ ᠪᠠᠶᠢᠭᠤᠯᠵᠤ᠂ ᠪᠡᠶ᠎ᠡ ᠪᠠᠷ ᠢᠶᠠᠨ ᠪᠠᠭᠰᠢᠯᠠᠵᠤ᠂ ᠵᠢᠯ ᠲᠤᠷᠰᠢ | ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠬᠤᠱᠤᠳ ᠤᠨ ᠠᠷᠠᠳ ᠤᠨ ᠳᠠᠭᠤᠤ ᠶᠢ ᠰᠤᠷᠤᠯᠴᠠᠭᠤᠯᠵᠤ᠂ ᠨᠢᠭᠡ | ᠪᠦᠯᠦᠭ ᠰᠢᠯᠢᠳᠡᠭ ᠠᠷᠠᠳ ᠤᠨ ᠳᠠᠭᠤᠴᠢᠨ ᠢ ᠬᠥᠮᠦᠵᠢᠭᠦᠯᠵᠡᠶ᠃ | ᠣᠪᠣᠭ ᠨᠡᠷ᠎ᠡ᠄ ᠠᠯᠳ᠋ᠬᠠᠠᠭᠤᠯᠠ | | | | ᠠᠯᠳ᠋ᠬᠠᠠᠭᠤᠯᠠ᠂ 1963 ᠣᠨ ᠤ 7 ᠰᠠᠷ᠎ᠠ ᠳᠤ ᠲᠥᠷᠥᠵᠡᠢ᠂ 1978 ᠣᠨ ᠠᠴᠠ ᠣᠳᠣ ᠪᠣᠯᠲᠠᠯ᠎ᠠ᠂ | ᠪᠥᠬᠡ ᠶᠢᠨ ᠲᠠᠪᠴᠠᠩ ᠳᠤ ᠢᠳᠡᠪᠬᠢᠳᠡᠢ ᠠᠵᠢᠯᠯᠠᠵᠤ᠂ 2003 ᠣᠨ ᠳᠤ ᠱᠠᠯᠪᠤᠷ ᠪᠦᠬᠡ ᠶᠢᠨ ︽ᠪᠦᠷᠭᠦᠳ︾ | ᠴᠣᠯᠠ ᠬᠦᠷᠳᠡᠪᠡ᠃ ᠠᠯᠠᠱᠠ ᠵᠡᠭᠦᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ | ᠬᠠᠮᠠᠭᠠᠯᠠᠬᠤ ᠨᠡᠶᠢᠭᠡᠮᠯᠢᠭ ᠪᠣᠯᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠰᠠᠭᠤᠷᠢᠨ ᠢ | ᠪᠠᠶᠢᠭᠤᠯᠵᠤ᠂ ᠵᠢᠯ ᠲᠤᠷᠰᠢ ᠱᠠᠯᠪᠤᠷ ᠪᠥᠬᠡ ᠪᠠᠷᠢᠯᠳᠤᠬᠤ ᠶᠢ ᠬᠠᠮᠠᠭᠠᠯᠠᠬᠤ ᠪᠣᠯᠪᠠᠰᠤᠷᠠᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠱᠠᠯᠪᠤᠷ ᠪᠥᠬᠡ ᠪᠠᠷᠢᠯᠳᠤᠬᠤ ᠶᠢ | ᠬᠠᠮᠠᠭᠠᠯᠠᠬᠤ ᠠᠵᠢᠯ ᠢ ᠲᠤᠰᠬᠠᠶᠢᠯᠠᠨ ᠬᠢᠵᠦ᠂ ᠱᠠᠯᠪᠤᠷ ᠪᠥᠬᠡ ᠪᠠᠷᠢᠯᠳᠤᠬᠤ ᠲᠡᠦᠬᠡ ᠶᠢᠨ ᠦᠨᠳᠦᠰᠦ ᠰᠤᠷᠪᠤᠯᠵᠢ᠂ | ᠲᠡᠦᠬᠡ ᠶᠢᠨ ᠮᠠᠲ᠋ᠧᠷᠢᠶᠠᠯ ᠤᠨ ᠲᠤᠭ᠎ᠠ ᠪᠠᠷᠢᠮᠲᠠ ᠶᠢ ᠨᠤᠲᠠᠯᠠᠭᠰᠠᠨ ᠪᠠ ᠬᠠᠮᠠᠭᠠᠯᠠᠨ ᠦᠯᠡᠳᠡᠭᠡᠵᠦ᠂ ᠲᠡᠭᠦᠨ ᠤ ᠤᠯᠠᠨ | ᠵᠢᠯ ᠤᠨ ᠰᠢᠷᠭᠠᠭᠤ ᠴᠢᠷᠮᠠᠶᠢᠯᠭ᠎ᠠ ᠶᠢᠨ ᠳᠣᠣᠷ᠎ᠠ᠂ ᠱᠠᠯᠪᠤᠷ ᠮᠠᠶ᠋ᠢᠭ ᠤᠨ ᠪᠦᠬᠡ ᠪᠠᠷᠢᠯᠳᠤᠬᠤ ᠨᠢ ᠤᠯᠤᠰ ᠤᠨ | ᠳᠣᠲᠣᠭᠠᠳᠤ ᠭᠠᠳᠠᠭᠠᠳᠤ ᠳᠤ ᠪᠦᠬᠦ ᠲᠠᠯ᠎ᠠ ᠪᠠᠷ ᠳᠡᠯᠭᠡᠷᠡᠵᠦ᠂ ᠭᠡᠷᠡᠯ ᠰᠠᠴᠤᠷᠠᠩᠭᠤᠢ ᠠᠮᠵᠢᠯᠲᠠ ᠶᠢ ᠣᠯᠵᠠᠢ᠃ | ᠣᠪᠣᠭ ᠨᠡᠷ᠎ᠡ᠄ ᠭᠡᠷᠡᠯ | | | | ᠭᠡᠷᠡᠯ᠂ 1944 ᠣᠨ ᠤ 11 ᠰᠠᠷ᠎ᠠ ᠳᠤ ᠲᠥᠷᠥᠵᠡᠢ᠂ ᠣᠯᠠᠨ ᠵᠢᠯ ᠤᠨ ᠲᠤᠷᠰᠢ᠂ ᠣᠷᠢᠶᠠᠮᠠᠯ ᠮᠣᠷᠢᠨ | ᠬᠢᠯᠭᠠᠰᠣᠨ ᠤ ᠮᠣᠩᠭᠤᠯ ᠬᠠᠳᠬᠤᠮᠠᠯ ︵ᠵᠡᠭᠡᠭᠲᠦ ᠨᠠᠭᠠᠮᠠᠯ︶ ᠤᠨ ᠤᠷ᠎ᠠ ᠮᠡᠷᠭᠡᠵᠢᠯ ᠤᠨ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠰᠠ ᠣᠷᠢᠶᠠᠮᠠᠯ ᠮᠣᠷᠢᠨ ᠬᠢᠯᠭᠠᠰᠣᠨ ᠤ ᠮᠣᠩᠭᠤᠯ ᠬᠠᠳᠬᠤᠮᠠᠯ ︵ᠵᠡᠭᠡᠭᠲᠦ | ᠨᠠᠭᠠᠮᠠᠯ︶ ᠤᠨ ᠤᠷ᠎ᠠ ᠮᠡᠷᠭᠡᠵᠢᠯ ᠢ ᠬᠤᠪᠴᠠᠰᠤ ᠵᠠᠰᠠᠯ᠂ ᠭᠠᠷ ᠤᠷᠠᠯᠠᠯ ᠤᠨ ᠪᠦᠲᠦᠭᠡᠭᠳᠡᠬᠦᠨ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠳᠤ ᠬᠡᠷᠡᠭᠯᠡᠵᠦ᠂ ᠣᠷᠢᠶᠠᠮᠠᠯ ᠮᠣᠷᠢᠨ ᠬᠢᠯᠭᠠᠰᠣᠨ ᠤ ᠮᠣᠩᠭᠤᠯ ᠬᠠᠳᠬᠤᠮᠠᠯ ︵ | ᠵᠡᠭᠡᠭᠲᠦ ᠨᠠᠭᠠᠮᠠᠯ︶ ᠤᠨ ᠤᠷ᠎ᠠ ᠮᠡᠷᠭᠡᠵᠢᠯ ᠤᠨ ᠰᠣᠶᠣᠯ ᠤᠨ ᠠᠭᠤᠯᠤᠭᠳᠠᠬᠤᠨ ᠢ ᠤᠯᠠᠮ ᠴᠢᠨᠠᠭᠰᠢᠳᠠ | ᠪᠠᠶᠠᠯᠢᠭᠵᠢᠭᠤᠯᠤᠭᠰᠠᠨ ᠪᠠᠶᠢᠨ᠎ᠠ᠃ 2005 ᠣᠨ ᠠᠴᠠ ᠡᠬᠢᠯᠡᠨ᠂ ᠮᠠᠯᠵᠢᠬᠤ ᠲᠠᠷᠢᠶᠠᠯᠠᠬᠤ ᠣᠷᠣᠨ ᠳᠤ ᠦᠨ᠎ᠡ | ᠲᠦᠯᠪᠦᠷᠢ ᠦᠭᠡᠢ ᠪᠠᠷ ᠪᠣᠯᠪᠠᠰᠤᠷᠠᠯ ᠤᠨ ᠠᠩᠭᠢ ᠡᠷᠭᠢᠯᠡᠵᠦ᠂ ᠣᠷᠢᠶᠠᠮᠠᠯ ᠮᠣᠷᠢᠨ ᠬᠢᠯᠭᠠᠰᠣᠨ ᠤ ᠮᠣᠩᠭᠤᠯ | ᠬᠠᠳᠬᠤᠮᠠᠯ ︵ᠵᠡᠭᠡᠭᠲᠦ ᠨᠠᠭᠠᠮᠠᠯ︶ ᠤᠨ ᠤᠷ᠎ᠠ ᠮᠡᠷᠭᠡᠵᠢᠯ ᠢ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ᠂ ᠵᠡᠮᠳᠡᠭ | ᠬᠥᠮᠦᠰ ᠵᠡᠷᠭᠡ ᠳᠤ ᠲᠥᠯᠥᠪᠦᠷᠢ ᠥᠬᠡᠶ ᠪᠠᠷ ᠤᠯᠠᠮᠵᠢᠯᠠᠵᠤ᠂ ᠦᠨᠳᠦᠰᠦᠨ ᠱᠠᠲᠤᠨ ᠤ ᠡᠮᠡᠭᠲᠡᠶᠢᠴᠦᠳ᠂ ᠭᠠᠷ | ᠤᠷᠠᠯᠠᠯ ᠤᠨ ᠠᠵᠢᠯᠲᠠᠨ ᠢ ᠬᠠᠪᠰᠤᠷᠤᠨ ᠠᠮᠢᠳᠤᠯᠢᠭ ᠢᠶᠠᠷ ᠠᠵᠢᠯ ᠣᠯᠭᠤᠵᠤ᠂ ᠣᠷᠣᠯᠭ᠎ᠠ ᠶᠢ ᠨᠢ ᠲᠣᠭᠲᠠᠭᠤᠨ ᠢᠶᠠᠷ | ᠨᠡᠮᠡᠭᠳᠡᠭᠦᠯᠬᠦ ᠶᠢ ᠪᠡᠶᠡᠯᠡᠭᠦᠯᠪᠡ᠃ ᠤᠷᠢᠳ ᠬᠤᠵᠢᠳ ᠪᠦᠬᠦ ᠤᠯᠤᠰ ᠤᠨ ᠦᠶ᠎ᠡ ᠤᠯᠠᠮᠵᠢᠯᠠᠨ ᠶᠠᠳᠠᠭᠤ ᠶᠢ | ᠲᠡᠳᠬᠦᠬᠦ ᠳᠤ ᠬᠦᠴᠦᠨ ᠨᠡᠮᠡᠷᠢᠯᠡᠭᠰᠡᠨ ᠭᠠᠷᠮᠠᠭᠠᠶ ᠬᠤᠪᠢ ᠨᠡᠮᠡᠷᠢ ᠦᠵᠡᠭᠦᠯᠦᠭᠴᠢ᠂ ᠳᠤᠮᠳᠠᠳᠤ ᠤᠯᠤᠰ ᠤᠨ | ᠵᠡᠮᠳᠡᠭᠴᠦᠳ ᠤᠨ ᠦᠢᠯᠡᠰ ᠤᠨ ᠰᠣᠨᠢᠨ ᠮᠡᠳᠡᠭᠡᠨ ᠤ ᠬᠥᠮᠦᠰ ᠤᠨ ᠣᠨᠴᠠ ᠨᠡᠷ᠎ᠡ ᠳᠤᠷᠠᠳᠤᠭᠰᠠᠨ ᠱᠠᠩᠨᠠᠯ᠂ ᠪᠦᠬᠦ | ᠤᠯᠤᠰ ᠤᠨ ︽3 · 8︾ ᠤ ᠤᠯᠠᠭᠠᠨ ᠲᠤᠭᠴᠢ᠂ ︽ᠤᠮᠠᠷᠠᠲᠤ ᠬᠢᠯᠢ ᠶᠢᠨ ᠤᠷᠠᠨ ᠳᠠᠷᠬᠠᠨ︾ ᠵᠡᠷᠭᠡ ᠢᠷᠠᠭᠤ | ᠠᠯᠳᠠᠷ ᠢ ᠬᠦᠷᠲᠡᠪᠡ᠃ | ᠣᠪᠣᠭ ᠨᠡᠷ᠎ᠡ᠄ ᠳ᠋ᠤᠸᠠᠨ ᠯᠢ ᠵᠧᠨ | | | | ᠳ᠋ᠤᠸᠠᠨ ᠯᠢ ᠵᠧᠨ᠂ 1956 ᠣᠨ ᠤ 10 ᠰᠠᠷ᠎ᠠ ᠳᠤ ᠲᠦᠷᠦᠵᠠᠢ᠂ 1972 ᠣᠨ ᠤ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠲᠡᠭᠦᠰᠦᠭᠰᠡᠨ ᠤ ᠳᠠᠷᠠᠭ᠎ᠠ ᠠᠯᠠᠱᠠ ᠵᠡᠭᠦᠨ ᠬᠤᠰᠢᠭᠤᠨ ᠤ ᠬᠡᠪᠢᠰ ᠤᠨ ᠦᠢᠯᠡᠳᠪᠦᠷᠢ ᠳᠤ | ᠣᠷᠣᠵᠦ ᠣᠲᠣ ᠪᠣᠯᠲᠠᠯ᠎ᠠ ᠠᠯᠠᠱᠠ ᠶᠢᠨ ᠬᠡᠪᠢᠰ ᠤᠨ ᠨᠡᠬᠡᠮᠡᠯ ᠤᠨ ᠠᠵᠢᠯ ᠢ ᠬᠢᠵᠦ ᠪᠠᠶᠢᠨ᠎ᠠ᠃ ᠨᠠᠩ ᠣᠯᠠᠨ | ᠬᠥᠮᠦᠰ ᠢ ᠳᠠᠶᠢᠴᠢᠯᠠᠨ ᠡᠨᠡ ᠬᠦ ᠤᠯᠠᠮᠵᠢᠯᠠᠯᠲᠤ ᠤᠷ᠎ᠠ ᠮᠡᠷᠭᠡᠵᠢᠯ ᠢ ᠰᠤᠷᠤᠯᠴᠠᠨ ᠡᠵᠡᠮᠰᠢᠬᠦ ᠶᠢᠨ ᠲᠥᠯᠥᠭᠡ᠂ ︽ | ᠨᠠᠷᠠᠲᠤ ᠪᠠᠭᠰᠢ ᠶᠢᠨ ᠱᠠᠪᠢ ᠳᠠᠭᠠᠭᠤᠯᠬᠤ ᠠᠵᠢᠯᠯᠠᠬᠤ ᠲᠠᠰᠤᠭ︾ ᠵᠣᠬᠢᠶᠠᠨ ᠪᠠᠶᠢᠭᠤᠯᠵᠤ᠂ ᠠᠯᠠᠱᠠ ᠵᠡᠭᠦᠨ | ᠬᠤᠰᠢᠭᠤᠨ ᠤ ᠬᠡᠪᠢᠰ ᠨᠡᠬᠡᠬᠦ ᠤᠷ᠎ᠠ ᠮᠡᠷᠭᠡᠵᠢᠯ ᠢ ᠤᠯᠠᠮᠵᠢᠯᠠᠨ ᠬᠠᠮᠠᠭᠠᠯᠠᠬᠤ ᠨᠡᠶᠢᠭᠡᠮᠯᠢᠭ ᠢ ᠪᠠᠶᠢᠭᠤᠯᠵᠤ᠂ ᠨᠢᠭᠡ | ᠪᠦᠯᠦᠭ ᠠᠵᠢᠯ ᠠᠯᠳᠠᠭᠰᠠᠳ ᠢ ᠬᠠᠪᠰᠤᠷᠤᠨ ᠳᠠᠬᠢᠨ ᠠᠵᠢᠯ ᠣᠯᠭᠤᠬᠤ ᠶᠢ ᠪᠡᠶᠡᠯᠡᠭᠦᠯᠪᠡ᠃ ᠡᠭᠦᠨ ᠤ ᠬᠠᠮᠲᠤ᠂ | ᠠᠯᠠᠱᠠ ᠶᠢᠨ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ ᠳᠤ ᠪᠠᠷᠤᠭ 40 ᠲᠡᠭᠰᠢ | ᠳᠥᠷᠪᠡᠯᠵᠢᠨ ᠮᠧᠲᠷ ᠤᠨ ᠠᠯᠠᠱᠠ ᠶᠢᠨ ᠡᠷᠲᠡᠨ ᠤ ᠬᠡᠪᠢᠰ ᠤᠨ ᠦᠵᠡᠭᠦᠯᠦᠯᠭᠡ ᠶᠢᠨ ᠲᠢᠩᠬᠢᠮ ᠭᠠᠷᠭᠠᠵᠤ᠂ 70 | ᠭᠠᠷᠤᠶ ᠨᠠᠷᠢᠯᠢᠭ ᠰᠠᠶᠢᠬᠠᠨ ᠠᠯᠠᠱᠠ ᠶᠢᠨ ᠡᠷᠲᠡᠨ ᠤ ᠬᠡᠪᠢᠰ᠂ ᠡᠯᠭᠦᠮᠡᠯ ᠬᠡᠪᠢᠰ ᠵᠡᠷᠭᠡ ᠶᠢ ᠳᠡᠯᠭᠡᠨ ᠦᠵᠡᠭᠦᠯᠵᠦ᠂ | ᠪᠥᠬᠦ ᠤᠯᠤᠰ ᠤᠨ ᠡᠯ᠎ᠡ ᠭᠠᠵᠠᠷ ᠤᠨ ᠲᠦᠮᠡ ᠰᠢᠬᠠᠮ ᠵᠤᠭᠠᠴᠠᠭᠰᠠᠳ ᠬᠦᠷᠴᠦ ᠢᠷᠡᠨ᠂ ᠲᠣᠭᠤᠷᠢᠨ ᠦᠵᠡᠵᠤ | ᠰᠤᠷᠤᠯᠴᠠᠪᠠ᠃ | | |