| 3 ᠰᠠᠷ᠎ᠠ ᠶᠢᠨ 19 ᠤ ᠡᠳᠦᠷ᠂ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠠᠱᠠ | ᠠᠭᠤᠯᠠ ᠨᠡᠶᠢᠭᠡᠮ ᠲᠣᠭᠤᠷᠢᠭ ᠤᠨ ︽ᠬᠥᠷᠰᠢ ᠵᠡᠷᠭᠡᠯᠡᠳᠡᠭᠡ ᠪᠠᠨ ᠬᠠᠪᠰᠤᠷᠬᠤ︾ ᠰᠠᠶᠢᠨ ᠳᠤᠷ᠎ᠠ ᠶᠢᠨ | ᠦᠢᠯᠡᠴᠢᠯᠡᠭᠡᠨ ᠤ ᠲᠥᠷᠥᠯ ᠵᠦᠢᠯ ᠵᠢᠩᠬᠢᠨᠢ ᠪᠠᠷ ᠡᠬᠢᠯᠡᠵᠦ᠂ ︽ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ᠂ | ᠬᠠᠷᠢᠭᠤᠯᠲᠠ ᠥᠭᠬᠦ᠂ ᠭᠡᠷ ᠲᠤᠨᠢ ᠣᠴᠢᠵᠤ ᠬᠠᠯᠠᠮᠵᠢᠯᠠᠬᠤ︾ ᠪᠠᠷ ᠭᠤᠤᠯ ᠪᠣᠯᠭᠠᠵᠤ᠂ ᠡᠯᠪᠡᠭ ᠪᠠᠶᠠᠯᠢᠭ | ᠠᠭᠤᠯᠭ᠎ᠠ ᠲᠠᠢ ᠪᠥᠭᠡᠳ ᠬᠠᠶᠢᠷ᠎ᠠ ᠰᠡᠳᠬᠢᠯᠭᠡ ᠪᠠᠷ ᠪᠢᠯᠬᠠᠭᠰᠠᠨ ᠠᠯᠢ ᠤᠯᠠᠨ ᠦᠢᠯᠡᠴᠢᠯᠡᠭᠡᠨ ᠤ ᠠᠵᠢᠯᠯᠠᠭ᠎ᠠ | ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠨᠡᠨ ᠪᠣᠳᠠᠲᠠᠶ ᠳᠥᠭᠦᠮ ᠪᠠ ᠬᠠᠶᠢᠷ᠎ᠠ | ᠬᠠᠯᠠᠮᠵᠢ ᠶᠢ ᠬᠦᠷᠭᠡᠪᠡ᠃ | ᠠᠯᠠᠱᠠ ᠠᠭᠤᠯᠠ ᠨᠡᠶᠢᠭᠡᠮ ᠲᠣᠭᠤᠷᠢᠭ ᠤᠨ ᠺᠠᠶ ᠯᠦᠩ ᠮᠢᠩ ᠳ᠋ᠦ᠋ ᠰᠠᠭᠤᠭᠠᠯᠢ ᠠᠷᠠᠳ ᠤᠨ ᠲᠣᠭᠤᠷᠢᠭ ᠤᠨ | ᠠᠭᠤᠳᠠᠮ ᠲᠠᠯᠠᠪᠠᠶ ᠳᠤ ᠡᠯ᠎ᠡ ᠵᠦᠢᠯ ᠤᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠠᠵᠢᠯᠯᠠᠭ᠎ᠠ ᠨᠢ ᠮᠠᠰᠢ | ᠣᠯᠠᠨ ᠰᠠᠭᠤᠭᠠᠯᠢ ᠠᠷᠠᠳ ᠤᠨ ᠠᠩᠬᠠᠷᠤᠯ ᠢ ᠲᠠᠲᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠠᠶᠢᠷ᠎ᠠ | ᠬᠠᠯᠠᠮᠵᠢ ᠶᠢᠨ ᠬᠤᠳᠠᠯᠳᠤᠭᠠᠴᠢᠨ ᠨᠡᠶᠢᠭᠡᠮ ᠲᠣᠭᠤᠷᠢᠭ ᠤᠨ 30 ᠬᠦᠴᠢᠷᠳᠡᠯᠲᠡᠶ ᠬᠡᠷ ᠪᠦᠯᠢ ᠳᠤ ᠣᠶᠤᠨᠴᠢ ᠣᠨᠢᠰᠤ | 30 ᠬᠤᠪᠢ ᠬᠠᠨᠳᠢᠪᠯᠠᠭᠰᠠᠨ ᠪᠥᠭᠡᠳ ᠦᠨ᠎ᠡ ᠲᠥᠯᠥᠪᠦᠷᠢ ᠥᠬᠡᠶ ᠪᠠᠷ ᠬᠡᠷ ᠲᠤᠨᠢ ᠬᠦᠷᠴᠦ ᠤᠭᠰᠠᠷᠠᠵᠤ᠂ ᠬᠠᠶᠢᠷ᠎ᠠ | ᠬᠠᠯᠠᠮᠵᠢ ᠪᠠᠷ ᠢᠶᠠᠨ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠪᠠ᠃ | | | | | | | | | | | ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠨᠢᠭᠡᠴᠢ ᠠᠴᠠ ᠬᠠᠮᠵᠢᠯᠴᠠᠨ ᠥᠷᠨᠢᠭᠦᠯᠦᠭᠰᠡᠨ ︽ᠵᠣᠯ | ᠵᠢᠷᠭᠠᠯᠲᠠᠢ ᠥᠷᠲᠡᠭᠡ︾ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠨᠢ ᠬᠦᠮᠦᠰ ᠤᠨ ᠠᠩᠬᠠᠷᠤᠯ ᠢ ᠲᠠᠲᠠᠵᠤ | ᠂ ᠡᠷᠡᠭᠦᠯ ᠮᠡᠨᠳᠦ ᠶᠢᠨ ᠵᠢᠵᠢᠭ ᠥᠷᠥᠭᠡ ᠶᠢᠨ ᠡᠮᠦᠨᠡᠬᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠡᠮᠬᠢ | ᠵᠢᠷᠤᠮ ᠲᠠᠢ ᠶᠠᠪᠣᠭᠳᠠᠪᠠ︔ ᠬᠠᠤᠯᠢ ᠴᠠᠭᠠᠵᠠ ᠶᠢᠨ ᠵᠥᠪᠯᠡᠯᠭᠡ ᠥᠭᠬᠦ ᠲᠠᠪᠴᠠᠩ ᠨᠢ ᠰᠠᠭᠤᠭᠠᠯᠢ ᠠᠷᠠᠳ ᠲᠤ ᠦᠨ᠎ᠡ | ᠲᠦᠯᠪᠦᠷᠢ ᠦᠭᠡᠢ ᠪᠠᠷ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠪᠠ︔ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠤᠨ ᠰᠠᠨᠠᠯ ᠭᠥᠯᠢᠶᠡᠨ ᠠᠪᠬᠤ | ᠲᠠᠪᠴᠠᠩ ᠳᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ᠂ ᠨᠡᠶᠢᠭᠡᠮ ᠤᠨ ᠪᠠᠶᠢᠳᠠᠯ᠂ ᠠᠷᠠᠳ ᠤᠨ | ᠰᠠᠨᠠᠭ᠎ᠠ ᠶᠢ ᠣᠶᠢᠯᠠᠭᠠᠬᠤ ᠳᠤ ᠰᠣᠯᠢᠯᠴᠠᠭᠠᠨ ᠤ ᠲᠠᠪᠴᠠᠩ ᠪᠠᠶᠢᠭᠤᠯᠪᠠ︔ ᠠᠷᠠᠳ ᠲᠤ ᠲᠦᠬᠦᠮ ᠦᠵᠡᠭᠦᠯᠬᠦ | ᠦᠢᠯᠡᠴᠢᠯᠡᠭᠡᠨ ᠤ ᠣᠷᠣᠨ ᠪᠦᠰᠡ ᠨᠢ ᠴᠦ ᠮᠥᠷᠥ ᠵᠡᠷᠭᠡᠴᠡᠨ ᠵᠠᠯᠭᠠᠯᠳᠤᠬᠤ᠂ ᠨᠡᠶᠢᠲᠡ ᠶᠢᠨ ᠮᠠᠰᠢᠨ ᠲᠡᠷᠭᠡᠨ ᠤ | ᠺᠠᠷᠲ ᠢ ᠭᠦᠢᠴᠡᠳᠬᠡᠬᠦ᠂ ᠴᠢᠰᠤᠨ ᠳᠠᠷᠤᠯᠲᠠ ᠶᠢᠨ ᠬᠡᠮᠵᠢᠭᠦᠷ ᠤᠨ ᠪᠠᠶᠢᠴᠠᠭᠠᠨ ᠬᠡᠮᠵᠢᠯᠲᠡ ᠵᠢᠴᠢ ᠨᠡᠶᠢᠭᠡᠮ ᠤᠨ | ᠪᠠᠲᠤᠯᠠᠭ᠎ᠠ ᠶᠢᠨ ᠺᠠᠷᠲ ᠢ ᠭᠦᠢᠴᠡᠳᠬᠡᠬᠦ ᠵᠡᠷᠭᠡ ᠦᠢᠯᠡᠴᠢᠯᠡᠭᠡ ᠨᠢ ᠪᠦᠷᠢᠨ ᠭᠦᠢᠴᠡᠳ ᠪᠠᠶᠢᠯ᠎ᠠ︔ ᠰᠠᠭᠤᠭᠠᠯᠢ ᠠᠷᠠᠳ | ︽ᠬᠠᠮᠲᠤ ᠶᠢᠨ ᠬᠦᠰᠡᠯ ᠤᠨ ᠬᠡᠷᠡᠮ︾ ᠳᠡᠭᠡᠷ᠎ᠡ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ | ᠬᠥᠭᠵᠢᠯᠲᠡ ᠳᠤ ᠳᠤᠷᠠᠳᠤᠭᠰᠠᠨ ᠡᠷᠬᠢᠮ ᠨᠠᠨᠳᠢᠨ ᠰᠠᠨᠠᠭᠤᠯᠭ᠎ᠠ ᠪᠠ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠵᠥᠩᠨᠡᠯ ᠢᠶᠠᠨ ᠪᠢᠴᠢᠪᠡ᠃ | ᠠᠵᠢᠯᠯᠠᠭ᠎ᠠ ᠶᠢᠨ ᠳᠤᠮᠳᠠ᠂ ᠥᠷᠭᠡᠨ ᠣᠯᠠᠨ ᠰᠠᠭᠤᠭᠠᠯᠢ ᠠᠷᠠᠳ ᠪᠠᠶᠠᠷ ᠬᠦᠷ ᠲᠠᠢ ᠠᠭᠤᠷ ᠠᠮᠢᠰᠬᠤᠯ ᠤᠨ | ᠲᠤᠮᠳᠠ ᠪᠠᠩᠰᠢ ᠪᠠᠷᠢᠵᠤ᠂ ᠳᠠᠭᠤᠤ ᠪᠥᠵᠢᠭ ᠰᠣᠨᠢᠷᠬᠠᠭᠰᠠᠨ ᠪᠥᠭᠡᠳ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠣᠶᠣᠯ ᠮᠡᠳᠡᠯᠭᠡ ᠶᠢᠨ ᠠᠰᠠᠭᠤᠯᠲᠠ ᠬᠠᠷᠢᠭᠤᠯᠬᠤ ᠳᠤ | ᠢᠳᠡᠪᠬᠢᠲᠡᠢ ᠣᠷᠣᠯᠴᠠᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠪᠠ ᠨᠥᠬᠦᠷᠯᠡᠯ ᠢᠶᠠᠨ | ᠭᠦᠨᠵᠡᠭᠡᠶᠢᠷᠡᠭᠦᠯᠪᠡ᠃ ︽ᠬᠥᠷᠰᠢ ᠵᠡᠷᠭᠡᠯᠡᠳᠡᠭᠡ︾ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠦᠪᠡᠷ ᠤᠨ | ᠪᠡᠯᠡᠳᠬᠡᠭᠰᠡᠨ ᠠᠮᠢᠳᠤᠷᠠᠯ ᠤᠨ ᠡᠳ᠋ ᠪᠣᠳᠠᠰ ᠢᠶᠠᠨ ᠠᠪᠴᠤ ᠭᠠᠭᠴᠠᠭᠠᠷ ᠰᠠᠭᠤᠭ᠎ᠠ ᠨᠠᠰᠤᠲᠠᠨ ᠪᠠ ᠬᠦᠴᠢᠷᠳᠡᠯᠲᠡᠶ | ᠣᠯᠠᠨ ᠲᠦᠮᠡᠨ ᠤ ᠬᠡᠷ ᠲᠤ ᠬᠦᠷᠴᠦ᠂ ︽ᠬᠡᠷ ᠲᠤᠨᠢ ᠬᠦᠷᠴᠦ ᠬᠠᠯᠠᠮᠵᠢᠯᠠᠬᠤ︾ ᠠᠵᠢᠯᠯᠠᠭ᠎ᠠ ᠥᠷᠨᠢᠭᠦᠯᠪᠡ᠃ | | |