ᠠᠯᠠᠱᠠ ᠵᠡᠭᠦᠨ ᠬᠤᠰᠢᠭᠤ᠄ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠪᠠ
ᠨᠡᠶᠢᠲᠡᠯᠡᠭᠰᠡᠨ ᠴᠠᠭ᠄
2025/4/27
   ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠬᠠᠷᠢᠶᠠᠲᠤ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠲᠤᠰᠬᠠᠶ ᠪᠠᠶᠢᠴᠠᠭᠠᠯᠲᠠ ᠥᠷᠨᠢᠭᠦᠯᠵᠦ᠂ ᠲᠠᠷᠢᠶᠠᠴᠢᠳ ᠤᠨ ᠰᠠᠨᠠᠭ᠎ᠠ ᠠᠮᠤᠷ ᠳᠠᠷᠢᠬᠤ᠂ ᠰᠠᠨᠠᠭ᠎ᠠ ᠠᠮᠤᠷ ᠡᠮ᠂ ᠪᠣᠷᠳᠣᠭᠤᠷ ᠬᠡᠷᠡᠭᠯᠡᠬᠦ ᠶᠢ ᠦᠨᠡᠨ ᠬᠦ ᠪᠠᠲᠤᠯᠠᠪᠠ᠃    ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠡᠯ᠎ᠡ ᠲᠠᠷᠢᠶᠠᠯᠠᠩ ᠤᠨ ᠬᠡᠷᠡᠭᠰᠡᠯ ᠤᠨ ᠳᠡᠯᠭᠡᠭᠦᠷ ᠲᠤ᠂  ᠬᠤᠳᠠᠯᠳᠤᠭᠠᠴᠢᠳ ᠪᠠᠷᠠᠭᠠᠨ ᠤ ᠲᠠᠯᠪᠢᠭᠤᠷ ᠳᠡᠭᠡᠷ᠎ᠡ ᠡᠯ᠎ᠡ ᠲᠦᠷᠦᠯ ᠤᠨ ᠲᠠᠷᠢᠮᠠᠯ ᠤᠨ ᠦᠷ᠎ᠡ ᠶᠢ ᠲᠡᠷᠢ ᠲᠡᠭᠰᠢ ᠲᠠᠯᠪᠢᠵᠤ᠂ ᠬᠤᠳᠠᠯᠳᠤᠨ ᠠᠪᠬᠤ ᠪᠠᠷ ᠢᠷᠡᠭᠰᠡᠨ ᠲᠠᠷᠢᠶᠠᠴᠢᠨ ᠡᠷᠦᠭᠡ ᠲᠠᠰᠤᠷᠠᠯᠳᠡ ᠦᠭᠡᠢ ᠴᠤᠪᠤᠷᠠᠯᠳᠤᠵᠤ ᠪᠠᠶᠢᠪᠠ᠃ ᠨᠥᠭᠡᠴᠡ ᠬᠥᠮᠥᠷᠭᠡ ᠳᠤ ᠨᠡᠶᠢᠯᠡᠮᠡᠯ ᠪᠤᠷᠳᠤᠭᠤᠷ᠂ ᠰᠢᠭᠡᠰᠦᠯᠢᠭ ᠡᠳ᠋ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠣᠪᠣᠭ᠎ᠠ ᠨᠢ ᠲᠡᠷᠢ ᠲᠡᠭᠰᠢ ᠪᠠᠶᠢᠵᠤ᠂ ᠬᠠᠩᠭᠠᠯᠭ᠎ᠠ ᠭᠦᠢᠴᠡᠳ ᠪᠠᠶᠢᠪᠠ᠃
   ᠲᠣᠰ ᠤᠳᠠᠭᠠᠨ ᠤ ᠲᠤᠰᠬᠠᠶ ᠪᠠᠶᠢᠴᠠᠭᠠᠯᠲᠠ ᠨᠢ ᠦᠷ᠎ᠡ᠂ ᠲᠠᠷᠢᠶᠠᠨ ᠡᠮ᠂ ᠬᠢᠮᠢ ᠶᠢᠨ ᠪᠣᠷᠲᠣᠭᠤᠷ ᠵᠡᠷᠭᠡ ᠬᠠᠪᠤᠷ ᠤᠨ ᠲᠠᠷᠢᠶᠠᠯᠠᠭ᠎ᠠ ᠶᠢᠨ ᠵᠠᠪᠠᠯ ᠪᠡᠯᠡᠳᠬᠡᠬᠦ ᠲᠠᠷᠢᠶᠠᠯᠠᠩ ᠤᠨ ᠬᠡᠷᠡᠭᠰᠡᠯ ᠢ ᠬᠠᠮᠤᠷᠴᠤ᠂ ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠢᠯᠲᠠᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠵᠡᠩᠨᠡᠬᠦ ᠡᠷᠦᠬᠡ ᠶᠢᠨ ᠡᠵᠡᠩᠨᠡᠯᠲᠡ ᠶᠢᠨ ᠬᠢᠷᠢ ᠬᠡᠮ᠂ ᠪᠠᠷᠠᠭ᠎ᠠ ᠣᠷᠣᠭᠤᠯᠬᠤ ᠡᠬᠡ ᠲᠠᠩᠰᠠ᠂ ᠳᠠᠩᠰᠠᠯᠠᠭᠤᠯᠬᠤ᠂ ᠡᠭᠦᠯᠳᠡᠷ ᠢ ᠬᠢᠨᠠᠨ ᠲᠣᠭᠲᠠᠭᠠᠬᠤ ᠵᠡᠷᠭᠡ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠭᠰᠡᠨ ᠪᠥᠭᠡᠳ ᠪᠣᠷᠣᠯᠠᠭᠤᠯᠤᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠣᠭᠤᠳᠠᠯᠯᠠᠬᠤ᠂ ᠱᠣᠰᠢᠭ᠎ᠠ ᠲᠡᠮᠳᠡᠭ᠂ ᠦᠢᠯᠡᠳᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠵᠤ᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠪᠣᠷᠣᠯᠠᠭᠤᠯᠤᠭᠴᠢ ᠳᠤ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠪᠠᠷᠠᠭ᠎ᠠ ᠣᠷᠣᠭᠤᠯᠬᠤ ᠠᠷᠭ᠎ᠠ ᠵᠠᠮ ᠢ ᠴᠢᠩᠭ᠎ᠠ ᠡᠵᠡᠮᠳᠡᠵᠦ᠂ ᠣᠯᠠᠨ ᠲᠦᠮᠡᠨ ᠤ ᠰᠠᠨᠠᠭ᠎ᠠ ᠠᠮᠤᠷ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠠᠬᠢᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号