| 3 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ | ᠵᠢᠴᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ | ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ | ᠬᠤᠷᠠᠯ ᠢ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ | ᠣᠷᠣᠯᠴᠠᠵᠠᠶ᠃ | ᠬᠤᠷᠠᠯ ᠠᠴᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠠᠶᠢᠮᠠᠭ ᠤᠨ ᠨᠠᠮ ᠤᠨ ᠬᠤᠷᠢᠶ᠎ᠠ ᠶᠢᠨ | ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠣᠯᠤᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ︽ᠪᠦᠬᠦ ᠨᠠᠮ ᠳᠤ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ | ᠭᠦᠨᠵᠡᠭᠡᠢ ᠥᠷᠨᠢᠭᠦᠯᠬᠦ ᠲᠤᠬᠠᠢ ᠮᠡᠳᠡᠭᠳᠡᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠪᠦᠬᠦ | ᠠᠶᠢᠮᠠᠭ ᠲᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ | ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾᠂ ᠠᠶᠢᠮᠠᠭ ᠤᠨ ᠨᠠᠮ ᠤᠨ ᠬᠤᠷᠢᠶ᠎ᠠ ᠶᠢᠨ ︽ᠪᠦᠬᠦ ᠠᠶᠢᠮᠠᠭ ᠲᠤ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ | ᠬᠡᠷᠡᠭᠵᠢᠭᠦᠯᠬᠦ ᠲᠥᠰᠦᠯ︾ ᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ | ᠶᠡᠷᠦᠩᠬᠡᠶ ᠱᠦᠵᠢ ᠶᠢᠨ ᠨᠠᠮ ᠤᠨ ᠥᠪᠡᠷ ᠤᠨ ᠪᠡᠶ᠎ᠡ ᠪᠠᠨ ᠴᠡᠭᠴᠡᠯᠡᠬᠦ ᠲᠤᠬᠠᠶ ᠴᠢᠬᠤᠯᠠ ᠦᠵᠡᠯ ᠰᠠᠨᠠᠭ᠎ᠠ᠂ ᠨᠠᠮ ᠤᠨ | ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ | ᠪᠠᠷᠢᠮᠲᠠᠯᠠᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠠ ᠰᠢᠨ᠎ᠡ ᠴᠠᠭ | ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ | ᠭᠤᠤᠯ ᠱᠤᠭᠤᠮ ᠢ ᠪᠥᠬᠦ ᠲᠠᠯ᠎ᠠ ᠪᠠᠷ ᠲᠤᠤᠱᠯᠠᠭᠤᠯᠵᠤ᠂ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ᠂ | ᠡᠷᠳᠡᠮᠲᠡᠨ ᠴᠢᠳᠠᠪᠤᠷᠢᠲᠠᠨ ᠢ ᠰᠣᠩᠭᠤᠬᠤ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ | ᠴᠢᠳᠠᠪᠤᠷᠢᠲᠠᠨ ᠢ ᠬᠥᠮᠦᠵᠢᠭᠦᠯᠦᠨ ᠴᠢᠳᠠᠪᠤᠷᠢᠲᠠᠨ ᠢ ᠴᠤᠭᠯᠠᠭᠤᠯᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠭᠦᠨᠵᠡᠭᠡᠶ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠶᠠᠰᠤ | ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠤ ᠱᠠᠭᠠᠷᠳᠠᠪᠠ᠃ | ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ | ᠲᠠᠨᠢᠵᠤ᠂ ᠭᠤᠤᠯ ᠰᠡᠳᠦᠪᠲᠦ ᠬᠥᠮᠦᠵᠢᠯ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ | ᠦᠨᠡᠨ ᠬᠦ ᠨᠢᠭᠡᠳᠬᠡᠵᠦ᠂ ᠰᠤᠷᠲᠠᠯ ᠢ ᠰᠠᠶᠢᠵᠢᠷᠠᠭᠤᠯᠤᠭᠰᠠᠨ ᠪᠣᠳᠠᠲᠠᠶ ᠦᠷ᠎ᠡ ᠪᠦᠲᠦᠮᠵᠢ ᠪᠠᠷ ︽ᠬᠤᠶᠠᠷ ᠢ | ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠶ᠃ ᠬᠠᠷᠠᠯᠲᠠ | ᠡᠭᠦᠷᠭᠡ ᠶᠢ ᠣᠨᠣᠪᠴᠢᠲᠠᠶ ᠡᠵᠡᠮᠳᠡᠵᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠡᠯ᠎ᠡ ᠵᠦᠢᠯ ᠤᠨ ᠠᠵᠢᠯ ᠢ ᠨᠢᠭᠡ | ᠴᠣᠭᠴᠠᠵᠢᠭᠤᠯᠤᠨ ᠠᠬᠢᠭᠤᠯᠵᠤ᠂ ᠰᠤᠷᠤᠯᠴᠠᠬᠤ ᠶᠢ ᠰᠠᠭᠤᠷᠢ ᠪᠣᠯᠭᠠᠵᠤ᠂ ᠢᠮᠠᠭᠲᠠ ᠲᠤᠤᠱᠯᠠᠭᠤᠯᠵᠤ᠂ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ᠂ ᠨᠣᠮ ᠤᠩᠰᠢᠬᠤ ᠠᠩᠭᠢ ᠡᠷᠬᠢᠯᠡᠬᠦ ᠵᠡᠷᠭᠡ ᠬᠡᠯᠪᠡᠷᠢ ᠶᠢ | ᠠᠪᠴᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ | ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠤᠷᠤᠯᠴᠠᠬᠤ ᠪᠠᠷ ᠰᠤᠷᠲᠠᠯ ᠢ | ᠲᠥᠪ ᠪᠣᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ︔ ᠭᠦᠨᠵᠡᠭᠡᠢ ᠬᠠᠷᠢᠴᠠᠭᠤᠯᠤᠨ ᠪᠠᠶᠢᠴᠠᠭᠠᠵᠤ᠂ 11 ᠲᠠᠯ᠎ᠠ ᠶᠢᠨ | ᠲᠣᠪᠤᠶᠢᠮ᠎ᠠ ᠠᠰᠠᠭᠤᠳᠠᠯ ᠲᠠᠢ ᠪᠦᠬᠦ ᠲᠠᠯ᠎ᠠ ᠪᠠᠷ ᠬᠠᠷᠢᠴᠠᠭᠤᠯᠵᠤ᠂ ᠠᠷᠪᠠᠨ ᠶᠡᠭᠡ ᠬᠢᠨᠠᠯᠲᠠ ᠲᠠᠯᠪᠢᠵᠤ | ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠰᠠᠶᠢᠲᠤᠷ ᠠᠰᠢᠭᠯᠠᠵᠤ᠂ ᠵᠦᠢᠯ ᠳᠠᠷᠠᠭᠠᠯᠠᠨ ᠪᠠᠶᠢᠴᠠᠭᠠᠨ | ᠳᠡᠯᠭᠡᠵᠦ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠵᠤ᠂ ᠬᠠᠨᠳᠤᠯᠭᠠᠲᠤ ᠴᠢᠨᠠᠷᠲᠠᠢ ᠪᠠᠷ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠢ᠃ ᠲᠦᠷᠢᠮ ᠲᠣᠭᠲᠠᠭᠠᠯ ᠲᠣᠭᠲᠠᠭᠠᠬᠤ ᠶᠢ ᠠᠬᠢᠭᠤᠯᠵᠤ᠂ | ᠲᠦᠷᠢᠮ ᠲᠣᠭᠲᠠᠴᠠ ᠶᠢᠨ ᠲᠠᠯ᠎ᠠ ᠠᠴᠠ ᠰᠢᠯᠲᠠᠭᠠᠨ ᠢ ᠡᠷᠢᠬᠦ ᠶᠢ ᠴᠢᠬᠤᠯᠠᠴᠢᠯᠠᠵᠤ᠂ ᠳᠤᠲᠠᠭᠤᠳᠠᠯ ᠢ ᠴᠠᠭ | ᠲᠤᠬᠠᠢ ᠳᠤᠨᠢ ᠨᠥᠬᠦᠪᠥᠷᠢᠯᠡᠵᠦ᠂ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠢ ᠬᠤᠷᠢᠭᠯᠠᠵᠤ᠂ ᠠᠯᠢ ᠤᠯᠠᠨ | ᠶᠠᠪᠤᠭᠳᠠᠵᠤ ᠳᠡᠶᠢᠯᠬᠦ᠂ ᠪᠣᠳᠠᠲᠠᠢ ᠬᠢᠵᠦ ᠳᠡᠶᠢᠯᠬᠦ᠂ ᠤᠷᠳᠤ ᠬᠤᠭᠤᠴᠠᠭᠠᠨ ᠤ ᠪᠦᠲᠦᠮᠵᠢᠲᠡᠢ ᠲᠦᠷᠢᠮ ᠲᠣᠭᠲᠠᠴᠠ ᠶᠢ | ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠬᠤ ᠶᠢ ᠴᠢᠬᠤᠯᠠᠴᠢᠯᠠᠵᠤ᠂ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ᠂ ᠲᠤᠰ ᠰᠠᠯᠠᠭ᠎ᠠ ᠮᠥᠴᠢᠷ ᠨᠢᠭᠡᠴᠢ ᠶᠢᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ | ᠨᠢᠭᠲᠠ ᠤᠶᠠᠯᠳᠤᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠦᠭᠡᠢ᠂ | ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠷᠢᠨ ᠬᠢᠨᠠᠮᠠᠭᠠᠢ ᠲᠥᠯᠥᠪᠵᠢᠭᠦᠯᠦᠨ ᠲᠤᠬᠢᠷᠠᠭᠤᠯᠵᠤ | ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ ︽ᠪᠦᠬᠦ ᠬᠤᠰᠢᠭᠤᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃ | | | |