ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠪᠠᠷ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/4/27
   ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠨ ᠵᠠᠰᠠᠬᠤ ᠲᠥᠪ 2024 ᠣᠨ ᠤ 12 ᠰᠠᠷ᠎ᠠ ᠶᠢᠨ ᠰᠡᠭᠦᠯᠴᠢ ᠪᠠᠷ ᠪᠠᠶᠢᠭᠤᠯᠤᠭᠳᠠᠭᠰᠠᠨ ᠪᠥᠭᠡᠳ ᠠᠰᠢᠭᠯᠠᠯᠲᠠ ᠳᠤ ᠤᠷᠤᠭᠰᠠᠨ ᠠᠴᠠ ᠨᠠᠰᠢ᠂ ᠦᠳᠲᠡᠷ ᠲᠦᠷᠭᠡᠨ ᠬᠠᠷᠢᠶ᠎ᠠ ᠣᠷᠣᠨ ᠤ ᠵᠥᠷᠢᠴᠡᠯ ᠵᠢᠭᠤᠷᠠᠯᠳᠤᠭᠠᠨ ᠢ ᠲᠥᠪᠯᠡᠷᠡᠭᠦᠯᠦᠨ ᠰᠢᠢᠳᠪᠦᠷᠢᠯᠡᠬᠦ ᠭᠠᠵᠠᠷ ᠪᠤᠯᠵᠤ᠂ ᠨᠡᠩ ᠴᠤ ᠨᠡᠶᠢᠭᠡᠮ ᠤᠨ ᠵᠠᠰᠠᠯᠲᠠ ᠶᠢᠨ ᠬᠦᠷᠢᠶᠡᠨ ᠳᠠᠬᠢ ᠵᠠᠩᠭᠢᠯᠠᠭ᠎ᠠ ᠶᠢᠨ ᠬᠦᠢᠰᠦ ᠪᠣᠯᠤᠭᠰᠠᠨ ᠪᠠᠶᠢᠨ᠎ᠠ᠃
   ᠠᠯᠠᠱᠠ ᠵᠡᠭᠦᠨ ᠬᠤᠰᠢᠭᠤᠨ ᠤ ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ 6 ᠨᠡᠶᠢᠭᠡᠮ ᠲᠣᠭᠤᠷᠢᠭ᠂ ᠪᠠᠶᠢᠩᠭᠤ ᠰᠠᠭᠤᠭ᠎ᠠ ᠬᠥᠮᠦᠨ ᠠᠮᠠ 21728 ᠡᠷᠦᠬᠡ 50474 ᠬᠥᠮᠦᠨ ᠪᠠᠶᠢᠳᠠᠭ᠃ ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠠᠵᠢᠯ ᠤᠨ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠡᠷᠡ ᠳᠠᠷᠣᠢ ᠬᠥᠳᠡᠯᠦᠯᠴᠡᠬᠦ ᠠᠵᠢᠯ ᠤᠨ ᠰᠡᠳᠬᠢᠮᠵᠢ ᠶᠣᠰᠣᠭᠠᠷ᠂ ᠣᠯᠠᠨ ᠲᠠᠯ᠎ᠠ ᠶᠢᠨ ᠡᠶᠡᠳᠡᠭᠦᠯᠬᠦ ᠡᠬᠢ ᠪᠠᠶᠠᠯᠢᠭ ᠢ ᠬᠤᠷᠠᠮᠳᠤᠭᠤᠯᠵᠤ᠂ ᠬᠠᠷᠢᠶᠠᠲᠤ ᠣᠷᠣᠨ ᠤ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠲᠠᠢ ᠠᠭᠤᠰᠤᠯᠴᠠᠭᠤᠯᠤᠨ᠂ ︽ᠰᠢᠯᠢᠳᠡᠭ ᠴᠡᠷᠢᠭ ᠬᠦᠴᠦᠷᠬᠡᠭ ᠵᠠᠩᠵᠤᠨ︾ ᠲᠣᠮᠢᠯᠠᠨ ᠲᠥᠪ ᠲᠤ ᠰᠠᠭᠤᠯᠭᠠᠵᠤ᠂ ︽ᠲᠣᠰ ᠲᠣᠰ ᠢᠶᠠᠷ ᠢᠶᠠᠨ ᠪᠠᠶᠢᠯᠳᠤᠬᠤ︾ ᠶᠢ ︽ᠪᠦᠯᠬᠦᠮ ᠪᠠᠶᠢᠭᠤᠯᠤᠨ ᠪᠠᠶᠢᠯᠳᠤᠬᠤ︾ ᠪᠣᠯᠭᠠᠵᠤ᠂ ︽ᠨᠢᠭᠡ ᠯᠡ ᠥᠷᠲᠡᠭᠡᠨ ᠤ ᠮᠠᠶ᠋ᠢᠭ︾ ᠢᠶᠠᠷ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号