ᠬᠤᠸᠠᠩ ᠶᠠ ᠯᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/27
     3 ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠪᠠ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠳᠤ ᠬᠦᠷᠴᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠸᠠᠩ ᠶᠠ ᠯᠢ ᠠᠳᠠᠯᠢ ᠪᠤᠰᠤ ᠣᠨ ᠤ ᠠᠩᠭᠢ ᠶᠢᠨ ᠬᠢᠴᠢᠶᠡᠯ ᠤᠨ ᠬᠡᠷ ᠲᠤ ᠣᠷᠣᠵᠤ᠂ ᠰᠤᠷᠤᠭᠴᠢᠳ ᠤᠨ ᠰᠤᠷᠤᠯᠴᠠᠯᠭ᠎ᠠ᠂ ᠪᠠᠭᠰᠢ ᠶᠢᠨ ᠬᠢᠴᠢᠶᠡᠯ ᠣᠷᠣᠬᠤ ᠵᠡᠷᠭᠡ ᠪᠠᠶᠢᠳᠠᠯ ᠢ ᠲᠤᠬᠠᠶ ᠶᠢᠨ ᠲᠠᠯᠠᠪᠠᠶ ᠳᠤ ᠣᠶᠢᠯᠠᠭᠠᠵᠤ᠂ ᠬᠤᠯᠪᠣᠭᠳᠠᠯ ᠪᠥᠬᠦᠶ ᠬᠠᠷᠢᠭᠤᠴᠠᠯᠭᠠᠲᠠᠨ ᠳᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠭᠠᠨ ᠰᠤᠷᠭᠠᠯᠲᠠ ᠶᠢᠨ ᠵᠢᠯᠤᠭᠤᠳᠤᠯᠭ᠎ᠠ ᠪᠠᠨ ᠴᠢᠩᠭᠠᠳᠬᠠᠨ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢᠶᠠᠨ ᠪᠠᠶᠠᠯᠢᠭᠵᠢᠭᠤᠯᠵᠤ᠂ ᠰᠤᠷᠤᠯᠭ᠎ᠠ ᠪᠠᠨ ᠳᠡᠭᠡᠭᠰᠢᠯᠡᠭᠦᠯᠬᠦ ᠠᠵᠢᠯ ᠢ ᠪᠠᠶᠢᠩᠭᠤᠵᠢᠭᠤᠯᠤᠨ ᠨᠠᠷᠢᠯᠢᠭ ᠣᠨᠣᠴᠠᠲᠠᠶ ᠪᠠᠷ ᠰᠠᠶᠢᠲᠤᠷ ᠠᠳᠬᠤᠵᠤ᠂ ᠪᠠᠭᠰᠢ ᠶᠢᠨ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠵᠦ᠂ ᠰᠣᠷᠣᠭᠴᠢ ᠶᠢᠨ ᠬᠢᠷᠢ ᠪᠦᠲᠦᠮᠵᠢ ᠶᠢ ᠳᠡᠭᠡᠭᠰᠢᠯᠡᠭᠦᠯᠦᠨ᠂ ᠬᠡᠦᠬᠡᠳ ᠤᠨ ᠬᠦᠰᠡᠯ ᠡᠷᠡᠮᠡᠯᠵᠡᠯ ᠤᠨ ᠵᠠᠮ ᠢ ᠨᠠᠩ ᠥᠷᠭᠡᠨ᠂ ᠨᠠᠩ ᠠᠯᠤᠰ ᠬᠡᠲᠦ ᠶᠢᠨ ᠪᠣᠯᠭᠠᠬᠤ ᠬᠡᠷᠡᠭᠲᠡᠶ ᠭᠡᠵᠦ ᠵᠠᠬᠢᠪᠠ᠃
   ᠶᠠᠷᠢᠯᠴᠠᠬᠤ ᠬᠤᠷᠠᠯ ᠳᠡᠭᠡᠷ᠎ᠡ᠂ ᠬᠤᠸᠠᠩ ᠶᠠ ᠯᠢ ᠬᠤᠰᠢᠭᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠣᠯᠤᠨ ᠬᠡᠰᠡᠭ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠲᠥᠯᠥᠭᠡᠯᠡᠭᠴᠢ ᠨᠠᠷ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠠᠮᠲᠤ ᠪᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠬᠢᠬᠦ ᠶᠢ ᠰᠤᠳᠤᠯᠪᠠ᠃ ᠰᠤᠷᠤᠭᠴᠢᠳ ᠤᠨ ᠬᠢᠷᠢ ᠪᠦᠲᠦᠮᠵᠢ ᠬᠢᠷᠢ ᠵᠡᠷᠭᠡ ᠪᠠᠶᠢᠬᠤ᠂ ᠪᠠᠭᠰᠢ ᠶᠢᠨ ᠲᠣᠬᠢᠷᠠᠭᠤᠯᠤᠯᠲᠠ ᠬᠢᠷᠢ ᠵᠡᠷᠭᠡ ᠪᠠᠶᠢᠬᠤ᠂ ᠳᠤᠮᠳᠠᠳᠤ ᠰᠤᠷᠭᠠᠭᠤᠯᠢ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠬᠢᠷᠢ ᠵᠡᠷᠭᠡ ᠪᠠᠶᠢᠬᠤ ᠶᠢ ᠬᠤᠸᠠᠩ ᠶᠠ ᠯᠢ ᠮᠠᠰᠢ ᠨᠠᠷᠢᠨ ᠠᠰᠠᠭᠤᠪᠠ᠃ ᠲᠡᠷᠡ᠂ ︽ᠠᠯᠢᠪᠠ ᠪᠦᠬᠦᠨ ᠬᠡᠦᠬᠡᠳ ᠤᠨ ᠲᠥᠯᠥᠭᠡ︾ ᠪᠣᠯ ᠰᠤᠷᠭᠠᠨ ᠬᠥᠮᠦᠵᠢᠯ ᠤᠨ ᠦᠨᠳᠦᠰᠦᠨ ᠣᠶᠢᠯᠠᠭᠠᠭᠳᠠᠬᠤᠨ ᠮᠥᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠤᠯᠠᠮ ᠡᠷᠲᠡ ᠬᠦᠷᠲᠡᠬᠦ ᠨᠢ ᠬᠡᠦᠬᠡᠳ ᠤᠨ ᠦᠰᠦᠨ ᠪᠤᠶᠢᠵᠢᠬᠤ ᠳᠤ ᠤᠯᠠᠮ ᠠᠰᠢᠭᠲᠠᠢ ᠶᠤᠮ᠃ ᠰᠤᠷᠭᠠᠨ ᠬᠥᠮᠦᠵᠢᠯ ᠤᠨ ᠪᠠᠶᠢᠷᠢᠰᠢᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ ᠢ ᠭᠦᠨᠵᠡᠭᠡᠶᠢᠷᠡᠭᠦᠯᠦᠨ᠂ ᠰᠤᠷᠭᠠᠭᠤᠯᠢ ᠡᠷᠭᠢᠯᠡᠬᠦ ᠵᠠᠭᠪᠤᠷ ᠪᠠ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠬᠡᠤᠬᠡᠳ ᠲᠤ ᠣᠶᠢᠷ᠎ᠠ ᠬᠠᠪᠢ ᠳᠤᠨᠢ ᠰᠢᠯᠢᠳᠡᠭ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠶ᠃ ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠲᠣᠭᠲᠠᠭᠤᠨ ᠡᠮᠬᠢ ᠵᠢᠷᠤᠮ ᠲᠠᠢ ᠠᠬᠢᠭᠤᠯᠵᠤ᠂ ᠰᠢᠯᠭᠠᠯᠲᠠ ᠳᠤ ᠪᠡᠯᠡᠳᠬᠡᠨ ᠳᠡᠭᠡᠭᠰᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠡᠦᠬᠡᠳ ᠨᠢᠭᠡᠪᠦᠷᠢ ᠶᠢ ᠰᠠᠶᠢᠨ ᠬᠢᠷᠢ ᠪᠦᠲᠦᠮᠵᠢ ᠣᠯᠵᠤ᠂ ᠰᠠᠶᠢᠨ ᠰᠤᠷᠭᠠᠭᠤᠯᠢ ᠳᠤ ᠰᠢᠯᠭᠠᠭᠤᠯᠤᠨ ᠣᠷᠣᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠦᠨᠳᠦᠰᠦᠲᠡᠨ ᠨᠦᠭᠦᠳ ᠤᠨ ᠰᠤᠷᠤᠭᠴᠢᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠲᠤᠯᠭᠠᠭᠤᠷᠢ ᠬᠦᠴᠦᠨ ᠢ ᠬᠥᠮᠦᠵᠢᠭᠦᠯᠬᠦ ᠬᠡᠷᠡᠭᠲᠡᠢ ᠭᠡᠪᠡ᠃    ᠬᠤᠸᠠᠩ ᠶᠠ ᠯᠢ ᠪᠠᠰᠠ ᠰᠤᠷᠭᠠᠭᠤᠯᠢ ᠶᠢᠨ ᠬᠤᠭᠤᠯᠠᠨ ᠭᠡᠷ ᠲᠤ ᠣᠷᠣᠵᠤ᠂ ᠪᠠᠭᠰᠢ ᠰᠤᠷᠤᠭᠴᠢᠳ ᠲᠠᠢ ᠬᠠᠮᠲᠤ ᠬᠤᠭᠤᠯᠠ ᠢᠳᠡᠵᠦ᠂ ᠢᠳᠡᠭᠡᠨ ᠤ ᠮᠠᠲ᠋ᠧᠷᠢᠶᠠᠯ ᠤᠨ ᠢᠷᠡᠯᠲᠡ᠂ ᠨᠣᠭᠤᠭ᠎ᠠ ᠶᠢᠨ ᠦᠨ᠎ᠡ ᠬᠠᠩᠰᠢ᠂ ᠬᠤᠭᠤᠯᠠᠨ ᠤ ᠬᠡᠷᠡᠭᠰᠡᠯ ᠢ ᠠᠷᠢᠭᠤᠳᠬᠠᠭᠰᠠᠨ ᠵᠡᠷᠭᠡ ᠪᠠᠶᠢᠳᠠᠯ ᠢ ᠨᠠᠷᠢᠨ ᠠᠰᠠᠭᠤᠵᠤ᠂ ᠰᠤᠷᠭᠠᠭᠤᠯᠢ ᠶᠢᠨ ᠬᠢᠨ ᠢ ᠬᠤᠭᠤᠯᠠ ᠬᠠᠩᠭᠠᠬᠤ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠬᠡᠦᠬᠡᠳ ᠤᠳ ᠢ ᠰᠠᠨᠠᠭ᠎ᠠ ᠠᠮᠤᠷ ᠢᠳᠡᠭᠦᠯᠵᠦ᠂ ᠰᠢᠮ᠎ᠡ ᠲᠡᠵᠢᠭᠡᠯ ᠲᠠᠢ᠂ ᠡᠷᠡᠭᠦᠯ ᠰᠠᠷᠠᠭᠤᠯ ᠪᠣᠯᠭᠠᠬᠤ ᠬᠡᠷᠡᠭᠲᠡᠶ ᠭᠡᠵᠦ ᠵᠠᠬᠢᠪᠠ᠃    ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠸᠧᠶ ᡁᠢ ᠭᠦᠸᠧ᠂ ᠯᠢᠦ ᠳ᠋ᠧ ᠼᠦᠢ ᠣᠷᠣᠯᠴᠠᠵᠠᠶ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号