| ᠣᠶᠢᠷ᠎ᠠ ᠳᠤ᠂ ᠠᠯᠠᠱᠠ ᠶᠢᠨ ᠵᠠᠯᠠᠭᠤᠴᠤᠳ ᠪᠠᠭᠠᠴᠣᠳ ᠰᠢᠨ᠎ᠡ ᠣᠴᠢᠬᠤ ᠭᠠᠵᠠᠷ ᠲᠠᠢ ᠪᠣᠯᠪᠠ᠃ ᠠᠯᠠᠱᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠯᠠᠱᠠ ᠠᠶᠢᠮᠠᠭ ᠤᠨ ᠰᠢᠦᠳᠠᠨ ᠤ ᠬᠤᠪᠢᠶᠠᠷᠢ ᠺᠣᠮᠫᠠᠨᠢ ᠲᠠᠢ | ᠬᠠᠮᠲᠤᠷᠠᠨ᠂ ᠠᠯᠠᠱᠠ ᠶᠢᠨ ᠲᠤᠬᠠᠶ ᠶᠢᠨ ᠭᠠᠵᠠᠷ ᠤᠨ ᠰᠣᠶᠣᠯ ᠤᠨ ᠪᠦᠲᠦᠭᠡᠯᠴᠢ ᠡᠯᠧᠮᠧᠨ᠋ᠲ ᠲᠠᠢ ᠰᠢᠤᠳᠠᠨ ᠤ | ᠣᠨᠴᠠᠯᠢᠭᠲᠤ ᠪᠦᠲᠦᠭᠡᠭᠳᠡᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠨᠡᠭᠦᠯᠭᠡᠵᠦ᠂ ᠥᠪᠡᠷᠮᠢᠴᠡ | ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠦᠪᠡᠳᠡᠭᠰᠢ ᠶᠡᠭᠡ ᠨᠠᠶᠢᠷ ᠢ ᠶᠠᠪᠣᠭᠳᠠᠭᠤᠯᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠤᠷᠤᠭ ᠤᠨ ᠪᠦᠷᠢᠳᠬᠡᠯ ᠤᠨ ᠦᠢᠯᠡᠴᠢᠯᠡᠭᠡᠨ ᠤ | ᠲᠣᠭᠤᠷᠢᠭ ᠲᠤ᠂ ᠢᠯᠡ ᠲᠣᠳᠣ ᠳᠠᠭᠤᠲᠤ ᠵᠠᠬᠢᠳᠠᠯ ᠤᠨ ᠺᠠᠷᠲ ᠤᠨ ᠳᠠᠷᠤᠮᠯᠠᠬᠤ ᠮᠠᠰᠢᠨ ᠨᠢ ᠮᠠᠰᠢ ᠤᠯᠠᠨ | ᠬᠥᠮᠦᠰ ᠤᠨ ᠰᠣᠨᠢᠷᠬᠠᠯ ᠢ ᠳᠠᠳᠠᠵᠤ ᠪᠠᠶᠢᠯ᠎ᠠ᠃ ᠢᠯᠡ ᠵᠠᠬᠢᠳᠠᠯ ᠤᠨ ᠺᠠᠷᠲ ᠳᠠᠷᠤᠮᠠᠯᠯᠠᠬᠤ ᠮᠠᠰᠢᠨ ᠠᠴᠠ ᠭᠠᠳᠠᠨ᠎ᠠ᠂ | ᠠᠯᠠᠱᠠ ᠠᠶᠢᠮᠠᠭ ᠤᠨ ᠰᠢᠤᠳᠠᠨ ᠤ ᠬᠤᠪᠢᠶᠠᠷᠢ ᠺᠣᠮᠫᠠᠨᠢ ᠪᠠᠰᠠ ᠠᠯᠠᠱᠠ ᠶᠢᠨ ᠲᠤᠬᠠᠶ ᠶᠢᠨ ᠭᠠᠵᠠᠷ ᠤᠨ ᠰᠣᠶᠣᠯ ᠤᠨ | ᠡᠯᠧᠮᠧᠨ᠋ᠲ ᠲᠠᠢ ᠰᠢᠤᠳᠠᠨ ᠲᠡᠮᠳᠡᠭᠯᠡᠯ ᠤᠨ ᠳᠡᠪᠲᠡᠷ᠂ ᠥᠩᠭᠡ ᠦᠵᠡᠮᠵᠢ ᠶᠢᠨ ᠢᠯᠡ ᠵᠠᠬᠢᠳᠠᠯ ᠤᠨ ᠬᠠᠭᠤᠳᠠᠰᠤ ᠵᠡᠷᠭᠡ | ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ | ᠠᠯᠠᠱᠠ ᠶᠢᠨ ᠪᠡᠯᠡᠭ ᠤᠨ ᠦᠵᠡᠭᠦᠯᠦᠯᠭᠡ ᠶᠢᠨ ᠲᠢᠩᠬᠢᠮ︾ ᠳᠤ ᠣᠷᠣᠭᠤᠯᠵᠤ᠂ ᠠᠯᠠᠱᠠ ᠶᠢᠨ ᠰᠦᠷᠯᠢᠭ ᠰᠠᠶᠢᠬᠠᠨ | ᠠᠮᠢ ᠠᠬᠤᠶ ᠶᠢᠨ ᠥᠩᠭᠡ ᠦᠵᠡᠮᠵᠢ ᠪᠠ ᠥᠪᠡᠷᠮᠢᠴᠡ ᠵᠠᠩ ᠦᠢᠯᠡ ᠶᠢ ᠢᠯᠡᠷᠡᠭᠦᠯᠪᠡ᠃ | | | | | | | | ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠪᠠᠰᠠ ︽ᠠᠯᠠᠱᠠ ᠶᠢᠨ ᠪᠡᠯᠡᠭ︾ ᠤᠨ | ᠨᠡᠶᠢᠲᠡ ᠶᠢᠨ ᠠᠰᠠᠷᠠᠮᠵᠢ ᠶᠢᠨ ᠳᠡᠯᠭᠡᠷᠡᠭᠦᠯᠦᠯᠲᠡ ᠶᠢᠨ ᠲᠤᠰᠬᠠᠢ ᠲᠣᠭᠤᠷᠢᠭ ᠢ ᠣᠨᠴᠠᠭᠠᠶᠢᠯᠠᠨ ᠪᠠᠶᠢᠭᠤᠯᠵᠤ᠂ ᠡᠯ᠎ᠡ | ᠰᠤᠮᠤ ᠪᠠᠯᠭᠠᠰᠤ᠂ ᠠᠯᠠᠱᠠ ᠶᠢᠨ ᠲᠤᠰ ᠭᠠᠵᠠᠷ ᠤᠨ ᠣᠨᠴᠠᠯᠢᠭᠲᠤ ᠣᠨᠴᠠ ᠭᠠᠷᠤᠯᠲᠠ᠂ ᠭᠠᠷ ᠤᠷᠠᠯᠠᠯ ᠤᠨ | ᠪᠦᠲᠦᠭᠡᠭᠳᠡᠬᠦᠨ ᠵᠡᠷᠭᠡ 30 ᠭᠠᠷᠤᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠵᠢᠴᠢ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠲᠠᠢ ᠢᠳᠡᠪᠬᠢᠲᠡᠢ ᠵᠣᠯᠭᠠᠭᠤᠯᠵᠤ᠂ ᠤᠬᠠᠭᠤᠯᠤᠨ ᠲᠠᠨᠢᠯᠴᠠᠭᠤᠯᠬᠤ᠂ ᠠᠷᠠᠯᠵᠢᠶᠠᠴᠢᠨ | ᠤᠷᠢᠬᠤ ᠶᠢ ᠵᠣᠯᠭᠠᠭᠤᠯᠬᠤ ᠵᠡᠷᠭᠡ ᠠᠷᠭ᠎ᠠ ᠬᠡᠯᠪᠡᠷᠢ ᠪᠠᠷ ᠦᠢᠯᠡᠳᠬᠦᠨ ᠤ ᠣᠨᠴᠠᠯᠢᠭ᠂ ᠴᠢᠨᠠᠷ ᠢ ᠳᠡᠯᠭᠡᠨ ᠦᠵᠡᠭᠦᠯᠵᠦ | ᠂ ︽ᠠᠯᠠᠱᠠ ᠶᠢᠨ ᠪᠡᠯᠡᠭ︾ ᠤᠨ ᠲᠦᠷᠦᠯ ᠲᠡᠮᠳᠡᠭ ᠤᠨ ᠲᠦᠷᠢ ᠲᠥᠷᠬᠦ ᠶᠢ ᠱᠤᠭᠤᠵᠤ᠂ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠪᠠ᠃ ᠡᠯ᠎ᠡ ᠲᠣᠮᠣ ᠠᠵᠤ ᠠᠬᠤᠶᠢᠯᠠᠯ ᠤᠨ | ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠣᠷᠣᠭᠤᠯᠤᠭᠰᠠᠨ ᠨᠢ ᠤᠯᠤᠰ ᠲᠥᠷᠥ ᠪᠠ ᠬᠤᠳᠠᠯᠳᠤᠭᠠᠨ ᠤ | ᠬᠤᠭᠤᠷᠣᠨᠳᠣᠬᠢ ᠵᠠᠶ ᠶᠢ ᠣᠶᠢᠷᠠᠲᠤᠭᠤᠯᠤᠭᠰᠠᠨ ᠢᠶᠠᠷ ᠪᠠᠷᠠᠬᠤ ᠥᠬᠡᠶ᠂ ᠪᠠᠰᠠ ᠭᠠᠵᠠᠷ ᠣᠷᠣᠨ ᠤ ᠰᠣᠶᠣᠯ ᠤᠨ | ᠠᠭᠤᠷ ᠠᠮᠢᠰᠬᠤᠯ ᠢ ᠥᠳᠬᠡᠨ ᠵᠤᠵᠠᠭᠠᠨ ᠪᠣᠯᠭᠠᠵᠤ᠂ ᠠᠯᠠᠱᠠ ᠶᠢᠨ ᠥᠪᠡᠷᠮᠢᠴᠡ ᠷᠢᠳᠢ ᠰᠢᠳᠢ ᠶᠢ ᠢᠯᠡᠷᠡᠭᠦᠯᠦᠭᠰᠡᠨ | ᠪᠠᠶᠢᠨ᠎ᠠ᠃ | | | |