| 3 ᠰᠠᠷ᠎ᠠ ᠶᠢᠨ 27 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠯᠠᠱᠠ ᠵᠡᠭᠦᠨ | ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠵᠥᠪᠯᠡᠯ ᠤᠨ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ | ᠬᠤᠰᠢᠭᠤ ᠪᠠᠨ ᠵᠠᠰᠠᠬᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠦᠨ ᠱᠣᠤ ᠴᠧᠩ ᠱᠦᠵᠢ ᠶᠢᠨ ᠠᠯᠠᠱᠠ | ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠪᠠ ᠥᠪᠡᠷᠲᠡᠭᠡᠨ ᠵᠠᠰᠠᠬᠤ ᠣᠷᠣᠨ ᠤ ᠪᠠᠷᠠᠭᠤᠨ | ᠣᠷᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠲᠦᠴᠡ ᠶᠢ ᠲᠤᠬᠢᠷᠠᠭᠤᠯᠬᠤ᠂ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢᠨ | ᠴᠢᠬᠤᠯᠠ ᠰᠢᠪᠲᠤᠯᠤᠯᠲᠠ ᠶᠢᠨ ᠴᠡᠭ ᠪᠣᠯᠭᠠᠵᠤ᠂ ᠭᠠᠵᠠᠷ ᠵᠦᠢ ᠶᠢᠨ ᠪᠠᠶᠢᠷᠢᠯᠠᠯ ᠤᠨ ᠬᠠᠷᠢᠴᠠᠩᠭᠤᠢ ᠳᠠᠪᠠᠭᠤᠯᠢᠭ᠂ | ᠡᠬᠢ ᠪᠠᠶᠠᠯᠢᠭ ᠡᠯᠪᠡᠭ ᠤᠨ ᠬᠠᠷᠢᠴᠠᠩᠭᠤᠢ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠠᠮᠵᠢᠯᠠᠯᠲᠤ ᠠᠵᠤ | ᠦᠢᠯᠡᠰ ᠢ ᠲᠦᠷᠭᠡᠨ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠰᠦᠨ ᠱᠤᠤ ᠴᠧᠩ ᠱᠦᠵᠢ ᠶᠢᠨ ᠬᠤᠯᠪᠣᠭᠳᠠᠯ | ᠪᠦᠬᠦᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ︽ᠵᠠᠰᠠᠬᠤ︾ ᠪᠠ ︽ᠪᠠᠲᠤᠯᠠᠬᠤ︾ | ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ | ᠵᠠᠰᠠᠬᠤ ᠶᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠭᠤᠷᠪᠠᠨ ᠶᠡᠭᠡ ᠡᠯᠡᠰᠦᠨ ᠴᠥᠯ ᠤᠯᠠᠮ | ᠥᠷᠭᠡᠵᠢᠨ ᠲᠡᠯᠡᠬᠦ ᠠᠴᠠ ᠰᠡᠷᠭᠡᠶᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ᠪᠠᠳᠠᠶ ᠶᠢᠨ ᠵᠢᠷᠠᠨ᠂ ᠲᠡᠭᠷᠢ᠂ ᠤᠯᠠᠭᠠᠨᠪᠤᠬ᠎ᠠ ᠭᠤᠷᠪᠠᠨ ᠶᠡᠭᠡ ᠡᠯᠡᠰᠦᠨ ᠴᠥᠯ ᠤᠨ ᠬᠢᠯᠢ ᠬᠢᠵᠠᠭᠠᠷ ᠤᠨ ᠡᠮᠦᠨᠡᠰᠢ | ᠲᠡᠯᠡᠵᠦ ᠵᠡᠭᠦᠨᠰᠢ ᠰᠢᠯᠵᠢᠬᠦ ᠶᠢ ᠬᠤᠷᠢᠭᠯᠠᠵᠤ᠂ ᠰᠡᠷᠭᠡᠶᠢᠯᠡᠨ ᠬᠤᠷᠢᠭᠯᠠᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ | ᠤᠢ ᠰᠢᠭᠤᠢ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠲᠦᠷᠦᠯ ᠵᠦᠢᠯ ᠪᠣᠯᠤᠨ ᠨᠢᠭᠲᠠᠴᠠ ᠶᠢ | ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠬᠡᠷᠡᠭᠯᠡᠬᠦ | ᠤᠰᠤ ᠶᠢ ᠵᠦᠢ ᠵᠣᠬᠢᠰᠲᠠᠢ ᠪᠠᠲᠤᠯᠠᠵᠤ᠂ ᠣᠶᠢᠵᠢᠭᠤᠯᠵᠤ ᠡᠪᠡᠰᠦ ᠲᠠᠷᠢᠬᠤ ᠡᠳᠡᠭᠡᠷᠡᠯᠲᠡ ᠶᠢᠨ ᠨᠤᠷᠮ᠎ᠠ ᠪᠣᠯᠤᠨ | ᠡᠪᠡᠰᠦᠨ ᠵᠣᠷ ᠤᠨ ᠪᠦᠷᠢᠨ ᠪᠦᠲᠦᠨ ᠪᠠᠶᠢᠬᠤ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠵᠦ᠂ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠢᠶᠠᠷ ᠴᠠᠬᠢᠯᠭᠠᠨ ᠭᠠᠷᠭᠠᠬᠤ | ᠨᠢᠭᠡ ᠴᠤᠭᠴᠠᠵᠢᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠠᠮᠢ ᠠᠬᠤᠶ ᠶᠢᠨ ᠡᠯᠡᠰᠦᠨ ᠤ ᠠᠵᠤ ᠦᠢᠯᠡᠰ᠂ | ᠡᠯᠡᠰᠦᠨ ᠴᠦᠯ ᠤᠨ ᠵᠢᠭᠤᠯᠴᠢᠯᠠᠯ ᠤᠨ ᠦᠢᠯᠡᠰ᠂ ᠰᠠᠯᠬᠢ ᠭᠡᠷᠡᠯ ᠤᠨ ᠰᠢᠨ᠎ᠡ ᠡᠨᠧᠷᠭᠢ ᠵᠡᠷᠭᠡ ᠣᠨᠴᠠᠯᠢᠭᠲᠤ ᠠᠵᠤ | ᠦᠢᠯᠡᠰ ᠢ ᠢᠳᠡᠪᠬᠢᠲᠡᠶ ᠪᠠᠷ ᠪᠤᠶᠢᠵᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠡᠷᠭᠡ ᠬᠠᠮᠠᠭᠠᠯᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠦᠴᠦᠲᠡᠶ ᠬᠢᠨᠠᠯᠲᠠ ᠲᠠᠯᠪᠢᠨ ᠠᠬᠢᠭᠤᠯᠬᠤ ᠬᠡᠷᠡᠭᠲᠡᠶ | ᠭᠡᠵᠤ ᠱᠠᠭᠠᠷᠳᠠᠪᠠ᠃ | ᠬᠤᠷᠠᠯ ᠠᠴᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠶᠡᠭᠡ ᠤᠯᠤᠰ ᠲᠦᠷᠦ ᠶᠢᠨ | ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠣᠷᠴᠢᠨ ᠲᠣᠭᠤᠷᠢᠨ ᠤ | ᠭᠦᠢᠴᠡᠳᠬᠡᠯ ᠲᠤᠭ᠎ᠠ ᠶᠢᠨ ᠬᠢᠨᠠᠨ ᠬᠡᠮᠵᠢᠯᠲᠡ ᠶᠢ ᠪᠠᠶᠢᠩᠭᠤᠵᠢᠭᠤᠯᠤᠨ ᠰᠠᠶᠢᠲᠤᠷ ᠬᠢᠵᠦ᠂ ᠡᠯ᠎ᠡ ᠲᠦᠷᠦᠯ ᠤᠨ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭ᠎ᠠ ᠥᠷᠨᠢᠭᠦᠯᠵᠦ᠂ ᠴᠢᠩᠭ᠎ᠠ ᠠᠳᠬᠤᠨ ᠲᠦᠷᠭᠡᠨ | ᠰᠢᠢᠳᠪᠦᠷᠢᠯᠡᠵᠦ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠠᠮᠢ ᠠᠬᠤᠢ ᠣᠷᠴᠢᠨ | ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠵᠤ ᠱᠠᠭᠠᠷᠳᠠᠪᠠ᠃ | ᠬᠤᠷᠠᠯ ᠠᠴᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠠᠤᠯᠢ ᠳᠤ ᠲᠣᠭᠲᠠᠭᠠᠭᠰᠠᠨ ᠡᠷᠬᠡ ᠶᠢᠨ | ᠬᠢᠵᠠᠭᠠᠷ᠂ ᠲᠦᠷᠢᠮ᠂ ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢᠵᠢᠯ ᠤᠨ ᠳᠣᠣᠷ᠎ᠠ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ | ᠪᠤᠳᠤᠯᠭ᠎ᠠ ᠲᠣᠭᠲᠠᠭᠠᠬᠤ᠂ ᠠᠵᠢᠯ ᠶᠠᠪᠤᠳᠠᠯ ᠬᠢᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠪᠥᠬᠦ ᠠᠷᠠᠳ ᠤᠨ ᠬᠠᠤᠯᠢ | ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠬᠠᠤᠯᠢ ᠲᠦᠭᠡᠮᠡᠯᠵᠢᠭᠦᠯᠬᠦ ᠠᠭᠤᠯᠭ᠎ᠠ ᠶᠢ ᠪᠠᠶᠠᠯᠢᠭᠵᠢᠭᠤᠯᠤᠨ᠂ | ᠬᠠᠤᠯᠢ ᠲᠦᠭᠡᠮᠡᠯᠵᠢᠭᠦᠯᠬᠦ ᠬᠡᠯᠪᠡᠷᠢ ᠶᠢ ᠥᠷᠭᠡᠳᠬᠡᠵᠦ᠂ ᠬᠠᠤᠯᠢ ᠪᠠᠷ ᠵᠠᠰᠠᠬᠤ ᠠᠯᠠᠱᠠ ᠵᠡᠭᠦᠨ ᠬᠤᠰᠢᠭᠤᠨ ᠤ | ᠪᠥᠲᠥᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠤ | ᠴᠢᠬᠤᠯᠠᠴᠢᠯᠠᠪᠠ᠃ | ᠬᠤᠷᠠᠯ ᠠᠴᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ᠂ ᠰᠢᠨᠵᠢᠯᠡᠬᠦ ᠤᠬᠠᠭᠠᠨ ᠮᠡᠷᠭᠡᠵᠢᠯ᠂ ᠠᠶᠤᠯᠭᠦᠢ ᠦᠢᠯᠡᠳᠪᠦᠷᠢᠯᠡᠯ ᠵᠡᠷᠭᠡ | ᠠᠵᠢᠯ ᠢ ᠰᠠᠶᠢᠲᠤᠷ ᠠᠳᠬᠤᠬᠤ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ ᠪᠠᠰᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠤᠰᠤᠳ ᠵᠦᠢᠯᠡᠰ ᠢ | ᠰᠤᠳᠤᠯᠵᠠᠢ᠃ | | |