ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/27
   3 ᠰᠠᠷ᠎ᠠ ᠶᠢᠨ 28 ᠤ ᠡᠳᠦᠷ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ ᠬᠤᠷᠠᠯ ᠳᠤ ᠣᠷᠣᠯᠴᠠᠵᠠᠶ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ ᠠᠵᠤ ᠠᠬᠤᠢ᠂ ᠬᠥᠳᠡᠭᠡ ᠲᠣᠰᠬᠤᠨ᠂ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2025 ᠣᠨ ᠤ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠢᠨ ᠰᠠᠨᠠᠯ ᠢᠶᠠᠨ ᠰᠣᠯᠢᠯᠴᠠᠪᠠ᠃    ᠬᠤᠷᠠᠯ ᠠᠴᠠ᠂ ᠴᠢᠭᠯᠡᠯ ᠢ ᠣᠨᠣᠪᠴᠢᠲᠠᠶ ᠡᠵᠡᠮᠳᠡᠵᠦ᠂ ᠭᠦᠨᠵᠡᠭᠡᠶ ᠰᠤᠷᠤᠯᠴᠠᠨ ᠯᠠᠪᠳᠠᠭᠤᠨ ᠪᠠᠲᠤᠲᠠᠶ ᠬᠡᠷᠡᠭᠯᠡᠬᠦ ᠶᠢ ᠪᠠᠷᠢᠮᠲᠠᠯᠠᠵᠤ᠂ ︽ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠪᠠᠷ ᠵᠢᠯᠤᠭᠤᠳᠤᠯᠭ᠎ᠠ ᠪᠣᠯᠭᠠᠵᠤ᠂ ︽ᠬᠤᠶᠠᠷ ᠨᠠᠷᠢᠨ ᠲᠠᠩᠰᠠ︾ ᠶᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠶᠢ ᠨᠠᠩ ᠪᠠᠬᠢᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠢ ᠨᠠᠩ ᠴᠡᠴᠡᠭᠯᠡᠭᠦᠯᠦᠨ ᠬᠥᠭᠵᠢᠭᠦᠯᠬᠦ᠂ ᠮᠠᠯᠴᠢᠨ ᠲᠠᠷᠢᠶᠠᠴᠢᠨ ᠤ ᠠᠮᠢᠳᠤᠷᠠᠯ ᠢ ᠨᠠᠩ ᠥᠭᠡᠳᠡ ᠡᠰᠡᠷᠡᠭ ᠪᠣᠯᠭᠠᠬᠤ ᠪᠠᠷ ᠴᠢᠷᠮᠠᠶᠢᠬᠤ ᠬᠡᠷᠡᠭᠲᠡᠶ᠃ ᠦᠨᠡᠨ ᠪᠣᠳᠠᠲᠠᠢ ᠪᠠᠷ ᠬᠢᠬᠦ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠶᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠤᠨᠴᠠᠯᠢᠬᠳᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ ᠮᠥᠨ︾ ᠪᠣᠯᠬᠤ ᠶᠢ ᠢᠮᠠᠭᠲᠠ ᠪᠠᠲᠤ ᠴᠡᠭᠡᠵᠢᠯᠡᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯᠡᠰᠦᠨ ᠴᠦᠯ ᠤᠨ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠡᠯᠡᠰᠦᠨ ᠤ ᠤᠷᠭᠤᠮᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠦᠷᠳᠡᠭ ᠢ ᠠᠭᠤᠳᠠᠯᠵᠤ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠯᠠᠪᠳᠠᠭᠤᠨ ᠪᠠᠲᠤᠲᠠᠢ᠂ ᠤᠳᠠᠭᠠᠨ ᠳᠠᠭᠠᠭᠠᠮᠠᠭᠠᠢ ᠪᠠᠶᠢᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ ᠤᠯᠠᠨ ᠲᠦᠮᠡᠨ ᠤ ᠮᠡᠳᠡᠷᠡᠮᠵᠢ ᠶᠢᠨ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠶᠢ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠪᠣᠳᠠᠲᠠᠶ ᠨᠠᠷᠢᠯᠢᠭ ᠬᠢᠬᠦ ᠲᠠᠢ ᠨᠢᠭᠲᠠ ᠤᠶᠠᠯᠳᠤᠭᠤᠯᠵᠤ᠂ ᠨᠠᠩ ᠴᠢᠩᠭ᠎ᠠ ᠨᠠᠩ ᠪᠣᠳᠠᠲᠠᠶ ᠠᠵᠢᠯ ᠤᠨ ᠰᠤᠷᠲᠠᠯ ᠢᠶᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠠᠮ ᠢ ᠬᠠᠮᠠᠭᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠤ ᠴᠢᠬᠤᠯᠠᠴᠢᠯᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号