ᠠᠯᠠᠱᠠ ᠵᠡᠭᠦᠨ ᠬᠤᠰᠢᠭᠤ᠄ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠡᠭᠦᠳᠡᠨ ᠡᠮᠨᠡᠯᠭᠡ ᠨᠢᠭᠡᠨᠲᠡ ᠠᠵᠢᠯᠯᠠᠵᠤ᠂ ᠰᠢᠨᠵᠢᠯᠡᠬᠦ ᠤᠬᠠᠭᠠᠨᠴᠢ ᠪᠠᠷ ᠪᠠᠶ᠎ᠡ ᠶᠢᠨ ᠬᠦᠨᠳᠦ ᠪᠠᠨ ᠪᠠᠭᠤᠷᠠᠭᠤᠯᠵᠤ ᠪᠣᠯᠬᠤ ᠪᠣᠯᠪᠠ
ᠨᠡᠶᠢᠲᠡᠯᠡᠭᠰᠡᠨ ᠴᠠᠭ᠄
2025/4/27
     2025 ᠣᠨ ᠤ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ︾ ᠨᠢ ᠬᠠᠯᠠᠮᠰᠢᠯ ᠦᠭᠡ ᠪᠣᠯᠵᠣ᠂ ᠬᠥᠮᠦᠰ ᠤᠨ ᠠᠩᠬᠠᠷᠤᠯ ᠢ ᠶᠡᠬᠡᠳᠡ ᠲᠠᠲᠠᠪᠠ᠃ ᠣᠶᠢᠷ᠎ᠠ ᠶᠢᠨ ᠡᠳᠦᠷ ᠤᠳ ᠲᠤ᠂ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠤ ᠠᠵᠢᠯᠯᠠᠭ᠎ᠠ ᠠᠯᠠᠱᠠ ᠵᠡᠭᠦᠨ ᠬᠤᠰᠢᠭᠤᠨ ᠳᠤ ᠦᠷᠭᠦᠯᠵᠢᠯᠡᠨ ᠠᠭᠢᠵᠤ᠂ ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠴᠤ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠡᠭᠦᠳᠡᠨ ᠡᠮᠨᠡᠯᠭᠡ ᠭᠠᠷᠭᠠᠵᠤ᠂ ᠰᠢᠨᠵᠢᠯᠡᠬᠦ ᠤᠬᠠᠭᠠᠨᠴᠢ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠲᠦᠭᠡᠮᠡᠯᠵᠢᠭᠦᠯᠵᠦ᠂ ᠣᠯᠠᠨ ᠳᠤ ᠨᠠᠩ ᠲᠤᠰᠬᠠᠶ ᠮᠡᠷᠭᠡᠵᠢᠯ᠂ ᠨᠠᠩ ᠪᠥᠬᠦ ᠲᠠᠯ᠎ᠠ ᠶᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠪᠠ᠃
   ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠡᠭᠦᠳᠡᠨ ᠡᠮᠨᠡᠯᠭᠡ ᠳᠤ᠂ ᠪᠡᠶ᠎ᠡ ᠶᠢᠨ ᠬᠦᠨᠳᠦ ᠪᠠᠨ ᠪᠠᠭᠠᠰᠬᠠᠬᠤ ᠠᠰᠠᠭᠤᠳᠠᠯ ᠢ ᠠᠰᠠᠭᠤᠨ ᠯᠠᠪᠯᠠᠬᠤ ᠪᠠᠷ ᠢᠷᠡᠭᠰᠡᠨ ᠰᠠᠭᠤᠭᠠᠯᠢ ᠠᠷᠠᠳ ᠲᠠᠰᠤᠷᠠᠯᠲᠠ ᠥᠬᠡᠶ ᠣᠯᠠᠰᠢᠷᠠᠵᠤ᠂ ᠡᠮᠴᠢ ᠶᠠᠭ ᠡᠪᠡᠳᠴᠢᠲᠡᠨ ᠳᠤ ᠬᠦᠯᠢᠴᠡᠩᠭᠦᠶ ᠪᠠᠷ ᠪᠠᠶᠢᠴᠠᠭᠠᠯᠲᠠ ᠬᠢᠵᠦ᠂ ᠲᠡᠳᠡᠨ ᠤ ᠢᠳᠡᠭᠡᠨ ᠤᠮᠳᠠᠭᠠᠨ ᠤ ᠳᠠᠳᠬᠠᠯ᠂ ᠬᠥᠳᠡᠯᠭᠡᠭᠡᠨ ᠤ ᠪᠠᠶᠢᠳᠠᠯ ᠪᠠ ᠠᠮᠢᠳᠤᠷᠠᠯ ᠤᠨ ᠠᠷᠭ᠎ᠠ ᠮᠠᠶ᠋ᠢᠭ ᠢ ᠨᠠᠷᠢᠨ ᠣᠶᠢᠯᠠᠭᠠᠵᠤ᠂ ᠡᠪᠡᠳᠴᠢᠲᠡᠨ ᠤ ᠪᠣᠳᠠᠲᠠᠶ ᠪᠠᠶᠢᠳᠠᠯ ᠢ ᠦᠨᠳᠦᠰᠦᠯᠡᠨ ᠲᠤᠰᠬᠠᠶ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠲᠥᠯᠥᠪᠯᠡᠭᠡ ᠶᠢ ᠲᠣᠭᠲᠠᠭᠠᠵᠤ ᠪᠠᠶᠢᠪᠠ᠃     ᠡᠮᠨᠡᠨ ᠵᠠᠰᠠᠬᠤ ᠥᠷᠥᠭᠡᠨ ᠳᠣᠲᠣᠷ᠎ᠠ᠂ ᠡᠮᠴᠢ ᠰᠠᠭᠤᠭᠠᠯᠢ ᠠᠷᠠᠳ ᠤᠨ ᠪᠠᠯᠴᠢᠷ ᠲᠤ ᠤᠭᠤᠷᠠᠭ ᠤᠨ ᠤᠲᠠᠰᠤ ᠪᠤᠯᠠᠵᠤ᠂ ᠪᠡᠯᠴᠢᠷ ᠨᠢ ᠬᠢᠲᠠᠳ ᠡᠮᠨᠡᠯᠭᠡ ᠶᠢᠨ ᠵᠡᠭᠦᠦ ᠲᠥᠭᠡᠨᠡᠯᠭᠡ ᠶᠢᠨ ᠤᠨᠤᠯ ᠠᠴᠠ ᠢᠷᠡᠯᠲᠡ ᠲᠠᠢ ᠪᠠᠶᠢᠵᠤ᠂ ᠤᠭᠤᠷᠠᠭ ᠤᠨ ᠤᠲᠠᠰᠤ ᠶᠢ ᠰᠢᠩᠭᠡᠭᠡᠨ ᠠᠪᠴᠤ ᠡᠪᠡᠳᠴᠢᠲᠡᠨ ᠤ ᠪᠡᠶ᠎ᠡ ᠶᠢᠨ ᠳᠣᠲᠣᠷᠠᠬᠢ ᠲᠣᠭᠲᠠᠭᠰᠠᠨ ᠪᠠᠯᠴᠢᠷ ᠲᠤ ᠪᠤᠯᠠᠵᠤ᠂ ᠪᠠᠯᠴᠢᠷ ᠲᠤ ᠦᠷᠭᠦᠯᠵᠢᠯᠡᠨ ᠰᠡᠲᠡᠯᠲᠡ ᠥᠭᠴᠦ᠂ ᠬᠥᠮᠦᠨ ᠤ ᠪᠡᠶ᠎ᠡ ᠶᠢᠨ ᠳᠣᠲᠣᠭᠠᠳᠤ ᠰᠢᠭᠦᠷᠡᠯ ᠪᠠ ᠰᠣᠯᠢᠯᠴᠠᠭᠠᠨ ᠤ ᠴᠢᠳᠠᠮᠵᠢ ᠶᠢ ᠲᠣᠬᠢᠷᠠᠭᠤᠯᠵᠤ᠂ ᠪᠡᠶ᠎ᠡ ᠶᠢᠨ ᠬᠦᠨᠳᠦ ᠶᠢ ᠪᠠᠭᠤᠷᠠᠭᠤᠯᠵᠤ᠂ ᠳᠡᠳ᠋ ᠡᠷᠡᠭᠦᠯ ᠮᠡᠨᠳᠦ ᠶᠢᠨ ᠪᠠᠶᠢᠳᠠᠯ ᠢ ᠰᠠᠶᠢᠵᠢᠷᠠᠭᠤᠯᠳᠠᠭ᠃    ᠣᠶᠢᠯᠠᠭᠠᠭᠰᠠᠨ ᠢᠶᠠᠷ᠂ ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ︽ᠪᠥᠬᠦ ᠦᠶᠡᠯᠡᠯ ᠤᠨ ᠬᠤᠭᠤᠴᠠᠭ᠎ᠠ ᠲᠠᠢ᠂ ᠪᠥᠬᠦ ᠲᠠᠯ᠎ᠠ︾ ᠶᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠪᠣᠶ ᠪᠣᠯᠭᠠᠵᠤ᠂ ᠬᠢᠲᠠᠳ ᠡᠮ ᠡᠮᠨᠡᠯᠭᠡ ᠶᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠦᠢᠯᠡᠳᠦᠯ ᠪᠠ ᠳᠠᠪᠠᠭᠤᠯᠢᠭ ᠢ ᠤᠯᠠᠮ ᠴᠢᠨᠠᠭᠰᠢᠳᠠ ᠪᠠᠳᠠᠷᠠᠭᠤᠯᠪᠠ᠃ ᠠᠳᠠᠯᠢ ᠪᠤᠰᠤ ᠲᠥᠷᠥᠯ ᠤᠨ ᠲᠠᠷᠭᠤᠨ ᠡᠪᠡᠳᠴᠢᠲᠡᠨ ᠳᠤ ᠴᠢᠭᠯᠡᠭᠦᠯᠦᠨ᠂ ᠡᠮᠴᠢ ᠨᠠᠷ ᠪᠠᠯᠴᠢᠷ ᠲᠤ ᠤᠲᠠᠰᠤ ᠪᠤᠯᠠᠬᠤ᠂ ᠬᠢᠲᠠᠳ ᠡᠮ ᠤᠨ ᠴᠠᠢ ᠤᠤᠭᠤᠬᠤ᠂ ᠬᠤᠯᠤ ᠶᠢᠨ ᠰᠣᠶᠢᠬ᠎ᠠ ᠪᠠᠷ ᠲᠥᠭᠡᠨᠡᠬᠦ ᠵᠡᠷᠭᠡ ᠬᠢᠲᠠᠳ ᠡᠮᠨᠡᠯᠭᠡ ᠶᠢᠨ ᠣᠨᠴᠠᠯᠢᠭᠲᠤ ᠵᠠᠰᠠᠯᠭ᠎ᠠ ᠠᠪᠴᠤ᠂ ᠡᠪᠡᠳᠴᠢᠲᠡᠨ ᠳᠤ ᠢᠳᠡᠭᠡᠨ ᠤᠮᠳᠠᠭᠠᠨ ᠪᠠ ᠬᠥᠳᠡᠯᠭᠡᠭᠡᠨ ᠢ ᠵᠣᠬᠢᠴᠠᠭᠤᠯᠬᠤ᠂ ᠥᠪᠡᠷ ᠤᠨ ᠪᠡᠶ᠎ᠡ ᠳᠡᠭᠡᠨ ᠱᠠᠭᠠᠷᠳᠠᠯᠭ᠎ᠠ ᠲᠠᠯᠪᠢᠵᠤ᠂ ᠪᠡᠶ᠎ᠡ ᠮᠠᠬᠠᠪᠣᠳ ᠢᠶᠠᠨ ᠰᠠᠶᠢᠵᠢᠷᠠᠭᠤᠯᠬᠤ ᠬᠦᠰᠡᠯ ᠲᠠᠢ ᠬᠥᠮᠦᠰ ᠤᠨ ᠠᠮᠤᠷ ᠲᠥᠪᠰᠢᠨ᠂ ᠡᠷᠡᠭᠦᠯ ᠮᠡᠨᠳᠦ ᠶᠢᠨ ᠬᠡᠮᠵᠢᠶ᠎ᠡ ᠶᠢ ᠪᠠᠭᠠᠰᠬᠠᠬᠤ ᠶᠢ ᠬᠠᠪᠰᠤᠷᠬᠤ ᠵᠢᠯᠣᠭᠤᠳᠤᠯᠭ᠎ᠠ ᠥᠭᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号