ᠠᠯᠠᠱᠠ ᠵᠡᠭᠦᠨ ᠬᠤᠰᠢᠭᠤ ᠬᠤᠲᠠ ᠶᠢᠨ ᠴᠡᠴᠡᠷᠯᠢᠭᠵᠢᠭᠦᠯᠦᠨ ᠨᠣᠭᠤᠭᠠᠷᠠᠭᠤᠯᠬᠤ ᠠᠷᠠᠴᠢᠯᠠᠯᠲᠠ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2025/4/27
     ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭᠵᠢᠭᠦᠯᠦᠨ ᠨᠣᠭᠤᠭᠠᠷᠠᠭᠤᠯᠬᠤ ᠦᠢᠯᠡᠴᠢᠯᠡᠭᠡᠨ ᠤ ᠲᠥᠪ ᠬᠠᠪᠤᠷ ᠤᠨ ᠤᠯᠠᠷᠢᠯ ᠤᠨ ᠠᠷᠠᠴᠢᠯᠠᠨ ᠬᠠᠮᠠᠭᠠᠯᠠᠬᠤ ︽ᠰᠢᠵᠢᠷ ᠠᠯᠲᠠᠨ ᠴᠠᠭ︾ ᠢ ᠵᠠᠪᠳᠤᠨ᠂ ᠬᠠᠪᠤᠷ ᠤᠨ ᠴᠢᠬᠢ ᠮᠣᠳᠣ ᠶᠢ ᠬᠠᠶᠢᠴᠢᠯᠠᠨ ᠵᠠᠰᠠᠬᠤ᠂ ᠨᠥᠬᠦᠵᠦ ᠲᠠᠷᠢᠬᠤ᠂ ᠪᠣᠷᠳᠣᠭᠤᠷ ᠣᠷᠣᠭᠤᠯᠬᠤ᠂ ᠵᠡᠷᠯᠢᠭ ᠡᠪᠡᠰᠦ ᠶᠢ ᠠᠷᠢᠯᠭᠠᠬᠤ ᠵᠡᠷᠭᠡ ᠴᠡᠴᠡᠷᠯᠢᠭᠵᠢᠭᠦᠯᠦᠨ ᠨᠣᠭᠤᠭᠠᠷᠠᠭᠤᠯᠬᠤ ᠠᠷᠠᠴᠢᠯᠠᠯᠲᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠨᠣᠭᠤᠭᠠᠷᠠᠭᠤᠯᠤᠯᠲᠠ ᠶᠢᠨ ᠦᠵᠡᠮᠵᠢ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ  ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃
   ᠴᠡᠷᠢᠭ ᠤᠨ ᠬᠤᠸᠠᠷᠠᠨ ᠠᠭᠤᠯᠠ ᠦᠵᠡᠮᠵᠢ ᠶᠢᠨ ᠴᠡᠴᠡᠷᠯᠢᠭ᠂ ᠡᠯᠡᠰᠦᠨ ᠤ ᠤᠷᠭᠤᠮᠠᠯ ᠤᠨ ᠬᠦᠷᠢᠶᠡᠯᠡᠩ ᠵᠡᠷᠭᠡ ᠭᠠᠵᠠᠷ ᠲᠤ᠂ ᠠᠵᠢᠯᠲᠠᠳ ᠴᠢᠬᠢ ᠮᠣᠳᠣ ᠶᠢ ᠬᠠᠶᠢᠴᠢᠯᠠᠨ ᠵᠠᠰᠠᠬᠤ ᠶᠢᠨ ᠬᠠᠮᠲᠤ ᠤᠷᠭᠤᠮᠠᠯ ᠤᠨ ᠲᠦᠷᠦᠯ ᠵᠦᠢᠯ ᠪᠠ ᠤᠷᠭᠤᠯᠲᠠ ᠶᠢᠨ ᠬᠡᠷᠡᠭᠴᠡᠭᠡ ᠶᠢ ᠦᠨᠳᠦᠰᠦᠯᠡᠨ ᠨᠠᠷᠢᠯᠢᠭ ᠣᠨᠣᠴᠠᠲᠠᠶ ᠪᠠᠷ ᠪᠣᠷᠳᠣᠭᠤᠷ ᠣᠷᠣᠭᠤᠯᠵᠤ᠂ ᠤᠷᠭᠤᠮᠠᠯ ᠤᠨ ᠨᠣᠭᠤᠭᠠᠷᠠᠯᠲᠠ ᠳᠤ ᠭᠦᠢᠴᠡᠳ ᠰᠢᠮ᠎ᠡ ᠲᠡᠵᠢᠭᠡᠯ ᠬᠠᠩᠭᠠᠪᠠ᠃ ᠡᠭᠦᠨ ᠤ ᠬᠠᠮᠲᠤ᠂ ᠡᠪᠦᠯ ᠤᠨ ᠤᠯᠠᠷᠢᠯ ᠤᠨ ᠬᠥᠯᠳᠡᠭᠦᠦ ᠬᠥᠨᠥᠭᠡᠯ᠂ ᠨᠠᠰᠤᠵᠢᠵᠤ ᠦᠬᠦᠭᠰᠡᠨ ᠴᠢᠬᠢ ᠮᠣᠳᠣ ᠶᠢ ᠢᠯᠭᠠᠷᠠᠭᠤᠯᠤᠨ ᠴᠡᠪᠡᠷᠯᠡᠵᠦ᠂ ᠲᠣᠰ ᠭᠠᠵᠠᠷ ᠤᠨ ᠲᠣᠬᠢᠷᠠᠮᠵᠢᠲᠠᠶ ᠴᠢᠬᠢ ᠮᠣᠳᠣ ᠶᠢ ᠰᠣᠩᠭᠤᠨ ᠳᠠᠷᠢᠵᠤ᠂ ᠤᠷᠭᠤᠮᠠᠯ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠶᠢᠨ ᠬᠠᠮᠲᠤ᠂ ᠠᠮᠤᠷ ᠲᠦᠪᠰᠢᠨ ᠤ ᠳᠠᠯᠳᠠ ᠬᠡᠮ ᠢ ᠪᠠᠭᠠᠰᠬᠠᠵᠤ᠂ ᠴᠡᠴᠡᠷᠯᠢᠭ ᠤᠨ ᠤᠷᠭᠤᠮᠠᠯ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠴᠡᠶ᠃    ᠣᠳᠣᠬᠠᠨ ᠳᠤ᠂ ᠨᠢᠭᠡᠨᠲᠡ 1200 ᠭᠠᠷᠤᠶ ᠰᠠᠭᠤᠷᠢ ᠬᠠᠶᠢᠴᠢᠯᠠᠵᠤ᠂ 900 ᠭᠠᠷᠤᠶ ᠰᠠᠭᠤᠷᠢ ᠬᠠᠶᠢᠲᠠᠩ᠂ ᠬᠤᠩᠭᠤᠷᠴᠠᠭᠲᠤ ᠮᠣᠳᠣ ᠨᠥᠬᠦᠵᠦ ᠲᠠᠷᠢᠵᠤ᠂ 1600 ᠲᠡᠭᠰᠢ ᠳᠥᠷᠪᠡᠯᠵᠢᠨ ᠮᠧᠲᠷ ᠤᠨ ᠬᠠᠪᠲᠠᠭᠠᠢ ᠠᠷᠴᠠ ᠶᠢᠨ ᠬᠠᠰᠢᠶ᠎ᠠ ᠶᠢ ᠰᠡᠯᠪᠢᠨ ᠵᠠᠰᠠᠵᠤ᠂ ᠰᠢᠨ᠎ᠡ ᠪᠠᠷ ᠲᠠᠷᠢᠭᠰᠠᠨ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠪᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号