| 4 ᠰᠠᠷ᠎ᠠ ᠶᠢᠨ 3 ᠤ ᠡᠳᠦᠷ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠤᠷᠠᠯ ᠬᠤᠷᠠᠯᠳᠤᠭᠤᠯᠵᠤ᠂ 2024 ᠣᠨ ᠤ ᠨᠡᠶᠢᠭᠡᠮ ᠤᠨ ᠠᠵᠢᠯ ᠢ ᠳ᠋ᠦᠩᠨᠡᠵᠦ᠂ 2025 ᠣᠨ ᠤ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ | ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠨᠡᠶᠢᠭᠡᠮ ᠤᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ | ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠶᠠᠨᠬᠤᠲᠠ ᠪᠠᠯᠭᠠᠰᠤ᠂ | ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠵᠢᠯᠴᠢᠨ ᠤ ᠶᠡᠷᠦᠩᠬᠡᠶ | ᠡᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠰᠠᠨᠠᠯ ᠢᠶᠠᠨ | ᠰᠣᠯᠢᠯᠴᠠᠵᠠᠢ᠃ | ᠯᠢᠦ ᡁᠢ ᠴᠢᠶᠠᠩ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ | ᠳᠡᠭᠡᠭᠰᠢᠯᠡᠭᠦᠯᠵᠦ᠂ ᠢᠮᠠᠭᠲᠠ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠨᠡᠶᠢᠭᠡᠮ ᠤᠨ ᠠᠵᠢᠯ ᠢ | ᠲᠥᠯᠥᠪᠵᠢᠭᠦᠯᠦᠨ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠡᠶᠢᠭᠡᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ | ᠡᠷᠬᠡ ᠬᠠᠷᠢᠭᠤᠴᠠᠯᠭ᠎ᠠ ᠲᠣᠳᠣᠷᠬᠠᠢ᠂ ᠡᠷᠭᠢᠯᠲᠡ ᠥᠨᠳᠥᠷ ᠪᠦᠲᠦᠮᠵᠢᠲᠡᠢ᠂ ᠤᠯᠠᠨ ᠲᠦᠮᠡᠨ ᠰᠡᠳᠬᠢᠯ ᠬᠠᠨᠤᠮᠵᠢᠲᠠᠢ | ᠣᠳᠣᠬᠢᠴᠢᠯᠠᠭᠰᠠᠨ ᠨᠡᠶᠢᠭᠡᠮ ᠤᠨ ᠠᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠪᠦᠬᠦ ᠬᠦᠴᠦᠨ ᠢᠶᠠᠷ ᠢᠶᠠᠨ | ᠨᠡᠶᠢᠭᠡᠮ ᠤᠨ ᠠᠵᠢᠯ ᠢ ᠨᠡᠩ ᠰᠠᠶᠢᠨ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠪᠠᠬᠢ ᠪᠤᠢ ᠪᠣᠯᠭᠠᠬᠤ ᠶᠢ ᠨᠡᠶᠢᠭᠡᠮ ᠤᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠢᠮᠠᠭᠲᠠ | ᠲᠤᠤᠱᠯᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠤᠨ᠎ᠠ᠃ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠢᠮᠠᠭᠲᠠ | ᠠᠯᠤᠰ ᠬᠡᠳᠤ ᠳᠤ ᠠᠰᠢᠭᠲᠠᠢ ᠬᠠᠷᠠᠴᠠ ᠪᠠᠷ ᠨᠡᠶᠢᠭᠡᠮ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠨᠠᠮ ᠤᠨ ᠪᠠᠶᠢᠭᠤᠯᠤᠯᠲᠠ ᠶᠢᠨ ᠪᠠᠬᠢᠯᠡᠯᠲᠡ ᠶᠢ ᠪᠠᠲᠤ ᠴᠣᠭᠴᠠᠯᠠᠬᠤ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠷᠬᠡᠪᠰᠢ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ︽ᠬᠤᠶᠠᠷ ᠢ | ᠬᠠᠮᠤᠷᠬᠤ︾ ᠦᠷ᠎ᠡ ᠠᠰᠢᠭ ᠢ ᠨᠡᠮᠡᠭᠳᠡᠭᠦᠯᠬᠦ᠂ ︽ᠬᠤᠶᠠᠷ ᠴᠢᠳᠠᠮᠵᠢ︾ ᠶᠢᠨ ᠰᠠᠭᠤᠷᠢ ᠶᠢ ᠴᠢᠩᠭᠠᠳᠬᠠᠬᠤ᠂ ︽ | ᠬᠤᠶᠠᠷ ᠡᠩᠨᠡᠭᠡ︾ ᠶᠢ ᠳᠡᠭᠡᠭᠰᠢᠯᠡᠭᠦᠯᠬᠦ ᠪᠠ ︽ᠬᠤᠶᠠᠷ ᠬᠡᠰᠡᠭ ᠵᠢᠭᠰᠠᠭᠠᠯ ᠤᠨ ᠭᠠᠵᠠᠷ︾ ᠢ ᠪᠠᠬᠢᠵᠢᠭᠦᠯᠬᠦ ᠶᠢ | ᠭᠤᠣᠯᠳᠠᠯᠭ᠎ᠠ ᠲᠠᠢ ᠰᠠᠶᠢᠲᠤᠷ ᠬᠡᠷᠡᠭᠵᠢᠭᠦᠯᠵᠦ᠂ ᠨᠠᠮ ᠤᠨ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠤᠷᠢᠶᠠᠯᠠᠬᠤ | ᠬᠦᠴᠦᠨ᠂ ᠨᠢᠭᠲᠠᠷᠠᠯ ᠤᠨ ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | ᠨᠠᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠦᠨᠳᠦᠰᠦᠨ ᠱᠠᠲᠤᠨ ᠤ ᠵᠠᠰᠠᠯᠲᠠ ᠪᠠ | ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠲᠠᠯ᠎ᠠ ᠪᠠᠷ ᠤᠷᠲᠤ | ᠬᠤᠭᠤᠴᠠᠭ᠎ᠠ ᠪᠠᠷ ᠴᠢᠷᠮᠠᠶᠢᠵᠤ᠂ ᠰᠢᠨᠲᠠᠷᠠᠰᠢ ᠦᠭᠡᠢ ᠴᠢᠷᠮᠠᠶᠢᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ | ᠪᠣᠯᠭᠠᠬᠤ᠂ ᠴᠢᠳᠠᠪᠤᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ | ᠱᠠᠯᠠᠪᠳᠠᠭᠤᠯᠬᠤ︾ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠣᠯᠠᠨ ᠲᠦᠮᠡᠨ ᠳᠤ ᠦᠢᠯᠡᠴᠢᠯᠡᠬᠦ | ᠨᠡᠶᠢᠯᠡᠮᠡᠯ ᠬᠦᠴᠦᠨ ᠢ ᠨᠢᠭᠲᠠᠷᠠᠭᠤᠯᠬᠤ ᠲᠠᠯ᠎ᠠ ᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠷᠠᠳ | ᠲᠦᠮᠡᠨ ᠤ ᠰᠠᠨᠠᠭᠤᠯᠭ᠎ᠠ ᠶᠢ ᠴᠤᠭᠯᠠᠭᠤᠯᠬᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠵᠦ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠨᠡᠶᠢᠭᠡᠮ ᠤᠨ ᠠᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ᠲᠤᠰᠬᠠᠶ ᠨᠡᠶᠢᠭᠡᠮ ᠤᠨ | ᠠᠵᠢᠯᠲᠠᠨ ᠣᠯᠠᠨ ᠲᠦᠮᠡᠨ ᠣᠷᠣᠯᠴᠠᠬᠤ︾ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠦᠨ ᠬᠡᠷᠡᠭᠵᠢᠭᠦᠯᠵᠦ᠂ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠡᠯ᠎ᠡ ᠲᠠᠯ᠎ᠠ ᠶᠢᠨ ᠬᠢᠨ ᠬᠠᠮᠵᠢᠯᠴᠠᠨ ᠣᠷᠣᠯᠴᠠᠭᠰᠠᠨ | ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠢ᠃ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠵᠣᠷᠢᠭ ᠰᠢᠭᠤᠳᠤᠨ ᠦᠢᠯᠡᠳᠦᠯᠭᠡᠵᠢᠭᠦᠯᠵᠦ᠂ ᠢᠮᠠᠭᠲᠠ ᠪᠦᠬᠦ ᠲᠠᠯ᠎ᠠ ᠶᠢ ᠪᠣᠳᠣᠯᠬᠢᠯᠠᠬᠤ | ᠰᠡᠳᠬᠢᠬᠦᠶ ᠪᠠᠷ ᠨᠡᠶᠢᠭᠡᠮ ᠤᠨ ᠠᠵᠢᠯ ᠢ ᠬᠥᠲᠥᠯᠥᠨ ᠳᠠᠭᠠᠭᠤᠯᠬᠤ ᠪᠠ ᠭᠦᠨᠵᠡᠭᠡᠶᠢᠷᠡᠭᠦᠯᠵᠦ᠂ ᠨᠡᠶᠢᠭᠡᠮ ᠤᠨ ᠠᠵᠢᠯ ᠢ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ᠂ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ᠨᠠᠮ ᠤᠨ ᠤᠳᠤᠷᠢᠳᠤᠯᠭ᠎ᠠ ᠶᠢ ᠨᠡᠶᠢᠭᠡᠮ ᠤᠨ ᠠᠵᠢᠯ ᠤᠨ ᠪᠦᠬᠦ | ᠶᠠᠪᠤᠴᠠ ᠳᠤ ᠲᠤᠤᠱᠯᠠᠭᠤᠯᠵᠤ᠂ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠬᠤ᠂ ᠨᠡᠶᠢᠭᠡᠮ ᠤᠨ ᠠᠵᠢᠯ ᠤᠨ ᠰᠠᠯᠠᠭ᠎ᠠ | ᠮᠥᠴᠢᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠢᠯ ᠢᠶᠠᠨ | ᠬᠤᠪᠢᠶᠠᠷᠢᠯᠠᠨ ᠨᠠᠶᠢᠳᠠᠪᠤᠷᠢᠵᠢᠭᠤᠯᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠢᠶᠠᠷ ᠣᠷᠣᠯᠴᠠᠭᠰᠠᠨ | ᠨᠡᠶᠢᠭᠡᠮ ᠤᠨ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ | ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠪᠡ᠃ | ᠯᠢᠦ ᡁᠢ ᠴᠢᠶᠠᠩ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠠᠷᠤᠯᠲᠠ ᠥᠭᠴᠦ ᠡᠷᠡᠯᠬᠡᠭᠯᠡᠨ | ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠠᠯᠠᠱᠠ ᠵᠡᠭᠦᠨ ᠬᠤᠰᠢᠭᠤᠨ ᠤ ᠨᠡᠶᠢᠭᠡᠮ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠵᠡᠭᠦᠨ ᠬᠤᠰᠢᠭᠤᠨ ᠤ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠬᠡᠯᠡᠪᠡ᠃ | | | |