| ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠨ ᠯᠢᠶᠠᠩ | ᠵᠡᠭᠡᠯᠢ ᠨᠡᠶᠢᠭᠡᠮ ᠲᠣᠭᠤᠷᠢᠭ ᠤᠨ ᠬᠢᠨ ︽ᠨᠠᠰᠤᠲᠠᠶᠢᠴᠤᠳ ᠲᠤ ᠦᠢᠯᠡᠴᠢᠯᠡᠬᠦ︾ ᠶᠢ ᠠᠵᠢᠯ ᠤᠨ ᠭᠤᠣᠯᠳᠠᠯᠭ᠎ᠠ | ᠪᠣᠯᠭᠠᠵᠤ᠂ ᠨᠠᠰᠤᠲᠠᠶᠢᠴᠤᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠣᠯ ᠢᠶᠠᠨ ᠲᠥᠪᠯᠡᠷᠡᠭᠦᠯᠵᠦ᠂ | ᠨᠠᠰᠤᠲᠠᠶᠢᠴᠤᠳ ᠢ ᠬᠠᠪᠰᠤᠷᠤᠨ ᠠᠮᠢᠳᠤᠷᠠᠯ ᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ︽ᠪᠦᠬᠦ ᠲᠠᠯ᠎ᠠ ᠶᠢᠨ | ᠂ ᠤᠯᠠᠨ ᠲᠡᠰ ᠳᠠᠪᠬᠤᠷᠭ᠎ᠠ ᠶᠢᠨ᠂ ᠴᠢᠨᠠᠷ ᠰᠠᠶᠢᠲᠠᠢ︾ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ | ᠨᠠᠰᠤᠲᠠᠶᠢᠴᠤᠳ ᠤᠨ ᠵᠣᠯ ᠵᠢᠷᠭᠠᠯᠲᠤ ᠥᠲᠡᠯᠦᠭᠡ ᠨᠠᠰᠤᠨ ᠤ ᠠᠮᠢᠳᠤᠷᠠᠯ ᠢ ︽ᠬᠠᠮᠠᠭᠠᠯᠠᠪᠠ︾᠃ | ᠥᠨᠳᠥᠷ ᠨᠠᠰᠤᠨ ᠤ ᠨᠡᠮᠡᠭᠦᠷᠢ ᠶᠢ ᠭᠡᠷᠡᠴᠢᠯᠡᠬᠦ ᠪᠣᠯ ᠨᠠᠰᠤᠲᠠᠶᠢᠴᠤᠳ ᠤᠨ ᠨᠠᠰᠤᠵᠢᠯ ᠤᠨ ᠠᠰᠠᠷᠠᠯ ᠤᠨ | ᠨᠥᠬᠦᠪᠥᠷᠢ ᠶᠢ ᠴᠠᠭ ᠲᠠᠭᠠᠨ ᠠᠪᠬᠤ ᠶᠢ ᠪᠠᠲᠤᠯᠠᠬᠤ ᠴᠢᠬᠤᠯᠠ ᠠᠵᠢᠯ ᠪᠣᠯᠣᠨ᠎ᠠ᠃ ᠭᠡᠪᠡᠴᠦ᠂ ᠲᠣᠭᠠᠴᠢᠯᠠᠭᠰᠠᠨ | ᠭᠡᠷᠡᠴᠢᠯᠡᠯ ᠤᠨ ᠠᠷᠭ᠎ᠠ ᠮᠠᠶ᠋ᠢᠭ ᠤᠨ ᠲᠦᠭᠡᠮᠡᠯᠵᠢᠬᠦ ᠶᠢ ᠳᠠᠭᠠᠯᠳᠤᠨ᠂ ᠴᠥᠭᠡᠨ ᠪᠤᠰᠤ ᠨᠠᠰᠤᠲᠠᠶᠢᠴᠤᠳ ᠬᠦᠴᠢᠷ | ᠠᠰᠠᠭᠤᠳᠠᠯ ᠳᠤ ᠲᠤᠯᠭᠠᠷᠠᠪᠠ᠃ ᠨᠡᠶᠢᠭᠡᠮ ᠲᠣᠭᠤᠷᠢᠭ ᠤᠨ ᠥᠨᠳᠥᠷ ᠨᠠᠰᠤᠲᠠᠶ ᠨᠠᠰᠤᠲᠠᠨ ᠯᠢ ᠵᠢᠶᠦ᠋ᠨ ᠡᠤ ᠶᠢᠨ | ᠦᠷ᠎ᠡ ᠬᠡᠤᠬᠡᠳ ᠬᠠᠵᠠᠭᠤ ᠳᠤᠨᠢ ᠪᠠᠶᠢᠬᠤ ᠥᠬᠡᠶ᠂ ᠰᠦᠯᠵᠢᠶᠡᠨ ᠳᠡᠭᠡᠷ᠎ᠡ ᠦᠪᠡᠷ ᠢᠶᠠᠨ ᠭᠡᠷᠡᠴᠢᠯᠡᠵᠤ ᠴᠢᠳᠠᠬᠤ | ᠦᠭᠡᠢ ᠪᠠᠶᠢᠳᠠᠯ ᠢ ᠮᠡᠳᠡᠭᠡᠳ ᠨᠡᠶᠢᠭᠡᠮ ᠲᠣᠭᠤᠷᠢᠭ ᠤᠨ ᠠᠵᠢᠯᠲᠠᠳ ᠰᠠᠨᠠᠭᠠᠴᠢᠯᠠᠭ᠎ᠠ ᠠᠴᠠ ᠪᠠᠨ ᠭᠡᠷ ᠲᠤ ᠨᠢ ᠬᠦᠷᠴᠦ | ᠂ ᠲᠡᠭᠦᠨ ᠢ ᠬᠠᠪᠰᠤᠷᠤᠨ ᠭᠡᠷᠡᠴᠢᠯᠡᠭᠡ ᠶᠢ ᠨᠢ ᠬᠢᠵᠤ ᠥᠭᠪᠡ᠃ | | | | | | | | | ᠨᠠᠨ ᠯᠢᠶᠠᠩ ᠵᠡᠭᠡᠯᠢ ᠨᠡᠶᠢᠭᠡᠮ ᠲᠣᠭᠤᠷᠢᠭ ᠤᠨ ᠬᠢᠨ ᠨᠠᠰᠤᠲᠠᠶᠢᠴᠤᠳ ᠤᠨ ᠠᠮᠢᠳᠤᠷᠠᠯ ᠤᠨ ᠣᠯᠠᠨ ᠲᠠᠯ᠎ᠠ ᠳᠤᠨᠢ | ᠬᠠᠯᠠᠮᠵᠢᠯᠠᠯ ᠦᠵᠡᠭᠦᠯᠵᠤ᠂ ᠪᠠᠶᠢᠩᠭᠤ ᠦᠨ᠎ᠡ ᠲᠦᠯᠪᠦᠷᠢ ᠦᠭᠡᠢ ᠪᠠᠷ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ | ᠦᠰᠦ ᠵᠠᠰᠠᠬᠤ ᠦᠢᠯᠡᠴᠢᠯᠡᠭᠡ ᠬᠠᠩᠭᠠᠳᠠᠭ ᠶᠤᠮ᠃ ᠰᠠᠶᠢᠨ ᠳᠤᠷ᠎ᠠ ᠶᠢᠨ ᠦᠢᠯᠡᠴᠢᠯᠡᠭᠴᠢᠳ ᠦᠰᠦ ᠵᠠᠰᠠᠬᠤ ᠪᠠᠷ | ᠢᠷᠡᠭᠰᠡᠨ ᠨᠠᠰᠤᠲᠠᠨ ᠨᠢᠭᠡᠪᠦᠷᠢ ᠶᠢ ᠬᠠᠯᠠᠭᠤᠨ ᠢᠶᠠᠷ ᠤᠭᠲᠤᠵᠤ᠂ ᠪᠣᠯᠪᠠᠰᠤᠷᠠᠩᠭᠤᠢ ᠮᠡᠷᠭᠡᠵᠢᠯ ᠢᠶᠠᠷ | ᠨᠠᠰᠤᠲᠠᠶᠢᠴᠤᠳ ᠤᠨ ᠦᠰᠦ ᠶᠢ ᠨᠢ ᠵᠠᠰᠠᠵᠤ ᠥᠭᠳᠡᠭ᠃ ᠡᠨᠡ ᠵᠢᠯ ᠠᠴᠠ ᠨᠠᠰᠢ᠂ ᠠᠯᠠᠱᠠ ᠵᠡᠭᠦᠨ ᠬᠤᠰᠢᠭᠤᠨ ᠤ | ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠨ ᠯᠢᠶᠠᠩ ᠵᠡᠭᠡᠯᠢ ᠨᠡᠶᠢᠭᠡᠮ ᠲᠣᠭᠤᠷᠢᠭ ᠤᠨ ᠬᠢᠨ | ᠨᠠᠰᠤᠲᠠᠶᠢᠴᠤᠳ᠂ ᠥᠨᠳᠥᠷ ᠨᠠᠰᠤᠲᠠᠶ ᠬᠥᠮᠦᠰ ᠤᠨ ᠦᠢᠯᠡᠴᠢᠯᠡᠭᠡᠨ ᠤ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠰᠣᠶᠣᠯ ᠴᠡᠩᠭᠡᠯ ᠤᠨ ᠠᠵᠢᠯᠯᠠᠭᠠᠨ ᠤ ᠲᠠᠯᠠᠪᠤᠷ ᠭᠠᠷᠭᠠᠵᠤ᠂ ᠨᠠᠰᠤᠲᠠᠶᠢᠴᠤᠳ ᠤᠨ ᠣᠶᠤᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠲᠠᠢ ᠬᠠᠮᠲᠤᠷᠠᠨ᠂ ᠡᠷᠡᠭᠦᠯ ᠮᠡᠨᠳᠦ ᠶᠢᠨ ᠬᠠᠷᠠᠭᠠᠯᠵᠠᠯ ᠤᠨ ᠠᠵᠢᠯᠯᠠᠭ᠎ᠠ ᠥᠷᠨᠢᠭᠦᠯᠪᠡ᠃ ᠣᠲᠣ ᠪᠣᠯᠲᠠᠯ᠎ᠠ᠂ | ᠳᠡᠭᠡᠷ᠎ᠡ ᠳᠤᠷᠠᠳᠤᠭᠰᠠᠨ ᠬᠠᠶᠢᠷ᠎ᠠ ᠬᠠᠯᠠᠮᠵᠢ ᠶᠢᠨ ᠰᠢᠷᠢᠰ ᠠᠵᠢᠯᠯᠠᠭ᠎ᠠ ᠨᠢ ᠨᠢᠭᠡᠨᠲᠡ ᠨᠡᠶᠢᠭᠡᠮ ᠲᠣᠭᠤᠷᠢᠭ ᠤᠨ | ᠨᠠᠰᠤᠲᠠᠶᠢᠴᠤᠳ ᠲᠤ 200 ᠭᠠᠷᠤᠶ ᠬᠥᠮᠦᠨ ᠤᠳᠠᠭ᠎ᠠ ᠠᠰᠢᠭ ᠬᠦᠷᠲᠡᠭᠡᠵᠡᠶ᠃ | |