ᠠᠯᠠᠱᠠ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠄ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠲᠦᠷᠭᠡᠨ ᠰᠢᠢᠳᠪᠦᠷᠢᠯᠡᠵᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/28
   ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠦᠢᠯᠡᠴᠢᠯᠡᠭᠡ ᠪᠠᠷ ᠠᠵᠤ ᠠᠬᠤᠶᠢᠯᠠᠯ ᠳᠤ ᠬᠤᠯᠪᠣᠭᠳᠠᠭᠰᠠᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠠᠮᠵᠢᠯᠲᠠ ᠲᠠᠢ ᠪᠠᠷ ᠡᠶᠡᠳᠡᠭᠦᠯᠵᠦ᠂ ᠪᠥᠬᠦ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃
   ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠠᠷᠠᠳ ᠤᠨ ᠳᠡᠭᠡᠳᠦ ᠰᠢᠭᠦᠬᠦ ᠬᠤᠷᠢᠶᠠᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠠᠵᠢᠯᠯᠠᠭ᠎ᠠ︾ ᠳᠤᠮᠳᠠᠬᠢ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠦᠢᠯᠡᠳᠦᠯᠭᠡᠵᠢᠭᠦᠯᠵᠦ᠂ ︽ᠬᠠᠤᠯᠢ ᠪᠠᠷ ᠬᠤᠳᠠᠯᠳᠤᠭ᠎ᠠ ᠡᠷᠭᠢᠯᠡᠬᠦ︾ ᠣᠶᠢᠯᠠᠭᠠᠭᠳᠠᠬᠤᠨ ᠢ ᠬᠠᠤᠯᠢ ᠴᠠᠭᠠᠵᠠ ᠶᠢᠨ ᠠᠵᠢᠯ ᠳᠤ ᠠᠭᠤᠰᠤᠯᠴᠠᠭᠤᠯᠪᠠ᠃ ᠠᠵᠤ ᠠᠬᠤᠶᠢᠯᠠᠯ ᠳᠤ ᠬᠤᠯᠪᠣᠭᠳᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠦᠶ᠎ᠡ ᠳᠤ᠂ ᠰᠢᠭᠦᠬᠦ ᠬᠤᠷᠢᠶ᠎ᠠ ᠤᠷᠢᠳᠴᠢᠯᠠᠨ ᠡᠶᠡᠳᠡᠭᠦᠯᠬᠦ᠂ ᠡᠶᠡᠳᠡᠭᠦᠯᠬᠦ ᠪᠠ ᠰᠢᠭᠦᠨ ᠲᠠᠰᠤᠯᠬᠤ ᠶᠢ ᠤᠶᠠᠯᠳᠤᠭᠤᠯᠬᠤ ᠲᠣᠭᠲᠠᠴᠠ ᠶᠢ ᠠᠬᠢᠭᠤᠯᠵᠤ᠂ ᠡᠶᠡᠳᠡᠭᠦᠯᠭᠡ ᠶᠢ ᠠᠮᠢᠳᠤᠯᠢᠭ ᠪᠥᠭᠡᠳ ᠥᠨᠳᠥᠷ ᠪᠦᠲᠦᠮᠵᠢᠲᠡᠶ ᠪᠠᠶᠢᠯᠭᠠᠬᠤ ᠣᠨᠴᠠᠯᠢᠭ ᠢ ᠪᠠᠳᠠᠷᠠᠭᠤᠯᠤᠨ᠂ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠥᠷᠢᠴᠡᠯ ᠢ ᠲᠦᠷᠭᠡᠨ ᠰᠢᠢᠳᠪᠦᠷᠢᠯᠡᠪᠡ᠃ ᠡᠶᠡᠳᠡᠭᠦᠯᠭᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠪᠠᠰᠠ ᠣᠯᠠᠨ ᠡᠰᠢᠵᠢᠭᠰᠡᠨ ᠡᠶᠡᠳᠡᠭᠦᠯᠬᠦ ᠲᠥᠪ ᠪᠠᠶᠢᠭᠤᠯᠵᠤ᠂ 9 ᠠᠷᠠᠳ ᠤᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ᠂ 46 ᠠᠷᠠᠳ ᠤᠨ ᠡᠶᠡᠳᠡᠭᠦᠯᠦᠭᠴᠢ ᠶᠢ ᠣᠨᠴᠠᠭᠠᠶᠢᠯᠠᠨ ᠤᠷᠢᠪᠠ᠃ ᠡᠭᠦᠨ ᠤ ᠬᠠᠮᠲᠤ ︽ᠲᠥᠯᠥᠭᠡᠯᠡᠬᠦ ᠭᠡᠰᠢᠭᠦᠳ + ᠰᠢᠭᠦᠬᠦ ᠬᠤᠷᠢᠶ᠎ᠠ︾ ᠶᠢᠨ ᠣᠯᠠᠨ ᠡᠰᠢᠲᠦ ᠵᠢᠭᠤᠷᠠᠯᠳᠣᠭᠠᠨ ᠢ ᠰᠢᠢᠳᠪᠦᠷᠢᠯᠡᠬᠦ ᠰᠢᠨ᠎ᠡ ᠵᠠᠭᠪᠤᠷ ᠢ ᠪᠠᠶᠢᠭᠤᠯᠵᠤ᠂ 39 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ 22 ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠣᠨᠴᠠᠭᠠᠶᠢᠯᠠᠨ ᠤᠷᠢᠵᠤ ᠡᠶᠡᠳᠡᠭᠦᠯᠦᠭᠴᠢ ᠪᠣᠯᠭᠠᠪᠠ᠃ ᠣᠶᠢᠷ᠎ᠠ ᠶᠢᠨ ᠭᠤᠷᠪᠠᠨ ᠵᠢᠯ ᠳᠤ᠂ ᠵᠠᠭᠠᠯᠳᠤᠬᠤ ᠠᠴᠠ ᠡᠮᠦᠨᠡᠬᠢ ᠠᠵᠤ ᠠᠬᠤᠶᠢᠯᠠᠯ ᠳᠤ ᠬᠤᠯᠪᠣᠭᠳᠠᠭᠰᠠᠨ ᠵᠢᠭᠤᠷᠠᠯᠳᠤᠭᠠᠨ ᠢ 4500 ᠬᠤᠪᠢ ᠡᠶᠡᠳᠡᠭᠦᠯᠦᠨ ᠰᠢᠢᠳᠪᠦᠷᠢᠯᠡᠵᠦ᠂ ᠬᠤᠳᠠᠯᠳᠤᠭᠠᠨ ᠤ ᠬᠠᠷᠢᠴᠠᠭ᠎ᠠ ᠶᠢ ᠰᠡᠷᠭᠦᠭᠡᠬᠦ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠲᠣᠭᠲᠠᠭᠤᠨ ᠪᠠᠶᠢᠬᠤ ᠶᠢ ᠠᠬᠢᠭᠤᠯᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号