| | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠦᠨ ᠱᠤᠤ ᠯᠦᠩ | | ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ | ᠵᠠᠰᠠᠬᠤ ᠪᠣᠯ ᠠᠷᠠᠳ ᠣᠯᠠᠨ ᠤ ᠬᠦᠰᠡᠵᠦ ᠪᠠᠶᠢᠭ᠎ᠠ ᠪᠣᠳᠠᠲᠤ ᠶᠠᠪᠤᠳᠠᠯ ᠮᠥᠨ᠂ ᠨᠠᠮ ᠤᠨ ᠲᠥᠷᠥ ᠪᠠᠷᠢᠬᠤ | ᠰᠠᠭᠤᠷᠢ ᠲᠠᠢ ᠬᠤᠯᠪᠣᠭᠳᠠᠬᠤ ᠶᠡᠭᠡ ᠶᠠᠪᠤᠳᠠᠯ ᠮᠥᠨ᠃ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠠᠯᠪᠠᠨ ᠮᠡᠳᠡᠭᠡᠨ ᠳᠤ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠠᠷᠠᠳ ᠲᠦᠮᠡᠨ ᠳᠤ | ᠨᠡᠩ ᠰᠠᠶᠢᠨ ᠨᠡᠩ ᠡᠷᠬᠡ ᠲᠡᠭᠰᠢ ᠪᠠᠷ ᠬᠦᠷᠲᠡᠭᠡᠬᠦ ᠶᠢ ᠬᠦᠴᠦᠯᠡᠨ ᠠᠬᠢᠭᠤᠯᠤᠨ᠎ᠠ ᠭᠡᠵᠦ ᠳᠤᠷᠠᠳᠪᠠ᠃ | ᠨᠠᠮ ᠤᠨ ᠰᠤᠷᠲᠠᠯ᠂ ᠵᠠᠰᠠᠭ ᠤᠨ ᠰᠤᠷᠲᠠᠯ ᠨᠢ ᠨᠠᠮ ᠤᠨ ᠭᠡᠰᠢᠭᠦᠨ ᠨᠢᠭᠡᠪᠦᠷᠢ ᠢᠯᠠᠩᠭᠤᠶ᠎ᠠ ᠤᠳᠤᠷᠢᠳᠬᠤ | ᠺᠠᠳ᠋ᠷ ᠨᠢᠭᠡᠪᠦᠷᠢ ᠶᠢᠨ ᠪᠣᠳᠠᠲᠤ ᠠᠵᠢᠯ ᠳᠡᠭᠡᠷ᠎ᠡ ᠪᠣᠳᠠᠲᠠᠢ ᠪᠠᠷ ᠢᠯᠡᠷᠡᠵᠦ ᠪᠠᠶᠢᠳᠠᠭ᠃ ᠠᠷᠠᠳ ᠤᠯᠠᠨ ᠨᠠᠮ ᠪᠠ | ᠵᠠᠰᠠᠭ ᠤᠨ ᠣᠷᠳᠣᠨ ᠢ ᠬᠡᠷᠬᠢᠨ ᠦᠵᠡᠬᠦ ᠨᠢ ᠢᠮᠠᠭᠲᠠ ᠳᠡᠷᠭᠡᠳᠡᠬᠢ ᠨᠠᠮ ᠤᠨ ᠭᠡᠰᠢᠭᠦᠨ ᠺᠠᠳ᠋ᠷᠴᠤᠳ ᠤᠨ ᠲᠥᠪ | ᠭᠤᠣᠯᠴᠢ ᠡᠰᠡᠬᠦ᠂ ᠠᠷᠢᠭᠤᠨ ᠴᠢᠬᠡᠴᠢ ᠡᠰᠡᠬᠦ᠂ ᠠᠵᠢᠯ ᠬᠢᠬᠦ ᠡᠰᠡᠬᠦ ᠪᠠᠷ ᠰᠢᠢᠳᠪᠦᠷᠢᠯᠡᠭᠳᠡᠳᠡᠭ᠃ ᠬᠡᠷᠪᠡ ᠳᠡᠷᠭᠡᠳᠡᠬᠢ | ᠨᠠᠮ ᠤᠨ ᠭᠡᠰᠢᠭᠦᠨ ᠺᠠᠳ᠋ᠷᠴᠤᠳ ᠣᠯᠠᠨ ᠲᠦᠮᠡᠨ ᠤ ᠶᠠᠪᠤᠳᠠᠯ ᠢ ᠤᠬᠳᠤ ᠬᠠᠶᠢᠬᠤᠷᠬᠤ ᠦᠭᠡᠢ᠂ ᠵᠥᠪᠭᠡᠨ ᠱᠠᠯᠢᠨ | ᠪᠦᠷᠢᠯᠭᠡᠵᠦ ᠵᠢᠷᠭᠠᠨ ᠴᠡᠩᠭᠡᠬᠦ᠂ ᠪᠦᠷᠢᠯᠭᠡᠨ ᠰᠦᠢᠳᠬᠡᠬᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠳᠡᠯᠭᠡᠷᠡᠪᠡᠯ᠂ | ᠠᠷᠠᠳ ᠣᠯᠠᠨ ᠠᠴᠠ ᠰᠤᠷᠲᠠᠯ ᠤᠨ ᠪᠠᠶᠢᠭᠤᠯᠤᠯᠲᠠ ᠨᠢ ᠪᠣᠳᠠᠲᠠᠢ ᠦᠷ᠎ᠡ ᠪᠦᠲᠦᠮᠵᠢ ᠦᠭᠡᠢ ᠭᠡᠵᠦ ᠦᠵᠡᠬᠦ ᠪᠤᠯᠤᠨ᠎ᠠ; | ᠭᠡᠷᠪᠡ ᠳᠡᠷᠭᠡᠳᠡᠬᠢ ᠨᠠᠮ ᠤᠨ ᠭᠡᠰᠢᠭᠦᠨ ᠺᠠᠳ᠋ᠷᠴᠤᠳ ᠣᠯᠠᠨ ᠲᠦᠮᠡᠨ ᠤ ᠶᠠᠪᠤᠳᠠᠯ ᠢ ᠦᠨᠡᠨ ᠬᠦ ᠰᠡᠳᠬᠢᠯ ᠳᠡᠭᠡᠨ | ᠪᠤᠳᠤᠵᠤ᠂ ᠥᠷᠯᠥᠭᠡ ᠦᠳᠡᠰᠢ ᠶᠢ ᠲᠡᠮᠡᠴᠡᠨ ᠨᠡᠶᠢᠲᠡ ᠶᠢᠨ ᠲᠥᠯᠥᠭᠡ ᠵᠢᠳᠬᠦᠵᠦ᠂ ᠠᠷᠢᠭᠤᠨ ᠴᠢᠬᠡᠴᠢ ᠪᠠᠷ | ᠪᠡᠶ᠎ᠡ ᠪᠠᠨ ᠪᠠᠷᠢᠬᠤ ᠳᠤ ᠭᠦᠷᠪᠡᠯ ︽ᠳᠥᠷᠪᠡᠨ ᠰᠤᠷᠲᠠᠯ︾ ᠢ ᠵᠠᠯᠠᠷᠠᠭᠤᠯᠵᠤ᠂ ᠰᠢᠨ᠎ᠡ ᠰᠤᠷᠲᠠᠯ ᠢ ᠪᠤᠶ ᠪᠤᠯᠭᠠᠬᠤ | ᠦᠷ᠎ᠡ ᠪᠦᠲᠦᠮᠵᠢ ᠶᠢ ᠨᠠᠮ ᠤᠨ ᠰᠡᠳᠬᠢᠯ ᠠᠷᠠᠳ ᠤᠨ ᠰᠡᠳᠬᠢᠯ ᠢ ᠨᠢᠭᠲᠠᠷᠠᠭᠤᠯᠬᠤ ᠬᠦᠴᠦᠷᠬᠡᠭ ᠶᠡᠭᠡ ᠢᠳᠡᠪᠬᠢ | ᠬᠦᠴᠦᠨ ᠪᠣᠯᠭᠠᠨ ᠦᠨᠡᠨ ᠬᠦ ᠬᠤᠪᠢᠷᠠᠭᠤᠯᠵᠤ ᠴᠢᠳᠠᠨ᠎ᠠ᠃ | ᠠᠷᠠᠳ ᠤᠯᠠᠨ ᠶᠠᠭᠤ ᠶᠢ ᠡᠰᠡᠷᠭᠦᠴᠡᠵᠦ᠂ ᠶᠠᠭᠤ ᠶᠢ ᠬᠤᠷᠣᠰᠤᠨ ᠵᠠᠨᠤᠪᠠᠯ ᠲᠡᠭᠦᠨ ᠢ ᠨᠢ ᠡᠷᠡᠰ | ᠰᠡᠷᠭᠡᠶᠢᠯᠡᠨ ᠵᠠᠯᠠᠷᠠᠭᠤᠯᠬᠤ ᠬᠡᠷᠡᠭᠲᠡᠢ᠃ ᠣᠶᠢᠷ᠎ᠠ ᠶᠢᠨ ᠵᠢᠯ ᠤᠳ ᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠨ ᠰᠢᠢᠳᠪᠦᠷᠢᠯᠡᠭᠰᠡᠨ ᠬᠡᠷᠡᠭ ᠤᠨ ᠵᠢᠱᠢᠶ᠎ᠡ ᠠᠴᠠ ᠦᠵᠡᠪᠡᠯ᠂ ᠵᠠᠷᠢᠮ ᠬᠠᠤᠯᠢ | ᠪᠤᠰᠤ ᠠᠵᠢᠯᠲᠠᠨ ᠬᠡᠦᠬᠡᠳ ᠤᠨ ᠶᠠᠪᠤᠳᠠᠯ ᠢ ᠰᠢᠢᠳᠪᠦᠷᠢᠯᠡᠬᠦ ᠠᠴᠠ ᠠᠰᠢᠭ ᠣᠯᠵᠤ᠂ ᠰᠤᠷᠤᠬᠴᠢᠳ ᠤᠨ | ᠬᠤᠭᠤᠯᠠᠨ ᠤ ᠰᠦᠢᠳᠬᠡᠯ ᠢ ᠱᠠᠮᠰᠢᠵᠤ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠳᠤ ᠭᠠᠷ ᠲᠦᠷᠢᠵᠦ᠂ | ᠰᠠᠭᠤᠳᠬᠠᠯ ᠠᠪᠴᠤ ᠪᠠᠶᠢᠨ᠎ᠠ;ᠵᠠᠷᠢᠮ ᠡᠮᠨᠡᠯᠭᠡ ᠶᠢᠨ ᠠᠵᠢᠯᠲᠠᠨ ᠡᠮᠴᠢᠯᠡᠭᠡᠨ ᠤ ᠦᠢᠯᠡᠴᠢᠯᠡᠭᠡ ᠶᠢ ᠲᠦᠰᠢᠭᠯᠡᠨ | ᠠᠰᠢᠭ ᠣᠯᠬᠤ᠂ ᠰᠠᠭᠤᠳᠬᠠᠯ ᠠᠪᠴᠤ᠂ ᠤᠯᠠᠭᠠᠨ ᠪᠠᠭᠯᠠᠭ᠎ᠠ ᠠᠪᠴᠤ᠂ ᠠᠵᠢᠯ ᠲᠥᠷᠥᠯ ᠤᠨ ᠬᠡᠪ ᠰᠤᠷᠲᠠᠯ ᠢ | ᠡᠪᠳᠡᠵᠦ ᠪᠠᠶᠢᠨ᠎ᠠ;ᠵᠠᠷᠢᠮ ᠦᠨᠳᠦᠰᠦᠨ ᠱᠠᠲᠤᠨ ᠤ ᠺᠠᠳ᠋ᠷ ᠨᠡᠶᠢᠭᠡᠮ ᠤᠨ ᠠᠪᠤᠷᠠᠨ ᠲᠤᠰᠠᠯᠠᠯᠲᠠ ᠶᠢᠨ ︽ᠨᠠᠶᠢᠷ | ᠲᠠᠯ᠎ᠠ ᠶᠢᠨ ᠪᠠᠲᠤᠯᠠᠭ᠎ᠠ︾᠂ ︽ᠬᠠᠷᠢᠴᠠᠭᠠᠨ ᠤ ᠪᠠᠲᠤᠯᠠᠭ᠎ᠠ︾ ᠶᠠᠪᠤᠭᠤᠯᠵᠤ᠂ ᠠᠷᠠᠳ ᠣᠯᠠᠨ ᠤ ︽ᠠᠮᠢ ᠠᠪᠤᠷᠠᠬᠤ | ᠵᠣᠭᠤᠰ︾ ᠢ ︽ᠲᠠᠩᠰᠤᠭ ᠯᠠᠮᠠ ᠶᠢᠨ ᠮᠢᠬ᠎ᠠ︾ ᠪᠣᠯᠭᠠᠨ ᠵᠠᠯᠭᠢᠵᠤ ᠪᠠᠶᠢᠨ᠎ᠠ ᠁ ᠣᠯᠠᠨ ᠲᠦᠮᠡᠨ ᠤ | ᠠᠮᠢᠳᠤᠷᠠᠯ ᠲᠠᠢ ᠨᠢᠭᠲᠠ ᠬᠤᠯᠪᠤᠭ᠎ᠠ ᠲᠠᠢ ᠬᠦᠷᠢᠶᠡᠨ ᠳᠤ ᠣᠷᠣᠬᠤ ᠲᠤᠲᠤᠮ ︽ᠪᠠᠭ᠎ᠠ ᠱᠠᠮᠰᠢᠯ ᠪᠢᠴᠢᠯ ᠢᠯᠵᠠᠷᠠᠯ︾ | ᠤᠨ ᠠᠪᠴᠢᠷᠠᠭᠰᠠᠨ ᠡᠪᠡᠷᠰᠢᠶᠡᠯ ᠨᠢ ᠤᠯᠠᠮ ᠢᠯᠡᠷᠬᠡᠢ ᠪᠣᠯᠵᠤ᠂ ᠤᠯᠠᠮ ᠰᠢᠭᠤᠳ ᠪᠣᠯᠵᠤ ᠪᠠᠶᠢᠨ᠎ᠠ᠃ | ᠠᠷᠠᠳ ᠤᠯᠠᠨ ᠳᠤ ᠰᠤᠷᠲᠠᠯ ᠢ ᠴᠡᠭᠴᠡᠯᠡᠨ ᠢᠯᠵᠠᠷᠠᠯ ᠢ ᠡᠰᠡᠷᠭᠦᠴᠡᠭᠰᠡᠨ ᠪᠣᠳᠠᠲᠠᠢ ᠦᠷ᠎ᠡ ᠪᠦᠲᠦᠮᠵᠢ ᠶᠢ | ᠦᠨᠡᠨ ᠬᠦ ᠮᠡᠳᠡᠷᠡᠭᠦᠯᠵᠦ᠂ ᠲᠥᠪ ᠭᠤᠣᠯᠴᠢ ᠰᠢᠳᠤᠷᠭᠤ ᠶᠣᠰᠣ ᠳᠡᠷᠭᠡᠳᠡ ᠨᠢ ᠪᠠᠶᠢᠬᠤ ᠶᠢ ᠦᠨᠡᠨ ᠬᠦ ᠮᠡᠳᠡᠷᠡᠭᠦᠯᠵᠦ᠂ | ᠢᠯᠵᠠᠷᠠᠯ ᠢ ᠡᠰᠡᠷᠭᠦᠴᠡᠬᠦ ᠲᠡᠮᠡᠴᠡᠯ ᠢ ᠦᠨᠳᠦᠰᠦᠨ ᠱᠠᠲᠤᠨ ᠳᠤ ᠭᠦᠷᠲᠡᠯ᠎ᠡ ᠥᠷᠭᠡᠵᠢᠭᠦᠯᠬᠦ᠂ ᠤᠯᠠᠨ ᠲᠦᠮᠡᠨ ᠤ | ᠳᠡᠷᠭᠡᠳᠡ ᠭᠦᠷᠲᠡᠯ᠎ᠡ ᠥᠷᠭᠡᠵᠢᠭᠦᠯᠬᠦ ᠶᠢ ᠠᠬᠢᠭᠤᠯᠬᠤ ᠪᠣᠯ ᠰᠡᠳᠦᠪ ᠤᠨ ᠳᠣᠲᠣᠷᠠᠬᠢ ᠤᠳᠬ᠎ᠠ ᠪᠣᠯᠣᠨ᠎ᠠ᠃ ᠭᠠᠷᠳᠠᠬᠤ | ᠴᠡᠭ᠂ ᠰᠢᠪᠲᠤᠯᠬᠤ ᠴᠡᠭ ᠢ ᠣᠨᠣᠪᠴᠢᠲᠠᠢ ᠣᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ᠂ ᠠᠷᠠᠳ ᠤᠨ ᠠᠮᠢᠳᠤᠷᠠᠯ ᠤᠨ ᠲᠦᠪᠡᠭᠳᠡᠵᠦ ᠪᠠᠶᠢᠭ᠎ᠠ ᠶᠠᠪᠤᠳᠠᠯ ᠬᠦᠴᠢᠷ ᠠᠰᠠᠭᠤᠳᠠᠯ᠂ ᠤᠯᠠᠨ | ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ︽ᠪᠠᠭ᠎ᠠ | ᠱᠠᠮᠰᠢᠯ ᠪᠢᠴᠢᠯ ᠢᠯᠵᠠᠷᠠᠯ︾ ᠢ ᠴᠢᠩᠭ᠎ᠠ ᠪᠠᠶᠢᠴᠠᠭᠠᠵᠤ᠂ ᠰᠤᠷᠲᠠᠯ ᠢ ᠵᠠᠯᠠᠷᠠᠭᠤᠯᠬᠤ ᠰᠠᠮᠠᠭᠤᠷᠠᠯ ᠢ ᠵᠠᠰᠠᠬᠤ ᠶᠢ | ᠠᠬᠢᠭᠤᠯᠤᠨ᠎ᠠ᠃ ᠡᠭᠦᠨ ᠤ ᠬᠠᠮᠲᠤ᠂ ᠪᠠᠰᠠ ᠰᠢᠰᠲ᠋ᠧᠮ ᠲᠠᠢ ᠵᠠᠰᠠᠬᠤ᠂ ᠦᠡᠭᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ | ᠪᠠᠷᠢᠮᠵᠢᠶ᠎ᠠ ᠪᠠᠷ ᠦᠨᠳᠦᠰᠦᠨ ᠱᠠᠲᠤᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠬᠡᠷᠡᠭ | ᠰᠢᠢᠳᠪᠦᠷᠢᠯᠡᠬᠦ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠲᠦᠷᠦᠯ ᠬᠤᠪᠢᠶᠠᠨ ᠴᠡᠭᠴᠡᠯᠡᠨ | ᠰᠠᠶᠢᠵᠢᠷᠠᠭᠤᠯᠬᠤ ᠶᠢ ᠴᠢᠩᠭᠠᠳᠬᠠᠵᠤ᠂ ᠥᠪᠡᠷᠮᠢᠴᠡ ᠠᠰᠠᠭᠤᠳᠠᠯ ᠢ ᠴᠡᠭ ᠴᠡᠭ ᠢᠶᠠᠷ ᠬᠠᠷᠠᠭᠠᠯᠵᠠᠭᠤᠯᠤᠨ | ᠰᠢᠢᠳᠪᠦᠷᠢᠯᠡᠬᠦ᠂ ᠨᠡᠶᠢᠲᠡᠯᠢᠭ ᠴᠢᠨᠠᠷᠲᠠᠢ ᠠᠰᠠᠭᠤᠳᠠᠯ ᠢ ᠪᠦᠭᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠤᠨ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠬᠡᠷᠡᠭ ᠢᠶᠠᠷ ᠵᠠᠰᠠᠬᠤ ᠶᠢ ᠠᠬᠢᠭᠤᠯᠬᠤ | ᠶᠢᠨ ᠳᠠᠪᠬᠤᠴᠠᠯ ᠦᠢᠯᠡᠳᠦᠯ ᠢ ᠦᠷᠭᠦᠯᠵᠢᠯᠡᠨ ᠶᠡᠬᠡᠰᠬᠡᠵᠦ᠂ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ | ᠡᠭᠦᠰᠬᠦ ᠬᠥᠷᠥᠰᠥ ᠰᠢᠷᠣᠢ ᠪᠠ ᠨᠥᠬᠦᠴᠡᠯ ᠢ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠡᠢ᠃ | |