ᠲᠦᠷᠦᠭᠦᠤ ᠠᠯᠬᠤᠮ ᠠᠴᠠ ᠪᠠᠨ ᠲᠦᠷᠭᠡᠯᠡᠨ ᠲᠡᠷᠢᠭᠦᠨ ᠢ ᠲᠡᠮᠡᠴᠡᠨ ᠤᠷᠤᠭᠰᠢᠯᠠᠰᠤᠭᠠᠢ
ᠨᠡᠶᠢᠲᠡᠯᠡᠭᠰᠡᠨ ᠴᠠᠭ᠄
2025/4/30
                       ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ                    ᠲᠦᠷᠦᠭᠦᠤ ᠠᠯᠬᠤᠮ ᠠᠴᠠ ᠪᠠᠨ ᠲᠦᠷᠭᠡᠯᠡᠨ ᠰᠢᠨ᠎ᠡ ᠳᠦᠷᠢ ᠲᠥᠷᠬᠦ ᠶᠢ ᠪᠤᠢ ᠪᠣᠯᠭᠠᠨ᠎ᠠ᠃ ᠮᠣᠭᠠᠢ ᠵᠢᠯ ᠤᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠢᠲᠡᠭᠡᠯ ᠵᠣᠷᠢᠭ ᠢ ᠪᠠᠲᠤᠳᠬᠠᠵᠤ᠂ ᠬᠥᠭᠵᠢᠯᠲᠡ ᠶᠢᠨ ᠡᠷᠴᠢ ᠶᠢ ᠬᠥᠪᠴᠢᠯᠡᠪᠡ᠃ ᠡᠨᠡ ᠪᠣᠯ ᠨᠢᠭᠡ ᠤᠳᠠᠭ᠎ᠠ ᠶᠢᠨ ᠳᠡᠭᠡᠳᠦ ᠲᠡᠰ ᠤᠨ ᠳᠠᠶᠢᠴᠢᠯᠠᠯᠲᠠ ᠶᠢᠨ ᠬᠤᠷᠠᠯ᠂ ᠨᠡᠩ ᠴᠤ ᠨᠢᠭᠡ ᠤᠳᠠᠭ᠎ᠠ ᠶᠢᠨ ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠤᠭᠰᠠᠨ ᠪᠠᠶᠢᠷᠢᠯᠠᠭᠤᠯᠤᠯᠲᠠ ᠶᠢᠨ ᠬᠤᠷᠠᠯ ᠪᠣᠯᠣᠨ᠎ᠠ᠂ ᠣᠷᠣᠨ ᠳᠠᠶᠠᠭᠠᠷ ᠵᠣᠷᠢᠭ ᠢᠶᠠᠨ ᠬᠥᠪᠴᠢᠯᠡᠨ ᠪᠦᠭᠦ ᠬᠦᠴᠦᠨ ᠢᠶᠠᠷ ᠢᠶᠠᠨ ᠬᠥᠭᠵᠢᠯᠲᠡ ᠶᠢ ᠡᠷᠢᠯᠬᠢᠯᠡᠨ ᠬᠥᠭᠵᠢᠯᠲᠡ ᠶᠢ ᠠᠳᠬᠤᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠢᠯ ᠤᠨ ᠡᠬᠢᠨ ᠠᠴᠠ ᠵᠢᠯ ᠤᠨ ᠰᠡᠭᠦᠯᠴᠢ ᠪᠤᠯᠲᠠᠯ᠎ᠠ ᠠᠵᠢᠯᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ  ᠡᠯ᠎ᠡ ᠵᠦᠢᠯ ᠤᠨ ᠠᠵᠢᠯ ᠦᠢᠯᠡᠰ ᠤᠨ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃          ᠪᠣᠳᠠᠲᠠᠢ ᠲᠥᠯᠥᠪᠵᠢᠭᠦᠯᠵᠦ᠂ ᠪᠣᠳᠠᠲᠠᠢ ᠠᠵᠢᠯᠯᠠᠪᠠᠯ ᠰᠠᠶ᠋ᠢ ᠪᠣᠳᠠᠲᠠᠢ ᠠᠮᠵᠢᠯᠲᠠ ᠣᠯᠵᠤ ᠴᠢᠳᠠᠨ᠎ᠠ᠃ ᠥᠩᠭᠡᠷᠡᠭᠰᠡᠨ ᠨᠢᠭᠡ ᠵᠢᠯ ᠳᠤ ᠥᠪᠥᠷ ᠮᠣᠩᠭᠤᠯ ᠪᠣᠳᠠᠲᠤ ᠠᠵᠢᠯᠯᠠᠭ᠎ᠠ ᠳᠠᠭᠠᠨ ᠲᠦᠰᠢᠭᠯᠡᠨ᠂ ᠪᠦᠭᠦ ᠵᠢᠯ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠮᠢᠩᠭᠠᠨ ᠳ᠋ᠦᠩᠰᠢᠭᠤᠷ ᠲᠥᠭᠦᠷᠢᠭ ᠢ ᠳᠠᠪᠠᠨ᠂ ᠠᠮᠤ ᠪᠤᠳᠠᠭᠠᠨ ᠤ ᠤᠨᠠᠯᠲᠠ 820 ᠳ᠋ᠦᠩᠰᠢᠭᠤᠷ ᠵᠢᠩ ᠢ ᠳᠠᠪᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠭᠦ ᠤᠯᠤᠰ ᠤᠨ ᠡᠮᠦᠨ᠎ᠡ 20᠎ ᠳᠤ ᠣᠷᠣᠪᠠ ᠁ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠪᠠᠯ  ᠬᠦᠴᠦ ᠬᠥᠯᠥᠰᠦ ᠪᠠ ᠵᠢᠳᠬᠦᠯ ᠴᠢᠷᠮᠠᠶᠢᠯᠭ᠎ᠠ ᠡᠯᠪᠡᠭ ᠪᠠᠶᠠᠯᠢᠭ ᠦᠷ᠎ᠡ ᠪᠦᠲᠦᠭᠡᠯ ᠪᠣᠯᠵᠤ ᠬᠤᠪᠢᠷᠠᠨ᠎ᠠ ᠭᠡᠳᠡᠭ ᠢ ᠦᠢᠯᠡᠳᠦᠯᠭᠡ ᠳᠠᠬᠢᠨᠲᠠ ᠭᠡᠷᠡᠴᠢᠯᠡᠪᠡ ᠃ ᠮᠢᠩᠭᠠᠨ ᠣᠩᠭᠤᠴᠠ ᠤᠷᠤᠯᠳᠤᠬᠤᠢ ᠳᠤᠷ᠂ ᠤᠷᠤᠭᠰᠢ ᠪᠠᠨ ᠲᠡᠮᠡᠴᠡᠬᠦ ᠦᠭᠡᠢ ᠪᠣᠯ ᠬᠤᠶᠢᠰᠢ ᠪᠠᠨ ᠲᠦᠯᠬᠢᠭᠳᠡᠵᠦ ᠤᠬᠤᠷᠢᠳᠠᠭ᠂ ᠤᠳᠠᠭᠠᠨ ᠤᠷᠤᠭᠰᠢᠯᠠᠬᠤ ᠨᠢ ᠴᠦ ᠤᠬᠤᠷᠢᠭᠰᠠᠨ ᠲᠠᠢ ᠠᠳᠠᠯᠢ ᠶᠤᠮ᠃ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠪᠠᠶᠠᠷᠯᠠᠭᠤᠰᠢᠲᠠᠢ ᠠᠮᠵᠢᠯᠲᠠ ᠶᠢ ᠰᠠᠶᠢᠲᠤᠷ ᠨᠠᠨᠳᠢᠩᠨᠠᠬᠤ ᠴᠢᠬᠤᠯᠠᠲᠠᠢ᠂ ᠨᠡᠩ ᠴᠤ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ᠂ ᠪᠠᠶᠢᠳᠠᠯ ᠢᠶᠠᠨ ᠪᠠᠲᠤᠯᠠᠵᠤ᠂ ᠴᠤᠴᠠᠯᠲᠠ ᠦᠭᠡᠢ ᠤᠷᠤᠭᠰᠢᠯᠠᠬᠤ ᠴᠢᠬᠤᠯᠠᠲᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠷᠤᠭᠰᠢᠯᠠᠬᠤ ᠠᠴᠠ ᠪᠢᠰᠢ᠂ ᠶᠠᠭᠠᠬᠢᠭᠰᠠᠨ ᠴᠤ ᠬᠤᠶᠢᠰᠢ ᠪᠠᠨ ᠰᠠᠭᠤᠵᠤ ᠪᠤᠯᠬᠤ ᠦᠭᠡᠢ᠂ ᠴᠠᠭᠠᠨ ᠰᠠᠷ᠎ᠠ ᠠᠴᠠ ᠡᠮᠦᠨ᠎ᠡ ᠡᠬᠢᠯᠡᠭᠦᠯᠵᠦ ᠳᠡᠶᠢᠯᠭᠦ ᠶᠢ ᠨᠢ ᠡᠬᠢᠯᠡᠭᠦᠯᠵᠦ᠂ ᠪᠠᠶᠢᠷᠢᠯᠠᠭᠤᠯᠵᠤ ᠪᠤᠯᠬᠤ ᠶᠢ ᠨᠢ ᠪᠠᠶᠢᠷᠢᠯᠠᠭᠤᠯᠵᠤ᠂ ᠪᠠᠶᠠᠷ ᠤᠨ ᠬᠤᠭᠤᠴᠠᠭᠠᠨ ᠳᠤ ︽ᠣᠷᠣ ᠣᠷᠣᠨ ᠳᠠᠭᠠᠨ ᠣᠷᠣᠵᠤ - ᠪᠡᠯᠡᠳᠬᠡᠯ ᠬᠢᠭᠰᠡᠨ︾ ᠪᠠᠶᠢᠳᠠᠯ ᠢᠶᠠᠨ ᠪᠠᠲᠤᠯᠠᠵᠤ᠂ ᠠᠵᠢᠯᠯᠠᠬᠤ ᠡᠳᠦᠷ ᠳᠣᠭᠢᠶᠠᠨ ᠤ ᠫᠤᠤ ᠳᠤᠤᠭᠠᠷᠤᠮᠠᠭᠴᠠ ᠳᠠᠷᠤᠢ ᠡᠬᠢᠯᠡᠨ ᠭᠦᠶᠦᠵᠦ᠂ ᠳᠠᠭᠠᠭᠤᠯᠤᠨ ᠭᠦᠶᠦᠵᠦ᠂ ᠰᠢᠪᠲᠤᠯᠤᠯᠲᠠ ᠬᠢᠵᠦ᠂ ᠮᠢᠨᠦ᠋ᠲ ᠰᠧᠺᠦ᠋ᠨ᠋ᠲ ᠢ ᠠᠯᠳᠠᠯ ᠦᠭᠡᠢ ᠲᠡᠮᠡᠴᠡᠬᠦ ᠬᠡᠷᠡᠭᠲᠡᠢ᠃          ᠡᠭᠢᠯᠡᠯᠲᠡ ᠨᠢ ᠪᠦᠭᠦ ᠲᠠᠯ᠎ᠠ ᠳᠤ ᠬᠤᠯᠪᠣᠭᠳᠠᠵᠤ᠂ ᠡᠭᠢᠯᠡᠯᠲᠡ ᠨᠢ ᠬᠤᠵᠢᠮ ᠤᠨ ᠠᠬᠢᠴᠠ ᠶᠢ ᠲᠣᠭᠲᠠᠭᠠᠨ᠎ᠠ᠃ ᠡᠭᠢᠯᠡᠯᠲᠡ ᠶᠢᠨ ᠵᠢᠯ ᠳᠤ ᠰᠠᠶᠢᠨ ᠡᠭᠢᠯᠡᠯᠲᠡ ᠲᠠᠢ ᠪᠤᠯᠬᠤ ᠳᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠨ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂  ᠠᠬᠢᠭᠤᠯᠬᠤ ᠠᠶᠢᠵᠠᠮ ᠢᠶᠠᠨ ᠲᠦᠷᠭᠡᠳᠬᠡᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯᠧᠮᠧᠨ᠋ᠲ ᠤᠨ ᠪᠠᠲᠤᠯᠠᠭ᠎ᠠ ᠶᠢ ᠤᠷᠢᠳᠴᠢᠯᠠᠨ ᠰᠠᠶᠢᠲᠤᠷ ᠬᠢᠵᠦ᠂ ᠴᠠᠭ ᠢ ᠠᠮᠵᠢᠨ᠂ ᠠᠬᠢᠴᠠ ᠶᠢ ᠲᠦᠷᠭᠡᠳᠬᠡᠵᠦ᠂ ᠡᠷᠲᠡ ᠨᠢᠭᠡᠨ ᠡᠳᠦᠷ ᠴᠠᠭᠠᠰᠤᠨ ᠳᠡᠭᠡᠷᠡᠬᠢ ᠵᠢᠷᠤᠭ ᠲᠥᠰᠥᠪ ᠢ ᠭᠠᠵᠠᠷ ᠳᠡᠭᠡᠷᠡᠬᠢ ᠪᠣᠳᠠᠲᠤ ᠦᠵᠡᠮᠵᠢ ᠪᠤᠯᠭᠠᠬᠤ ᠭᠡᠷᠡᠭᠲᠡᠢ;ᠶᠡᠭᠡ ᠎ ᠶᠢ ᠣᠷᠣᠭᠤᠯᠤᠨ ᠬᠦᠴᠦᠷᠬᠡᠭ ᠢ ᠳᠠᠳᠠᠨ ᠠᠪᠴᠢᠷᠠᠵᠤ᠂ ᠰᠢᠯᠢᠳᠡᠭ ᠢ ᠲᠥᠪᠯᠡᠷᠡᠭᠦᠯᠦᠨ ᠰᠢᠨ᠎ᠡ ᠶᠢ ᠴᠤᠭᠯᠠᠷᠠᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠦᠨ᠂ ᠪᠦᠭᠦ ᠵᠢᠯ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠭᠡᠷᠡᠭᠳᠠᠢ;ᠡᠳ᠋ ᠤᠨ ᠵᠠᠰᠠᠭ ᠤᠨ ᠪᠡᠯᠡ ᠮᠥᠩᠭᠦ ᠶᠢᠨ ︽ᠬᠥᠰᠢᠭᠦᠷᠭᠡ︾᠎ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠩ ᠣᠯᠠᠨ ᠨᠡᠶᠢᠭᠡᠮ ᠤᠨ ᠪᠡᠯᠡ ᠮᠥᠩᠭᠦ ᠶᠢᠨ ᠳᠠᠭᠠᠵᠤ ᠪᠡᠯᠡ ᠣᠷᠣᠭᠤᠯᠬᠤ ᠶᠢ ᠳᠠᠶᠢᠴᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ ᠶᠢ ᠲᠦᠷᠭᠡᠳᠬᠡᠬᠦ︾᠎ ᠶᠢ ᠦᠨᠡᠨ ᠬᠦ ᠪᠡᠶᠡᠯᠡᠭᠦᠯᠦᠨ᠎ᠡ᠃ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠬᠡᠷᠡᠭᠯᠡᠭᠡ ᠶᠢᠨ ᠬᠥᠭᠵᠢᠶᠡᠨᠲᠦ ᠤᠯᠠᠷᠢᠯ ᠤᠨ ᠵᠠᠪᠰᠢᠶᠠᠨ ᠢ ᠴᠢᠩᠭ᠎ᠠ ᠠᠳᠬᠤᠵᠤ᠂ ᠲᠠᠸᠠᠷ ᠤᠨ ᠲᠣᠬᠢᠷᠠᠭᠤᠯᠤᠯᠲᠠ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠮᠥᠰᠥ ᠴᠠᠰᠤᠨ ᠤ ᠠᠵᠤ ᠠᠬᠤᠢ᠂ ᠲᠣᠬᠯᠠᠯᠲᠠ ᠶᠢᠨ ᠤᠷᠠᠯᠢᠭ ᠤᠨ ᠠᠵᠤ ᠠᠬᠤᠢ᠂ ᠤᠷᠤᠯᠳᠤᠭᠠᠨ ᠤ ᠠᠵᠤ ᠠᠬᠤᠢ ᠵᠡᠷᠭᠡ ᠬᠡᠷᠡᠭᠯᠡᠭᠡ ᠶᠢᠨ ᠬᠠᠯᠠᠮᠰᠢᠯ ᠴᠡᠭ ᠢ ᠢᠳᠡᠪᠬᠢᠲᠡᠢ ᠴᠣᠭᠴᠠᠯᠠᠵᠤ᠂ ᠪᠠᠶᠠᠷ ᠤᠨ ᠡᠳᠦᠷ ᠤᠨ ᠬᠤᠭᠤᠴᠠᠭ᠎ᠠ ᠪᠣᠯᠣᠨ ᠨᠢᠭᠡᠳᠦᠭᠡᠷ ᠤᠯᠠᠷᠢᠯ ᠤᠨ ᠬᠡᠷᠡᠭᠯᠡᠭᠡ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠤᠨ᠂ ᠪᠦᠭᠦ ᠵᠢᠯ ᠤᠨ ᠬᠡᠷᠡᠭᠯᠡᠭᠡ ᠶᠢᠨ ᠰᠢᠨ᠎ᠡ ᠨᠡᠮᠡᠭᠳᠡᠯ ᠢ ᠳᠠᠶᠢᠴᠢᠯᠠᠬᠤ ᠬᠡᠷᠡᠭᠲᠡᠢ᠃          ᠶᠠᠮᠠᠷ ᠶᠠᠩᠵᠤ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠬᠢᠯᠡᠬᠦ ᠨᠢ ᠢᠮᠠᠭᠲᠠ ᠶᠡᠭᠡ ᠲᠠᠯ᠎ᠠ ᠳᠤ ᠬᠤᠯᠪᠣᠭᠳᠠᠵᠤ᠂ ᠪᠦᠭᠦ ᠲᠠᠯ᠎ᠠ ᠶᠢᠨ ᠬᠠᠨᠳᠤᠰᠢ ᠶᠢ ᠲᠣᠭᠲᠠᠭᠠᠳᠠᠭ᠃ ᠰᠢᠨ᠎ᠡ ᠨᠢᠭᠡ ᠵᠢᠯ ᠳᠤ᠂ ᠰᠢᠨ᠎ᠡ ᠲᠡᠮᠡᠴᠡᠯ᠂ ᠰᠢᠨ᠎ᠡ ᠤᠷᠤᠭᠰᠢᠯᠠᠯᠲᠠ ᠳᠤ ᠮᠥᠨ ᠬᠦ ᠬᠦᠴᠦ ᠬᠥᠯᠥᠰᠦ ᠪᠠᠨ ᠤᠷᠤᠰᠬᠠᠨ ᠡᠯᠪᠡᠭ ᠬᠤᠷᠢᠶᠠᠯᠲᠠ ᠣᠯᠵᠤ ᠂ ᠪᠣᠳᠠᠲᠠᠢ ᠠᠵᠢᠯᠯᠠᠵᠤ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠂ ᠡᠯ᠎ᠡ ᠰᠢᠰᠲ᠋ᠧᠮ ᠤᠨ ᠬᠢᠨ ᠵᠣᠷᠢᠭ ᠢᠶᠠᠨ ᠴᠢᠩᠭᠠᠯᠠᠵᠤ᠂ ᠡᠷᠴᠢ ᠪᠠᠨ ᠬᠥᠪᠴᠢᠯᠡᠨ᠂ ︽ᠵᠢᠷᠭᠤᠭᠠᠨ ᠠᠵᠢᠯᠯᠠᠭ᠎ᠠ︾ ᠎ ᠶᠢ ᠡᠷᠡᠰ ᠥᠷᠨᠢᠭᠦᠯᠵᠦ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠦᠷᠦᠭᠦᠯᠡᠨ ᠬᠢᠵᠦ᠂ ᠠᠵᠢᠯ ᠢᠶᠠᠨ ᠤᠷᠤᠭᠰᠢ ᠠᠬᠢᠭᠤᠯᠵᠤ ᠪᠠᠶᠢᠬᠤ ᠶᠢ ᠪᠦᠭᠦ ᠨᠡᠶᠢᠭᠡᠮ ᠳᠤ ᠬᠠᠷᠠᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠲᠦᠷᠦ ᠶᠢᠨ ᠪᠣᠳᠣᠯᠭ᠎ᠠ ᠶᠢ ᠲᠤᠭᠤᠰᠢᠲᠠᠢ ᠣᠶᠢᠯᠠᠭᠠᠵᠤ᠂ ᠲᠥᠪ ᠤᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠴᠠᠭ ᠲᠤᠬᠠᠢ ᠳᠤᠨᠢ ᠰᠤᠷᠤᠯᠴᠠᠨ᠂ ᠬᠥᠭᠵᠢᠯᠲᠡ ᠶᠢᠨ ᠠᠵᠠ ᠲᠣᠭᠢᠶᠠᠯ ᠢ ᠨᠡᠩ ᠰᠠᠶᠢᠨ ᠡᠵᠡᠮᠳᠡᠵᠦ  ᠠᠵᠢᠯ ᠤᠨ ᠰᠢᠪᠲᠤᠯᠤᠯᠲᠠ ᠶᠢᠨ ᠴᠡᠭ ᠢ ᠡᠷᠢᠯᠬᠢᠯᠡᠬᠦ ᠬᠡᠷᠡᠭᠲᠡᠢ᠃ ᠥᠷᠭᠡᠨ ᠤᠯᠠᠨ ᠠᠷᠠᠳ ᠲᠦᠮᠡᠨ ᠢᠳᠡᠪᠬᠢᠲᠡᠢ ᠪᠠᠷ ᠠᠵᠢᠯᠯᠠᠭ᠎ᠠ ᠳᠤ ᠤᠷᠤᠯᠴᠠᠵᠤ᠂ ᠪᠠᠷ᠎ᠠ ᠬᠠᠷᠠᠭᠴᠢ ᠪᠣᠯᠵᠤ ᠪᠤᠯᠬᠤ ᠦᠭᠡᠢ᠂ ᠰᠡᠳᠬᠢᠯ ᠨᠢᠭᠡᠳᠴᠦ ᠠᠵᠢᠯᠯᠠᠨ᠂ ᠤᠷᠤᠭᠰᠢᠯᠠᠨ ᠲᠡᠮᠡᠴᠡᠵᠦ᠂ ᠪᠦᠭᠦ ᠬᠦᠴᠦᠨ ᠢᠶᠠᠷ ᠢᠶᠠᠨ ᠰᠢᠨ᠎ᠡ ᠵᠢᠯ ᠤᠨ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠣᠷᠣᠨ ᠳᠠᠶᠠᠭᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠪᠠᠯ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠢᠷᠡᠭᠡᠳᠦᠢ ᠯᠠᠪᠲᠠᠢ ᠬᠢᠵᠠᠭᠠᠷ ᠦᠭᠡᠢ ᠰᠠᠷᠠᠭᠤᠯ ᠪᠤᠯᠬᠤ ᠶᠤᠮ᠃          ᠠᠵᠠ ᠲᠣᠭᠢᠶᠠᠯ ᠢ ᠠᠮᠵᠢᠨ ᠬᠠᠨᠳᠤᠰᠢ ᠶᠢ ᠡᠵᠡᠮᠳᠡᠵᠦ ᠬᠦᠴᠦ ᠪᠠᠨ ᠬᠤᠷᠠᠮᠳᠤᠭᠤᠯᠤᠨ ᠢᠯᠠᠯᠲᠠ ᠣᠯᠣᠨ᠎ᠠ᠃ ᠡᠷᠲᠡ ᠠᠴᠠ  ᠲᠥᠯᠥᠪᠯᠡᠵᠦ᠂ ᠡᠷᠲᠡ ᠠᠴᠠ ᠲᠣᠬᠢᠷᠠᠭᠤᠯᠤᠨ᠂ ᠡᠷᠲᠡ ᠠᠴᠠ ᠬᠢᠪᠡᠯ ᠰᠠᠶ᠋ᠢ ᠰᠠᠨᠠᠭᠠᠴᠢᠯᠠᠭᠠᠲᠤ ᠪᠠᠶᠢᠷᠢ ᠶᠢ ᠣᠯᠵᠤ᠂ ᠪᠦᠭᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ ᠴᠢᠳᠠᠨ᠎ᠠ ᠃ ᠶᠠᠪᠤᠳᠠᠯ ᠤᠴᠢᠷ ᠢ ᠳᠠᠷᠤᠢ ᠲᠦᠷᠭᠡᠨ ᠬᠢᠬᠦ ᠪᠣᠯ ᠣᠳᠣᠬᠠᠨ ᠤ ᠴᠢ ᠪᠢᠳᠡᠨ ᠳᠤ ᠲᠤᠯᠭᠠᠷᠠᠵᠤ ᠪᠠᠶᠢᠭ᠎ᠠ ᠠᠰᠠᠭᠤᠳᠠᠯ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠤᠳᠠᠭᠠᠰᠢᠷᠠᠵᠤ ᠪᠤᠯᠬᠤ ᠦᠭᠡᠢ︾ ᠲᠤᠯᠭᠠᠮ ᠪᠤᠳᠤᠯ ᠪᠣᠯᠣᠨ ︽ᠰᠠᠭᠤᠵᠤ ᠲᠣᠭᠲᠠᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠩᠭᠠᠳᠬᠠᠵᠤ᠂ ᠡᠭᠢᠯᠡᠯᠳᠡ ᠳᠡᠭᠡᠷ᠎ᠡ ᠨᠠᠩ ᠶᠡᠭᠡ ᠬᠦᠴᠦ ᠪᠠᠨ ᠲᠠᠯᠪᠢᠵᠤ᠂  ᠨᠡᠩ ᠲᠦᠷᠭᠡᠨ ᠨᠡᠩ ᠬᠦᠴᠦᠲᠡᠢ ᠨᠡᠩ ᠪᠣᠳᠠᠲᠠᠢ ᠠᠵᠢᠯᠯᠠᠵᠤ᠂ ᠰᠢᠨ᠎ᠡ ᠵᠢᠯ ᠤᠨ ︽ᠲᠦᠷᠦᠭᠦᠦ ᠪᠤᠤᠬᠢᠶ᠎ᠠ︾᠎ ᠶᠢ ᠰᠠᠶᠢᠲᠤᠷ ᠳᠠᠮᠵᠢᠭᠤᠯᠵᠤ᠂ ᠬᠥᠭᠵᠢᠯᠲᠡ ᠶᠢᠨ ︽ᠥᠨᠳᠥᠷ ᠬᠤᠪᠢ ᠲᠠᠢ ᠰᠢᠯᠭᠠᠯᠲᠠ︾ ᠎ ᠶᠢ ᠲᠤᠰᠢᠶᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号