| | - ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠬᠤ ᠲᠤᠬᠠᠢ ᠭᠤᠷᠪᠠᠨᠲᠠ ᠥᠭᠦᠯᠡᠬᠦ ᠨᠢ | ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ | | ᠡᠭᠦᠷᠭᠡ ᠬᠠᠷᠢᠭᠤᠴᠠᠯᠭ᠎ᠠ ᠬᠥᠭᠵᠢᠯᠲᠡ ᠶᠢᠨ ᠴᠢᠭᠯᠡᠯ ᠢ ᠬᠥᠲᠥᠯᠥᠨ ᠳᠠᠭᠠᠭᠤᠯᠵᠤ᠂ ᠬᠠᠷᠢᠭᠤᠴᠠᠯᠭ᠎ᠠ | ᠤᠷᠤᠭᠰᠢᠯᠠᠯᠲᠠ ᠶᠢᠨ ᠬᠦᠴᠦᠨ ᠢ ᠨᠢᠭᠲᠠᠷᠠᠭᠤᠯᠤᠨ᠎ᠠ᠃ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ | ᠬᠤᠷᠠᠯ ᠠᠴᠠ ᠪᠠᠶᠢᠷᠢᠯᠠᠭᠤᠯᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠨᠠᠩ ᠶᠡᠭᠡ | ᠰᠢᠪᠲᠤᠯᠤᠯᠲᠠ ᠭᠠᠷᠭᠠᠬᠤ ᠳᠤ᠂ ᠪᠦᠭᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠡᠷᠬᠡᠪᠰᠢ ᠰᠠᠶᠢᠲᠤᠷ | ᠠᠵᠢᠯᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠢᠭᠤᠷᠬᠠᠶᠢᠯᠠᠨ ᠠᠵᠢᠯᠯᠠᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ | ᠳᠦᠷᠰᠦ ᠪᠠᠶᠢᠳᠠᠯ ᠢ ᠢᠯᠡᠷᠡᠭᠦᠯᠵᠦ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ | ᠺᠠᠳ᠋ᠷᠴᠤᠳ ᠡᠷᠬᠡᠪᠰᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠬᠡᠳᠦᠢ ᠶᠡᠭᠡ ᠬᠠᠷᠢᠭᠤᠴᠠᠯᠭ᠎ᠠ ᠲᠠᠢ ᠪᠣᠯ | ᠲᠡᠳᠦᠢ ᠶᠡᠭᠡ ᠦᠢᠯᠡᠰ ᠢ ᠪᠦᠲᠦᠭᠡᠵᠦ ᠴᠢᠳᠠᠨ᠎ᠠ᠂ ᠬᠡᠳᠦᠢ ᠶᠡᠭᠡ ᠪᠠᠷ ᠬᠠᠷᠢᠭᠤᠴᠠᠯᠭ᠎ᠠ ᠪᠠᠨ ᠭᠦᠢᠴᠡᠳᠬᠡᠪᠡᠯ ᠲᠡᠳᠦᠢ | ᠶᠡᠭᠡ ᠠᠮᠵᠢᠯᠲᠠ ᠣᠯᠵᠤ ᠴᠢᠳᠠᠨ᠎ᠠ᠃ ᠥᠩᠭᠡᠷᠡᠭᠰᠡᠨ ᠨᠢᠭᠡ ᠵᠢᠯ ᠳᠤ᠂ ᠡᠯ᠎ᠡ ᠵᠦᠢᠯ ᠤᠨ ᠬᠦᠴᠢᠷᠳᠡᠯ ᠪᠠ | ᠥᠷᠢᠰᠦᠯᠳᠦᠭᠡᠨ ᠤ ᠡᠮᠦᠨ᠎ᠡ᠂ ᠥᠪᠥᠷ ᠮᠣᠩᠭᠤᠯ ᠤᠨ ᠬᠥᠭᠵᠢᠯᠲᠡ ᠮᠥᠨ ᠬᠦ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ᠂ ᠥᠭᠡᠳᠡᠯᠡᠨ ᠰᠠᠶᠢᠵᠢᠷᠠᠬᠤ ᠶᠢ ᠪᠡᠶᠡᠯᠡᠭᠦᠯᠪᠡ᠃ ᠡᠶᠢᠮᠦ ᠠᠮᠵᠢᠯᠲᠠ ᠪᠦᠲᠦᠮᠵᠢ ᠣᠯᠣᠭᠰᠠᠨ ᠨᠢ ᠪᠦᠭᠦ | ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂ ᠬᠦᠴᠢᠷ ᠢ ᠰᠥᠷᠴᠦ | ᠤᠷᠤᠭᠰᠢᠯᠠᠨ᠂ ᠡᠷᠡᠮᠡᠬᠡᠶᠢᠯᠡᠨ ᠲᠡᠮᠡᠴᠡᠭᠰᠡᠨ ᠠᠴᠠ ᠰᠠᠯᠵᠤ ᠴᠢᠳᠠᠬᠤ ᠦᠭᠡᠢ ᠶᠤᠮ᠃ ᠰᠢᠨ᠎ᠡ ᠠᠶᠠᠨ ᠳᠤ ᠮᠣᠷᠳᠠᠵᠤ᠂ | ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠪᠡᠶᠡᠯᠡᠭᠦᠯᠦᠨ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠢ ᠥᠷᠨᠢᠭᠦᠯᠬᠦ ᠳᠤ᠂ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠬᠠᠷᠢᠭᠤᠴᠠᠯᠭ᠎ᠠ ᠶᠢ ᠦᠨᠡᠨ ᠬᠦ | ᠰᠡᠳᠬᠢᠯ ᠳᠡᠭᠡᠨ ᠬᠠᠳᠠᠩᠰᠢᠭᠤᠯᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠂ ᠴᠤᠴᠠᠯᠲᠠ ᠦᠭᠡᠢ | ᠤᠷᠤᠭᠰᠢᠯᠠᠬᠤ ᠣᠪᠣᠷ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠨᠤᠭᠤᠷᠠᠰᠢ ᠦᠭᠡᠢ ᠲᠡᠮᠡᠴᠡᠬᠦ ᠵᠣᠷᠢᠭ | ᠰᠠᠨᠠᠭ᠎ᠠ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠨ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠣᠪᠣᠷ ᠢᠶᠠᠷ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ | ᠶᠠᠮᠠᠷ ᠲᠤᠰᠢᠶᠠᠯ ᠳᠤ ᠪᠠᠶᠢᠪᠠᠯ ᠳᠠᠷᠤᠢ ᠶᠠᠮᠠᠷ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠨᠢ 11 ᠲᠠᠯ᠎ᠠ ᠶᠢᠨ ᠭᠤᠣᠯᠳᠠᠯᠭ᠎ᠠ ᠲᠠᠢ ᠠᠵᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ ᠶᠢ ᠬᠠᠮᠤᠷᠴᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠡᠭᠦᠷᠭᠡᠯᠡᠵᠦ | ᠪᠠᠶᠢᠭ᠎ᠠ ᠪᠣᠳᠠᠲᠠᠢ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠪᠦᠭᠦ ᠣᠷᠣᠨ ᠳᠠᠶᠠᠭᠠᠷ ᠠᠵᠢᠯ ᠤᠨ ᠪᠠᠶᠢᠷᠢ ᠶᠢᠨ | ᠡᠭᠦᠷᠭᠡ ᠬᠠᠷᠢᠭᠤᠴᠠᠯᠭ᠎ᠠ ᠲᠠᠢ ᠪᠠᠨ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠭᠥᠯᠢᠶᠡᠨ᠂ | ᠢᠳᠡᠪᠬᠢᠲᠡᠢ ᠪᠠᠷ ᠤᠬᠠᠭᠠᠯᠠᠨ ᠲᠥᠯᠥᠪᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠬᠤᠷᠳᠤᠨ | ᠮᠣᠷᠢᠨ ᠳᠤ ᠲᠠᠰᠢᠭᠤᠷ ᠨᠡᠮᠡᠵᠦ᠂ ᠪᠦᠭᠦ ᠬᠦᠴᠦ ᠪᠠᠷ ᠢᠶᠠᠨ ᠴᠢᠷᠮᠠᠶᠢᠨ ᠠᠵᠢᠯᠯᠠᠵᠤ᠂ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠢᠮᠠᠭᠲᠠ | ᠪᠠᠷᠢᠮᠲᠠᠯᠠᠨ᠂ ᠴᠠᠭ ᠢᠮᠠᠭᠲᠠ ᠡᠭᠦᠷᠭᠡ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠪᠤᠳᠤᠯ ᠢ ᠪᠠᠷᠢᠮᠲᠠᠯᠠᠵᠤ᠂ | ᠬᠥᠮᠥᠨ ᠢᠶᠠᠷ ᠱᠠᠯᠠᠪᠳᠠᠭᠤᠯᠬᠤ ᠦᠭᠡᠢ ᠪᠠᠷ ᠥᠪᠡᠷ ᠲᠡᠭᠡᠨ ᠬᠢᠵᠦ᠂ ᠬᠠᠷᠠᠯᠲᠠ ᠪᠠᠨ ᠠᠯᠳᠠᠯ ᠦᠭᠡᠢ ᠠᠩᠬᠠᠷᠤᠨ᠂ | ᠬᠦᠴᠢᠷ ᠪᠡᠷᠬᠡᠰᠢᠶᠡᠯ ᠲᠤᠯᠭᠠᠷᠠᠪᠠᠯ ᠬᠠᠷᠢᠯᠴᠠᠨ ᠲᠦᠯᠬᠢᠯᠴᠡᠬᠦ ᠦᠭᠡᠢ᠂ ᠠᠰᠠᠭᠤᠳᠠᠯ ᠲᠤᠯᠭᠠᠷᠠᠪᠠᠯ ᠬᠠᠷᠢᠯᠴᠠᠨ | ᠵᠠᠶᠢᠯᠠᠭᠤᠯᠬᠤ ᠦᠭᠡᠢ᠂ ᠦᠨᠡᠨ ᠬᠦ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯ ᠶᠠᠪᠤᠳᠠᠯ ᠬᠢᠵᠦ᠂ ᠴᠢᠳᠠᠯ ᠤᠨ | ᠬᠢᠷᠢ ᠪᠠᠷ ᠢᠶᠠᠨ ᠠᠵᠢᠯ ᠶᠠᠪᠤᠳᠠᠯ ᠬᠢᠵᠦ᠂ ᠬᠠᠷᠢᠭᠤᠴᠠᠯᠭ᠎ᠠ ᠪᠠᠨ ᠭᠦᠢᠴᠡᠳᠬᠡᠨ᠂ ᠥᠪᠡᠷᠲᠡᠭᠡᠨ ᠵᠠᠰᠠᠬᠤ ᠣᠷᠣᠨ ᠤ | ᠬᠤᠶᠠᠷ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨ ᠬᠦ ᠪᠣᠳᠠᠲᠠᠢ | ᠪᠥᠭᠡᠳ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ | ᠭᠢᠯᠪᠠᠷᠬᠠᠨ ᠢ ᠬᠥᠭᠡᠭᠡᠴᠡᠯᠳᠦᠬᠦ ᠦᠭᠡᠢ ᠵᠣᠷᠢᠭᠲᠠᠨ ᠬᠥᠮᠥᠰ ᠢᠯᠠᠳᠠᠭ᠂ ᠬᠦᠴᠢᠷ ᠠᠴᠠ ᠵᠠᠶᠢᠯᠠᠳᠠᠭ | ᠦᠭᠡᠢ ᠬᠥᠮᠥᠰ ᠳᠠᠪᠰᠢᠳᠠᠭ᠃ ᠡᠨᠡ ᠵᠢᠯ ᠤᠨ ᠬᠠᠷᠠᠯᠲᠠ ᠲᠡᠶᠢᠰᠢ ᠤᠷᠤᠭᠰᠢᠯᠠᠬᠤ ᠳᠤ᠂ ᠪᠢᠳᠡᠨ ᠳᠤ ᠨᠥᠬᠦᠴᠡᠯ ᠪᠤᠢ | ᠂ ᠰᠠᠭᠤᠷᠢ ᠪᠤᠢ᠂ ᠳᠠᠷᠤᠯᠲᠠ ᠪᠤᠢ᠂ ᠥᠷᠢᠰᠦᠯᠳᠦᠭᠡᠨ ᠪᠤᠢ᠂ ᠵᠠᠩᠭᠢᠯᠠᠭ᠎ᠠ ᠨᠢ ᠬᠥᠭᠵᠢᠯᠲᠡ ᠶᠢᠨ ᠢᠲᠡᠭᠡᠯ ᠵᠣᠷᠢᠭ ᠢ | ᠪᠠᠲᠤ ᠰᠠᠬᠢᠵᠤ᠂ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠰᠤᠯᠠᠷᠠᠬᠤ ᠦᠭᠡᠢ᠂ ᠬᠤᠶᠢᠷᠭᠤᠰᠢᠬᠤ ᠦᠭᠡᠢ | ᠪᠠᠶᠢᠬᠤ ᠶᠢ ᠪᠠᠲᠤᠯᠠᠪᠠᠯ ᠵᠣᠬᠢᠨ᠎ᠠ᠃ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠡᠷᠬᠡᠪᠰᠢ ᠠᠭᠤᠯᠠ | ᠲᠣᠬᠢᠶᠠᠯᠳᠤᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠬᠤ ᠰᠥᠰᠥ ᠵᠣᠷᠢᠭ ᠢᠶᠠᠷ ᠲᠠᠷᠢᠬᠢ | ᠲᠣᠯᠣᠭᠠᠢ ᠪᠠᠨ ᠬᠥᠳᠡᠯᠭᠡᠨ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠳᠠᠷᠤᠯᠲᠠ ᠶᠢᠨ ᠡᠮᠦᠨ᠎ᠡ | ᠵᠣᠷᠢᠭᠲᠠᠢ ᠪᠠᠷ ᠬᠦᠨᠳᠦ ᠡᠭᠦᠷᠭᠡ ᠶᠢ ᠡᠭᠦᠷᠭᠡᠯᠡᠨ᠂ ᠥᠷᠢᠰᠦᠯᠳᠦᠭᠡᠨ ᠤ ᠡᠮᠦᠨ᠎ᠡ ᠵᠣᠷᠢᠭᠲᠠᠢ ᠪᠠᠷ ᠬᠠᠲᠠᠭᠤ | ᠳᠠᠶᠢᠯᠠᠯᠳᠤᠭᠠᠨ ᠬᠢᠵᠦ᠂ ᠠᠶᠤᠯ ᠲᠦᠭᠰᠢᠭᠦᠷᠢ ᠶᠢᠨ ᠡᠮᠦᠨ᠎ᠡ ᠵᠣᠷᠢᠭᠲᠠᠢ ᠪᠠᠷ ᠰᠢᠪᠲᠤᠯᠤᠯᠲᠠ ᠬᠢᠵᠦ᠂ ᠪᠦᠭᠦ ᠵᠢᠯ ᠤᠨ | ᠡᠯ᠎ᠡ ᠵᠦᠢᠯ ᠤᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠳᠤ ᠲᠤᠰᠠᠲᠠᠢ ᠠᠷᠭ᠎ᠠ ᠰᠦᠪᠡᠭᠴᠢᠯᠡᠨ᠂ ᠦᠨᠡᠨ | ᠪᠣᠳᠠᠲᠠᠢ ᠠᠷᠭ᠎ᠠ ᠭᠠᠷᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ | ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠪᠠᠷ ᠴᠢᠷᠮᠠᠶᠢᠬᠤ ᠬᠡᠷᠡᠭᠲᠡᠢ᠃ | ᠡᠭᠦᠷᠭᠡ ᠮᠥᠷᠥᠨ ᠳᠤ ᠪᠠᠶᠢᠭ᠎ᠠ ᠪᠣᠯᠬᠤᠷ ᠮᠢᠩᠭᠠᠨ ᠪᠡᠷᠬᠡ ᠲᠦᠮᠡᠨ ᠪᠠᠷᠳᠠᠭ᠎ᠠ ᠠᠴᠠ ᠠᠶᠤᠬᠤ ᠦᠭᠡᠢ᠂ | ᠬᠠᠷᠢᠭᠤᠴᠠᠯᠭ᠎ᠠ ᠰᠡᠳᠬᠢᠯ ᠳᠤ ᠪᠠᠶᠢᠭ᠎ᠠ ᠪᠣᠯᠬᠤᠷ ᠰᠠᠯᠬᠢ ᠪᠣᠷᠣᠭᠠᠨ ᠠᠴᠠ ᠵᠢᠷᠦᠬᠡᠰᠢᠶᠡᠬᠦ ᠦᠭᠡᠢ᠃ ᠪᠦᠭᠦ ᠣᠷᠣᠨ ᠤ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯ ᠦᠢᠯᠡᠰ ᠢᠶᠠᠨ ᠰᠡᠳᠬᠢᠯ ᠳᠡᠭᠡᠨ ᠪᠤᠳᠤᠵᠤ᠂ ᠡᠭᠦᠷᠭᠡ | ᠬᠠᠷᠢᠭᠤᠴᠠᠯᠭ᠎ᠠ ᠡᠭᠦᠷᠭᠡᠯᠡᠨ᠂ ᠦᠨᠡᠨ ᠬᠦ ᠴᠢᠷᠮᠠᠶᠢᠨ ᠬᠠᠲᠠᠭᠤᠵᠢᠯᠲᠠᠢ ᠠᠵᠢᠯᠯᠠᠵᠤ᠂ ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠤᠪᠢ ᠨᠡᠮᠡᠷᠢ | ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠶᠢᠨ | ᠰᠦᠷᠯᠢᠭ ᠰᠠᠶᠢᠬᠠᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ᠃ |