ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ᠱᠦᠵᠢ ᠴᠢᠶᠣᠤ ᠯᠢ᠄ | | ᠰᠦᠨ ᠯᠢᠦ | | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ | ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ | ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠳᠤ᠄ ︽ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠤᠯᠠᠨ ᠲᠦᠮᠡᠨᠴᠢ ᠪᠦᠯᠭᠦᠮ ᠤᠨ ᠵᠣᠬᠢᠶᠠᠨ | ᠪᠠᠶᠢᠭᠤᠯᠤᠯᠲᠠ ᠶᠢᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ︾ ᠭᠡᠵᠦ ᠲᠣᠳᠣᠷᠬᠠᠢ ᠳᠤᠷᠠᠳᠤᠨ ᠭᠠᠷᠭᠠᠵᠤ᠂ ᠰᠢᠨ᠎ᠡ | ᠪᠠᠶᠢᠳᠠᠯ ᠳᠣᠣᠷ᠎ᠠ ᠡᠪ ᠬᠠᠮᠲᠤ ᠵᠠᠯᠠᠭᠤᠴᠤᠳ ᠤᠨ ᠡᠪᠯᠡᠯ ᠪᠠ ᠵᠠᠯᠠᠭᠤᠴᠤᠳ ᠤᠨ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠬᠦ ᠳᠤ ᠨᠡᠩ ᠥᠨᠳᠥᠷ ᠱᠠᠭᠠᠷᠳᠠᠯᠭ᠎ᠠ ᠳᠤᠷᠠᠳᠪᠠ᠃ | ᠶᠡᠷᠦᠩᠬᠡᠢ ᠱᠦᠵᠢ ᠰᠢ ᠶᠢᠨ ᠫᠢᠩ᠂ ᠡᠪ ᠬᠠᠮᠲᠤ ᠵᠠᠯᠠᠭᠤᠴᠤᠳ ᠤᠨ ᠡᠪᠯᠡᠯ ᠪᠣᠯ ᠨᠠᠮ ᠤᠨ ᠲᠤᠰᠠᠯᠠᠭᠴᠢ | ᠬᠦᠴᠦᠨ ᠪᠠ ᠪᠡᠯᠡᠳᠬᠡᠯ ᠴᠡᠷᠢᠭ ᠮᠥᠨ᠂ ᠨᠠᠮ ᠤᠨ ᠵᠠᠯᠠᠭᠤᠴᠤᠳ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ | ᠮᠥᠨ᠂ ᠡᠨᠡ ᠬᠦ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ | ᠲᠥᠯᠥᠪᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠣᠯᠣᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ | ᠡᠭᠦᠷᠭᠡ ᠪᠤᠯᠭᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠠᠵᠢᠯ ᠤᠨ ᠭᠤᠣᠯ ᠰᠢᠵᠢᠮ ᠢ ᠴᠢᠩᠭ᠎ᠠ ᠠᠳᠬᠤᠨ᠂ ︽ᠲᠤᠰᠠᠯᠠᠭᠴᠢ ᠬᠦᠴᠦᠨ ᠪᠠ ᠪᠡᠯᠡᠳᠬᠡᠯ ᠴᠡᠷᠢᠭ︾᠂ ︽ | ᠬᠥᠭᠦᠷᠭᠡ ᠪᠠ ᠬᠤᠯᠪᠣᠭᠠᠰᠤ︾ ᠶᠢᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ︽ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ ᠥᠷᠭᠡᠨ ᠤᠯᠠᠨ ᠡᠪᠯᠡᠯ ᠤᠨ ᠭᠡᠰᠢᠭᠦᠨ | ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠥᠯᠥᠭᠡ | ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠲᠤᠬᠠᠢ ᠲᠣᠭᠲᠠᠭᠠᠯ︾ ᠢ ᠳᠠᠷᠤᠮᠠᠯᠯᠠᠨ ᠲᠠᠷᠬᠠᠭᠠᠪᠠ᠂ ᠡᠪᠯᠡᠯ ᠤᠨ ᠠᠵᠢᠯ ᠤᠨ | ᠪᠠᠶᠢᠭᠤᠯᠤᠯ ᠲᠣᠭᠲᠠᠴᠠ ᠶᠢ ᠨᠠᠩ ᠰᠢᠯᠢᠳᠡᠭᠵᠢᠭᠦᠯᠬᠦ᠂ ᠳᠦᠷᠢᠮ ᠤᠨ ᠰᠢᠰᠲ᠋ᠧᠮ ᠢ ᠨᠡᠩ ᠲᠡᠭᠦᠯᠳᠡᠷᠵᠢᠭᠦᠯᠬᠦ᠂ | ᠣᠶᠢᠯᠠᠭᠠᠭᠳᠠᠬᠤᠨ ᠠᠷᠭ᠎ᠠ ᠬᠡᠮᠵᠢᠶ᠎ᠡ ᠨᠡᠩ ᠲᠡᠷᠢᠭᠦᠨ ᠤ ᠬᠢ ᠪᠤᠯᠬᠤ ᠶᠢ ᠠᠬᠢᠭᠤᠯᠵᠤ᠂ ᠥᠷᠭᠡᠨ ᠣᠯᠠᠨ ᠡᠪᠯᠡᠯ ᠤᠨ | ᠭᠡᠰᠢᠭᠦᠨ ᠵᠠᠯᠠᠭᠤᠴᠤᠳ ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠪᠢᠴᠢᠭᠯᠡᠬᠦ ᠳᠤ ᠬᠡᠬᠦᠳᠡᠭ ᠳᠦᠭᠦᠷᠡᠩ ᠬᠠᠷᠢᠭᠤᠴᠠᠯᠭ᠎ᠠ ᠡᠭᠦᠷᠭᠡᠯᠡᠬᠦ ᠶᠢ ᠰᠠᠶᠢᠲᠤᠷ ᠳᠠᠶᠢᠴᠢᠯᠠᠨ | ᠳᠠᠭᠠᠭᠤᠯᠪᠠ᠃ ᠣᠶᠢᠷ᠎ᠠ ᠳᠤ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ | ᠱᠦᠵᠢ ᠴᠢᠶᠣᠤ ᠯᠢ ᠶᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠨᠠᠮ ᠤᠨ ᠲᠥᠯᠥᠭᠡ ᠬᠥᠮᠥᠨ ᠬᠥᠮᠥᠵᠢᠭᠦᠯᠬᠦ ᠪᠣᠯ ᠡᠪ | ᠬᠠᠮᠲᠤ ᠵᠠᠯᠠᠭᠤᠴᠤᠳ ᠤᠨ ᠡᠪᠯᠡᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠪᠣᠯᠣᠨ᠎ᠠ᠂ ᠨᠠᠮ ᠤᠨ ᠦᠢᠯᠡᠰ ᠤᠨ | ᠵᠠᠯᠭᠠᠮᠵᠢᠯᠠᠭᠴᠢ ᠭᠡᠬᠦ ᠦᠨᠳᠦᠰᠦᠨ ᠶᠡᠭᠡ ᠪᠣᠳᠣᠯᠭ᠎ᠠ ᠲᠠᠢ ᠬᠤᠯᠪᠣᠭᠳᠠᠨ᠎ᠠ᠃ ᠥᠪᠡᠷᠲᠡᠭᠡᠨ ᠵᠠᠰᠠᠬᠤ ᠣᠷᠣᠨ ᠤ | ᠡᠪᠯᠡᠯ ᠤᠨ ᠬᠤᠷᠢᠶ᠎ᠠ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠭᠦᠢᠴᠡᠳᠬᠡᠬᠦ ᠲᠠᠯ᠎ᠠ ᠪᠠᠷ ᠶᠠᠮᠠᠷ ᠶᠠᠮᠠᠷ ᠠᠵᠢᠯ | ᠬᠢᠭᠰᠡᠨ ᠪᠤᠶ︖ | ᠴᠢᠶᠣᠤ ᠯᠢ᠄ ᠪᠢᠳᠡ ᠵᠠᠯᠠᠭᠤᠴᠤᠳ ᠢ ᠬᠥᠲᠥᠯᠥᠨ ᠳᠠᠭᠠᠭᠤᠯᠵᠤ ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠵᠤ ᠳᠡᠶᠢᠯᠭᠦ ᠡᠰᠡᠬᠦ ᠪᠠᠷ ᠠᠵᠢᠯ ᠢᠶᠠᠨ ᠬᠡᠮᠵᠢᠬᠦ | ᠤᠯᠤᠰ ᠲᠥᠷᠥ ᠶᠢᠨ ᠪᠠᠷᠢᠮᠵᠢᠶ᠎ᠠ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠬᠥᠮᠥᠨ ᠢ ᠬᠥᠮᠥᠵᠢᠭᠦᠯᠬᠦ ᠬᠦᠴᠦᠯᠡᠬᠦ ᠴᠡᠭ ᠪᠤᠯᠭᠠᠵᠤ᠂ ᠤᠯᠤᠰ ᠲᠥᠷᠥ ᠶᠢᠨ | ᠬᠥᠲᠥᠯᠥᠨ ᠳᠠᠭᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠯᠠᠭᠤᠴᠤᠳ ᠪᠠᠭᠠᠴᠤᠳ ᠤᠨ | ᠨᠠᠮ ᠢᠶᠠᠨ ᠡᠷᠡᠰ ᠳᠠᠭᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠳᠤ ᠣᠷᠤᠯᠴᠠᠬᠤ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠪᠡ᠃ ᠵᠠᠯᠠᠭᠤᠴᠤᠳ | ᠪᠠᠭᠠᠴᠤᠳ ᠢ ᠤᠨᠤᠯ ᠢᠶᠠᠷ ᠵᠡᠪᠰᠡᠭᠯᠡᠬᠦ ᠠᠵᠢᠯ ᠤᠨ ᠰᠢᠰᠲ᠋ᠧᠮ ᠢ ᠪᠦᠷᠢᠨᠰᠢᠭᠦᠯᠵᠦ᠂ ᠡᠪᠯᠡᠯ ᠤᠨ ᠭᠡᠰᠢᠭᠦᠨ ᠪᠣᠯᠣᠨ | ᠵᠠᠯᠠᠭᠤᠴᠤᠳ ᠤᠨ ᠭᠤᠣᠯ ᠰᠡᠳᠦᠪᠲᠦ ᠬᠥᠮᠦᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠵᠤ᠂ ︽ᠵᠠᠯᠠᠭᠤᠴᠤᠳ ᠤᠨ ᠶᠡᠭᠡ ᠰᠤᠷᠤᠯᠴᠠᠯᠭ᠎ᠠ︾᠂ ︽ᠤᠯᠠᠭᠠᠨ ᠪᠦᠴᠡᠲᠡᠨ ᠤ ᠬᠠᠶᠢᠷ᠎ᠠ ᠬᠠᠯᠠᠮᠵᠢ ᠶᠢᠨ | ᠰᠤᠷᠤᠯᠴᠠᠯᠭ᠎ᠠ︾᠂ ︽ᠵᠠᠯᠠᠭᠤᠴᠤᠳ ᠤᠨ ᠯᠧᠺᠲ᠋ᠣᠷ ᠤᠨ ᠪᠦᠯᠭᠦᠮ︾᠂ ︽ᠤᠯᠠᠭᠠᠨ ᠪᠦᠴᠡᠲᠡᠨ ᠤ ᠲᠣᠭᠤᠷᠢᠨ | ᠲᠠᠶᠢᠯᠪᠤᠷᠢᠯᠠᠬᠤ ᠪᠦᠯᠭᠦᠮ︾ ᠵᠡᠷᠭᠡ ᠰᠤᠷᠤᠯᠴᠠᠯᠭ᠎ᠠ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠬᠥᠮᠥᠰ ᠤᠨ ᠲᠠᠷᠢᠬᠢᠨ ᠳᠤ ᠬᠠᠳᠠᠩᠰᠢᠭᠤᠯᠬᠤ ᠶᠢ | ᠠᠬᠢᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠬᠥᠮᠦᠵᠢᠯ ᠤᠨ ᠰᠢᠰᠲ᠋ᠧᠮ ᠢ ᠴᠢᠩᠭᠠᠳᠬᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ | ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ᠂ ᠵᠠᠯᠠᠭᠤᠴᠤᠳ᠂ ᠪᠠᠭᠠᠴᠤᠳ ᠲᠤ ᠴᠢᠭᠯᠡᠭᠦᠯᠦᠭᠰᠡᠨ ᠣᠨᠣᠯ ᠤᠨ ᠲᠠᠶᠢᠯᠪᠤᠷᠢᠯᠠᠯᠲᠠ ᠶᠢ | ᠴᠢᠩᠭᠠᠳᠬᠠᠵᠤ᠂ ᠬᠠᠮᠢᠶ᠎ᠠ ᠪᠦᠬᠦᠢ ᠰᠡᠳᠦᠪ ᠤᠨ ᠰᠤᠳᠤᠯᠭᠠᠨ ᠬᠢᠵᠦ᠂ ᠭᠤᠣᠯ ᠰᠡᠳᠦᠪᠲᠦ ᠲᠠᠶᠢᠯᠪᠤᠷᠢᠯᠠᠯᠲᠠ ᠶᠢ | 7019 ᠤᠳᠠᠭ᠎ᠠ ᠥᠷᠨᠢᠭᠦᠯᠵᠦ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ | ᠠᠮᠢᠳᠤᠯᠢᠭ ᠰᠠᠶᠢᠬᠠᠨ ᠶᠠᠷᠢᠪᠠ᠃ ᠣᠷᠣᠨ ᠪᠦᠰᠡ ᠠᠯᠤᠰᠯᠠᠭᠰᠠᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ | ᠠᠵᠢᠯᠯᠠᠭ᠎ᠠ ᠶᠢᠨ ᠪᠠᠶᠢᠩᠭᠤᠵᠢᠯᠳᠠ ᠳᠦᠷᠢᠮᠵᠢᠯᠲᠡ ᠶᠢ ᠰᠦᠪᠡᠭᠴᠢᠯᠡᠨ ᠠᠬᠢᠭᠤᠯᠵᠤ᠂ ᠥᠪᠥᠷ ᠮᠣᠩᠭᠤᠯ ᠰᠢᠶᠠᠩᠭᠠᠩ | ᠣᠣᠮᠧᠨ ᠲᠠᠶᠢᠸᠠᠨ ᠤ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠶᠠᠪᠤᠯᠴᠠᠭ᠎ᠠ ᠶᠢᠨ ᠥᠷᠭᠡᠴᠡ ᠭᠦᠨᠴᠡ ᠶᠢ | ᠥᠷᠭᠡᠳᠬᠡᠵᠦ᠂ ᠪᠦᠭᠦ ᠣᠷᠣᠨ ᠤ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠵᠠᠯᠠᠭᠤᠴᠤᠳ | ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ 5000 ᠭᠠᠷᠤᠢ ᠤᠳᠠᠭ᠎ᠠ ᠥᠷᠨᠢᠭᠦᠯᠵᠦ᠂ 19 ᠲᠦᠮᠡ ᠰᠢᠬᠠᠮ | ᠬᠥᠮᠥᠨ ᠤᠳᠠᠭ᠎ᠠ ᠣᠷᠣᠯᠴᠠᠪᠠ᠃ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭ ᠤᠨ | ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠨᠠᠩ ᠢᠯᠡᠭᠦᠦ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠥᠷᠨᠢᠭᠦᠯᠪᠡ᠃ | ᠡᠪ ᠬᠠᠮᠲᠤ ᠵᠠᠯᠠᠭᠤᠴᠤᠳ ᠤᠨ ᠡᠪᠯᠡᠯ ᠤᠨ ᠤᠬᠠᠭᠤᠯᠭ᠎ᠠ ᠶᠢᠨ ᠠᠵᠢᠯ ᠤᠨ ᠰᠢᠰᠲ᠋ᠧᠮ ᠤᠨ ᠰᠢᠨ᠎ᠡ ᠶᠢ ᠡᠭᠦᠳᠴᠦ᠂ | ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠥᠯᠥᠭᠡ ᠴᠡᠭᠡᠵᠢ ᠲᠦᠷᠢᠨ ᠤᠷᠤᠭᠰᠢᠯᠠᠬᠤ︾ | ᠭᠤᠣᠯ ᠰᠡᠳᠦᠪᠲᠦ ᠤᠬᠠᠭᠤᠯᠭ᠎ᠠ ᠶᠢ ᠥᠷᠨᠢᠭᠦᠯᠵᠦ᠂ ︽ᠪᠢ ᠤᠮᠠᠷᠠᠲᠤ ᠬᠢᠯᠢ ᠳᠤ ᠵᠠᠯᠠᠭᠤ ᠨᠠᠰᠤ ᠪᠠᠨ ᠪᠢᠴᠢᠭᠯᠡᠨ᠎ᠡ︾ | ᠂ ︽ᠤᠮᠠᠷᠠᠲᠤ ᠬᠢᠯᠢ ᠶᠢᠨ ᠵᠠᠯᠠᠭᠤᠴᠤᠳ ᠤᠨ ᠶᠠᠷᠢᠶ᠎ᠠ︾ ᠵᠡᠷᠭᠡ ᠢᠳᠡᠪᠬᠢ ᠬᠦᠴᠦᠨ ᠪᠦᠬᠦᠢ ᠪᠦᠲᠦᠭᠡᠭᠳᠡᠬᠦᠨ ᠢ 2. | 5 ᠲᠦᠮᠡ ᠦᠢᠯᠡᠳᠴᠦ᠂ ᠨᠢᠭᠡ ᠪᠦᠯᠦᠭ ︽ᠵᠢᠩᠬᠢᠨᠢ ᠪᠠᠭ᠋ᠠᠷᠬᠠᠭᠴᠢᠳ︾ ᠢ ᠨᠢᠭᠲᠠᠷᠠᠭᠤᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ | ᠥᠭᠡᠷᠡᠴᠢᠯᠡᠯᠲᠡ ᠶᠢ ᠲᠥᠯᠥᠪᠵᠢᠭᠦᠯᠦᠨ ᠪᠠᠶᠢᠷᠢᠯᠠᠭᠤᠯᠬᠤ ᠪᠣᠯ ᠨᠠᠮ ᠤᠨ ᠥᠭᠡᠷᠡᠴᠢᠯᠡᠯᠲᠡ ᠨᠡᠭᠡᠭᠡᠯᠲᠡ ᠶᠢ | ᠤᠳᠤᠷᠢᠳᠤᠭᠰᠠᠨ ᠠᠮᠵᠢᠯᠲᠠ ᠲᠠᠢ ᠲᠤᠷᠰᠢᠯᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ︽ᠨᠢᠭᠡ ᠭᠤᠣᠯ | ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠭᠤᠣᠯ ᠶᠡᠭᠡ ᠲᠠᠯ᠎ᠠ | ᠶᠢᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠠᠮᠠᠷ ᠶᠠᠮᠠᠷ ᠠᠵᠢᠯ ᠬᠢᠭᠰᠡᠨ ᠪᠤᠶ︖ | ᠴᠢᠶᠣᠤ ᠯᠢ᠄ ᠪᠢᠳᠡ ᠢᠮᠠᠭᠲᠠ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠪᠠᠷ | ᠠᠵᠢᠯ ᠤᠨ ᠭᠤᠣᠯ ᠰᠢᠵᠢᠮ ᠪᠤᠯᠭᠠᠵᠤ᠂ ᠵᠠᠯᠠᠭᠤᠴᠤᠳ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠯᠠᠬᠤ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠵᠠᠯᠠᠭᠤᠴᠤᠳ ᠤᠨ ᠥᠪᠥᠷ ᠮᠣᠩᠭᠤᠯ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠢᠲᠡᠭᠡᠯ ᠵᠣᠷᠢᠭ ᠢᠶᠠᠨ ᠬᠥᠪᠴᠢᠯᠡᠵᠦ᠂ ᠭᠠᠪᠢᠶ᠎ᠠ | ᠵᠢᠳᠬᠦᠯ ᠭᠠᠷᠭᠠᠬᠤ ᠶᠢ ᠨᠠᠩ ᠰᠠᠶᠢᠲᠤᠷ ᠬᠥᠲᠥᠯᠥᠨ ᠳᠠᠭᠠᠭᠤᠯᠪᠠ᠃ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠲᠣᠭᠤᠷᠢᠨ ᠳᠤ ︽ᠥᠷᠢᠰᠦᠯᠳᠦᠭᠡᠨ ᠬᠤᠨᠳᠠᠭᠠᠲᠤ︾᠂ ︽ᠵᠠᠯᠠᠭᠤ ᠨᠠᠰᠤᠠ ᠤ ᠡᠭᠦᠳᠦᠯᠲᠡ︾ | ᠵᠡᠷᠭᠡ ︽ᠵᠠᠯᠠᠭᠤᠴᠤᠳ︾ ᠤᠨ ᠲᠦᠷᠦᠯ ᠲᠡᠮᠳᠡᠭ ᠢ ᠡᠭᠦᠳᠴᠦ᠂ ︽ᠡᠭᠦᠳᠦᠨ ᠪᠦᠲᠦᠭᠡᠯᠲᠡ︾ ᠳᠤ ᠴᠠᠭ | ᠦᠶ᠎ᠡ ᠶᠢᠨ ᠠᠭᠤᠯᠤᠭᠳᠠᠬᠤᠨ ᠨᠡᠮᠡᠷᠢᠯᠡᠵᠦ᠂ ᠵᠠᠯᠠᠭᠤᠴᠤᠳ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠳᠤ ᠢᠳᠡᠪᠬᠢᠲᠡᠢ ᠣᠷᠤᠯᠴᠠᠬᠤ ᠶᠢ ᠵᠣᠷᠢᠬᠵᠢᠭᠤᠯᠵᠠᠢ;ᠪᠡᠭᠡᠵᠢᠩ ᠥᠪᠥᠷ ᠮᠣᠩᠭᠤᠯ ᠤᠨ ᠡᠪ ᠬᠠᠮᠲᠤ | ᠵᠠᠯᠠᠭᠤᠴᠤᠳ ᠤᠨ ᠡᠪᠯᠡᠯ ᠤᠨ ᠬᠠᠮᠵᠢᠯᠴᠠᠭᠠᠨ ᠤ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ | ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ ᠪᠠ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠢ ᠲᠣᠭᠲᠠᠵᠤ᠂ ᠠᠵᠢᠯ ᠤᠨ | ᠬᠠᠮᠲᠤᠷᠠᠭᠰᠠᠨ ᠬᠤᠷᠠᠯ ᠤᠨ ᠲᠣᠭᠲᠠᠴᠠ ᠪᠠ ᠨᠥᠭᠦᠷᠰᠡᠭ ᠢᠶᠠᠷ ᠬᠠᠷᠢᠯᠴᠠᠨ ᠠᠶᠢᠯᠴᠢᠯᠠᠵᠤ ᠰᠢᠨᠵᠢᠯᠡᠨ ᠪᠠᠶᠢᠴᠠᠭᠠᠬᠤ | ᠲᠣᠭᠲᠠᠴᠠ ᠶᠢ ᠪᠠᠶᠢᠭᠤᠯᠤᠨ᠂ ᠬᠤᠶᠠᠷ ᠭᠠᠵᠠᠷ ᠤᠨ ᠵᠠᠯᠠᠭᠤ ᠴᠢᠳᠠᠪᠤᠷᠢᠲᠠᠨ ᠤ ᠬᠤᠷᠰᠢᠯᠴᠠᠭ᠎ᠠ ᠪᠠ | ᠬᠠᠮᠲᠤᠷᠠᠯᠴᠠᠭ᠎ᠠ ᠶᠢ ᠠᠬᠢᠭᠤᠯᠪᠠ᠃ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶᠢᠷᠡᠭᠦᠯᠬᠦ ᠳᠤ ᠵᠠᠯᠠᠭᠤ ᠨᠠᠰᠤᠨ ᠤ ᠵᠢᠳᠬᠦᠯ ᠴᠢᠷᠮᠠᠶᠢᠯᠭ᠎ᠠ ᠭᠠᠷᠭᠠᠬᠤ | ᠲᠣᠭᠤᠷᠢᠨ ᠳᠤ ᠵᠠᠯᠠᠭᠤᠴᠤᠳ ᠤᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢ ᠪᠣᠶᠢᠵᠢᠭᠤᠯᠬᠤ | ᠢᠨᠵᠧᠨᠧᠷᠢᠩ᠂ ᠥᠨᠳᠥᠷ ᠬᠡᠪ ᠪᠣᠯᠪᠠᠰᠤᠷᠠᠯ ᠲᠠᠢ ᠵᠠᠯᠠᠭᠤ ᠮᠠᠯᠴᠢᠨ ᠲᠠᠷᠢᠶᠠᠴᠢᠨ ᠢ ᠬᠥᠮᠥᠵᠢᠭᠦᠯᠬᠦ ᠲᠥᠯᠥᠪᠯᠡᠭᠡ ᠵᠡᠷᠭᠡ | ᠲᠥᠷᠥᠯ ᠵᠦᠢᠯ ᠢ ᠬᠡᠷᠡᠭᠵᠢᠭᠦᠯᠵᠦ᠂ ᠵᠠᠯᠠᠭᠤᠴᠤᠳ ᠤᠨ ᠰᠦᠯᠵᠢᠶᠡᠨ ᠤ ᠭᠤᠣᠯ ᠨᠡᠪᠲᠡᠷᠡᠭᠦᠯᠦᠭᠴᠢ ᠶᠢ 2200 | ᠪᠣᠶᠢᠵᠢᠭᠤᠯᠤᠨ᠂ ︽ᠤᠮᠠᠷᠠᠲᠤ ᠬᠢᠯᠢ︾ ᠶᠢᠨ ᠰᠢᠭᠤᠳ ᠨᠡᠪᠲᠡᠷᠡᠭᠦᠯᠭᠡ ᠶᠢᠨ ᠲᠠᠷᠢᠶᠠᠯᠠᠩ ᠳᠤ ᠲᠤᠰᠠᠯᠠᠬᠤ | ᠪᠣᠷᠤᠯᠠᠭᠤᠯᠭ᠎ᠠ ᠶᠢᠨ ᠶᠡᠷᠦᠩᠬᠡᠢ ᠬᠡᠮᠵᠢᠶ᠎ᠡ 2100 ᠲᠦᠮᠡᠨ ᠲᠥᠭᠦᠷᠢᠭ ᠢ ᠳᠠᠪᠠᠪᠠ᠃ ︽ᠨᠤᠲᠤᠭ ᠲᠠᠭᠠᠨ ᠪᠤᠴᠠᠬᠤ︾ | ᠂ ︽ᠭᠤᠷᠪᠠ ᠶᠢ ᠬᠥᠳᠡᠭᠡ ᠪᠠᠭᠤᠯᠭᠠᠬᠤ︾᠂ ︽ᠵᠠᠯᠠᠭᠤᠴᠤᠳ ᠤᠨ ᠪᠣᠳᠠᠲᠠᠢ ᠠᠵᠢᠯᠯᠠᠭᠴᠢ ᠶᠢᠨ ᠲᠥᠯᠥᠪᠯᠡᠭᠡ︾ | ᠵᠡᠷᠭᠡ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ 30 ᠭᠠᠷᠤᠢ ᠲᠦᠮᠡᠨ ᠵᠠᠯᠠᠭᠤ ᠰᠤᠷᠤᠬᠴᠢᠳ | ᠦᠨᠳᠦᠰᠦᠨ ᠱᠠᠲᠤᠨ ᠤ ᠡᠯ᠎ᠡ ᠬᠦᠷᠢᠶᠡᠨ ᠳᠤ ᠬᠦᠷᠴᠦ ᠦᠢᠯᠡᠳᠦᠯᠭᠡ ᠶᠢᠨ ᠪᠣᠯᠪᠠᠰᠤᠷᠠᠯ ᠥᠷᠨᠢᠭᠦᠯᠵᠡᠢ᠃ ︽ | ᠵᠠᠯᠠᠭᠤᠴᠤᠳ ᠤᠮᠠᠷᠠᠲᠤ ᠬᠢᠯᠢ ᠳᠤ ᠰᠠᠬᠢᠨ ᠪᠠᠷᠠᠯᠠᠵᠤ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠬᠦ︾ | ᠵᠠᠯᠠᠭᠤᠴᠤᠳ ᠤᠨ ︽ᠤᠮᠠᠷᠠᠲᠤ ᠶᠢᠨ ᠭᠤᠷᠪᠠᠨ ᠣᠷᠣᠨ︾ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ | ᠠᠮᠢ ᠠᠬᠤᠢ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠨᠡᠶᠢᠲᠡ 1.1 ᠲᠦᠮᠡ ᠭᠠᠷᠤᠢ | ᠮᠦ ᠣᠶᠢᠵᠢᠭᠤᠯᠪᠠ᠃ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠪᠠᠶᠢᠩᠭᠤᠵᠢᠭᠤᠯᠤᠨ᠂ | ︽ᠨᠡᠶᠢᠭᠡᠮ ᠲᠣᠭᠤᠷᠢᠭ ᠤᠨ ᠵᠠᠯᠠᠭᠤᠴᠤᠳ ᠤᠨ ᠠᠵᠢᠯᠯᠠᠭ᠎ᠠ︾ ᠶᠢ ᠶᠡᠭᠡ ᠪᠠᠷ ᠠᠬᠢᠭᠤᠯᠵᠤ᠂ ︽ᠳᠥᠷᠪᠡᠨ ᠴᠠᠭ | ᠬᠠᠭᠠᠰ ᠤᠨ ᠬᠢᠴᠢᠶᠡᠯ ᠤᠨ ᠲᠠᠩᠬᠢᠮ︾᠂ ︽ᠣᠶᠤᠨᠴᠢ ᠪᠠᠷ ᠨᠠᠰᠤᠲᠠᠳ ᠢ ᠲᠤᠰᠠᠯᠠᠬᠤ︾ ᠵᠡᠷᠭᠡ ᠨᠡᠶᠢᠲᠡ ᠶᠢᠨ | ᠠᠰᠠᠷᠠᠮᠵᠢ ᠶᠢᠨ ᠲᠥᠷᠥᠯ ᠵᠦᠢᠯ ᠢ ᠭᠠᠷᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢ ᠨᠠᠩ ᠠᠮᠢᠵᠢᠷᠠᠯ ᠤᠨ | ᠬᠦᠴᠦᠨ ᠲᠠᠢ ᠪᠣᠯᠭᠠᠵᠠᠢ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ | ᠲᠣᠭᠤᠷᠢᠨ ᠳᠤ ︽ᠰᠦᠭ ᠰᠦᠨᠡᠰᠦ ᠶᠢ ᠱᠤᠭᠤᠵᠤ ᠬᠢᠯᠢ ᠬᠢᠵᠠᠭᠠᠷ ᠢ ᠬᠠᠶᠢᠷᠠᠯᠠᠬᠤ ᠢᠨᠵᠧᠨᠧᠷᠢᠩ︾᠂ ︽ᠰᠡᠳᠬᠢᠯ | ᠨᠢᠭᠡᠳᠦᠨ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠢᠨᠵᠧᠨᠧᠷᠢᠩ︾᠂ ︽ᠬᠦᠴᠦ ᠪᠠᠨ ᠲᠥᠪᠯᠡᠷᠡᠭᠦᠯᠦᠨ ᠬᠢᠯᠢ | ᠬᠢᠵᠠᠭᠠᠷ ᠢ ᠲᠣᠭᠲᠠᠪᠤᠷᠢᠵᠢᠭᠤᠯᠬᠤ ᠲᠥᠯᠥᠪᠯᠡᠭᠡ︾᠂ ︽ᠰᠡᠳᠬᠢᠯ ᠨᠢᠭᠡᠳᠦᠨ ᠬᠢᠯᠢ ᠬᠢᠵᠠᠭᠠᠷ ᠢ ᠰᠠᠬᠢᠨ ᠬᠠᠮᠠᠭᠠᠠᠯᠬᠤ | ᠲᠥᠯᠥᠪᠯᠡᠭᠡ︾᠂ ︽ᠰᠡᠳᠬᠢᠯ ᠨᠢᠭᠡᠳᠦᠨ ᠬᠢᠯᠢ ᠬᠢᠵᠠᠭᠠᠷ ᠢ ᠬᠥᠭᠵᠢᠭᠦᠯᠬᠦ ᠲᠥᠯᠥᠪᠯᠡᠭᠡ︾᠂ ︽ᠵᠠᠯᠠᠭᠤᠴᠤᠳ ᠬᠢᠯᠢ | ᠬᠢᠵᠠᠭᠠᠷ ᠢ ᠬᠦᠴᠦᠷᠬᠡᠭᠵᠢᠭᠦᠯᠬᠦ ᠲᠥᠯᠥᠪᠯᠡᠭᠡ︾ ᠵᠡᠷᠭᠡ 2 ᠢᠨᠵᠧᠨᠧᠷᠢᠩ᠂ 4 ᠲᠥᠯᠥᠪᠯᠡᠭᠡ ᠶᠢ ᠰᠤᠳᠤᠯᠤᠨ | ᠳᠤᠷᠠᠳᠴᠤ᠂ ᠣᠷᠣᠨ ᠤ ᠳᠣᠲᠣᠨ᠎ᠠ ᠭᠠᠳᠠᠨᠠᠬᠢ 3570 ᠰᠤᠷᠤᠬᠴᠢ ᠪᠣᠯᠣᠨ ᠪᠠᠷᠠᠭᠤᠨ ᠣᠷᠣᠨ ᠤ ᠲᠥᠯᠥᠪᠯᠡᠭᠡ | ᠶᠢᠨ ︽ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ︾ 650 ᠰᠠᠶᠢᠨ ᠳᠤᠷᠠᠴᠤᠳ ᠢ ᠵᠣᠬᠢᠶᠠᠨ | ᠪᠠᠶᠢᠭᠤᠯᠵᠤ ᠬᠢᠯᠢ ᠬᠢᠵᠠᠭᠠᠷ ᠣᠷᠣᠨ ᠳᠤ ᠣᠴᠢᠭᠤᠯᠤᠨ᠂ ᠨᠡᠶᠢᠭᠡᠮ ᠤᠨ ᠦᠢᠯᠡᠳᠦᠯᠭᠡ ᠪᠠ ᠦᠢᠯᠡᠴᠢᠯᠡᠭᠡ | ᠥᠷᠨᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠬᠢᠯᠢ ᠬᠢᠵᠠᠭᠠᠷ ᠢ ᠪᠠᠬᠢᠵᠢᠭᠦᠯᠬᠦ ᠳᠤ ᠬᠦᠴᠦᠨ ᠨᠡᠮᠡᠷᠢᠯᠡᠵᠡᠢ᠃ | ᠥᠪᠥᠷ ᠮᠣᠩᠭᠤᠯ ᠤᠨ ᠡᠳᠦᠷ ᠤᠨ ᠰᠣᠨᠢᠨ᠄ ᠨᠠᠮ ᠪᠣᠯᠣᠨ ᠤᠯᠤᠰ ᠤᠨ ᠠᠵᠢᠯ ᠦᠢᠯᠡᠰ ᠢ | ᠬᠥᠭᠵᠢᠭᠦᠯᠬᠦ ᠳᠤ ᠵᠠᠯᠠᠭᠤᠴᠤᠳ ᠢ ᠡᠩ ᠲᠡᠷᠢᠭᠦᠨ ᠳᠤ ᠬᠥᠭᠵᠢᠭᠦᠯᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠵᠠᠯᠠᠭᠤᠴᠤᠳ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ | ᠲᠤᠬᠠᠢ ᠬᠦᠰᠡᠯ ᠡᠷᠡᠮᠡᠯᠵᠡᠯ ᠤᠯᠠᠮ ᠴᠢᠩᠭ᠎ᠠ ᠪᠣᠯᠪᠠ᠃ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ | ᠵᠠᠯᠠᠭᠤᠴᠤᠳ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖ | ᠴᠢᠶᠣᠤ ᠯᠢ᠄ ᠪᠢᠳᠡ ᠵᠠᠯᠠᠭᠤᠴᠤᠳ ᠤᠨ ᠶᠠᠪᠤᠳᠠᠯ ᠢ ᠥᠪᠡᠷ ᠤᠨ ᠶᠠᠪᠤᠳᠠᠯ ᠢᠶᠠᠨ ᠰᠢᠭ᠋ ᠦᠵᠡᠵᠦ᠂ | ᠠᠷᠭ᠎ᠠ ᠪᠦᠭᠦᠨ ᠢ ᠰᠦᠪᠡᠭᠴᠢᠯᠡᠨ ᠵᠠᠯᠠᠭᠤᠴᠤᠳ ᠢ ᠬᠠᠪᠰᠤᠷᠤᠨ ︽ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ | ᠬᠦᠰᠡᠵᠦ ᠪᠠᠶᠢᠭ᠎ᠠ︾ ᠠᠰᠠᠭᠤᠳᠠᠯ ᠢ ᠨᠢ ᠰᠢᠢᠳᠪᠦᠷᠢᠯᠡᠵᠦ᠂ ᠥᠷᠭᠡᠨ ᠤᠯᠠᠨ ᠵᠠᠯᠠᠭᠤᠴᠤᠳ ᠲᠤ ᠨᠠᠮ ᠤᠨ ᠬᠠᠶᠢᠷ᠎ᠠ | ᠬᠠᠯᠠᠮᠵᠢ ᠶᠢ ᠦᠨᠡᠨ ᠬᠦ ᠮᠡᠳᠡᠷᠡᠭᠦᠯᠵᠦ᠂ ᠵᠠᠯᠠᠭᠤᠴᠤᠳ ᠤᠨ ᠬᠥᠭᠵᠢᠯᠲᠡ ᠳᠤ ᠨᠡᠩ ᠰᠠᠶᠢᠨ ᠣᠷᠴᠢᠨ ᠲᠣᠭᠤᠷᠢᠨ | ᠬᠠᠩᠭᠠᠪᠠ᠃ ᠳᠤᠮᠳᠠ ᠤᠷᠳᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠭᠦᠨᠵᠡᠭᠡᠢ ᠬᠡᠷᠡᠭᠵᠢᠭᠦᠯᠬᠦ ᠪᠠᠷ ᠶᠡᠷᠦᠩᠬᠡᠶᠢᠯᠡᠨ ᠵᠢᠯᠤᠭᠤᠳᠴᠤ᠂ ᠨᠠᠮ ᠤᠨ ᠤᠳᠤᠷᠢᠳᠤᠯᠭ᠎ᠠ ᠳᠣᠣᠷᠠᠬᠢ ᠡᠯ᠎ᠡ ᠰᠠᠯᠠᠭ᠎ᠠ | ᠮᠥᠴᠢᠷ ᠤᠨ ᠬᠢᠨ ᠤ ᠵᠠᠯᠠᠭᠤᠴᠤᠳ ᠤᠨ ᠬᠥᠭᠵᠢᠯᠲᠡ ᠶᠢᠨ ᠦᠢᠯᠡᠰ ᠢ ᠵᠡᠷᠭᠡ ᠪᠠᠷ ᠠᠳᠬᠤᠵᠤ ᠬᠠᠮᠲᠤ ᠪᠠᠷ | ᠬᠠᠮᠢᠶᠠᠷᠬᠤ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠬᠦ ᠶᠢ ᠠᠬᠢᠭᠤᠯᠵᠤ᠂ ᠵᠠᠯᠠᠭᠤᠴᠤᠳ ᠤᠨ ᠲᠦᠭᠡᠮᠡᠯ ᠬᠠᠷᠠᠭᠠᠯᠵᠠᠯ | ᠤᠨ ᠴᠢᠨᠠᠷᠲᠠᠢ ᠲᠦᠷᠦ ᠶᠢᠨ ᠪᠣᠳᠣᠯᠭ᠎ᠠ ᠶᠢ 160 ᠨᠡᠶᠢᠲᠡᠯᠡᠵᠦ᠂ ᠵᠠᠯᠠᠭᠤᠴᠤᠳ ᠤᠨ ᠬᠥᠭᠵᠢᠯᠲᠡ ᠳᠤ ᠦᠢᠯᠡᠴᠢᠯᠡᠬᠦ | ᠠᠵᠢᠯ ᠣᠯᠭᠤᠯᠲᠠ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠣᠷᠣᠨ ᠰᠠᠭᠤᠴᠠ ᠵᠡᠷᠭᠡ ᠲᠦᠷᠦ ᠶᠢᠨ | ᠪᠣᠳᠣᠯᠭ᠎ᠠ ᠶᠢᠨ ᠰᠢᠰᠲ᠋ᠧᠮ ᠢ ᠨᠢᠭᠲᠠ ᠴᠢᠩᠭ᠎ᠠ ᠪᠤᠯᠭᠠᠵᠤ᠂ ᠵᠠᠯᠠᠭᠤᠴᠤᠳ ᠤᠨ ᠠᠵᠢᠯ ᠣᠯᠭᠤᠯᠲᠠ ᠳᠤ ᠨᠡᠩ ᠶᠡᠭᠡ | ᠳᠥᠭᠦᠮ ᠦᠵᠡᠭᠦᠯᠵᠡᠢ᠃ ᠣᠶᠤᠲᠠᠳ ᠤᠨ ᠥᠪᠥᠷ ᠮᠣᠩᠭᠤᠯ ᠳᠤ ᠦᠯᠡᠳᠡᠵᠦ ᠠᠵᠢᠯ ᠣᠯᠬᠤ ᠶᠢ ᠠᠬᠢᠭᠤᠯᠬᠤ ︽ | ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠪᠠ | ᠪᠣᠳᠠᠲᠤ ᠴᠣᠭᠴᠠ ᠶᠢ ᠤᠶᠠᠯᠳᠤᠭᠤᠯᠤᠨ 9 ᠲᠦᠮᠡ ᠭᠠᠷᠤᠢ ᠠᠵᠢᠯ ᠤᠨ ᠪᠠᠶᠢᠷᠢ ᠶᠢ ᠵᠠᠯᠠᠭᠤᠴᠤᠳ ᠲᠤ ᠬᠦᠷᠭᠡᠵᠦ᠂ | 1.9 ᠲᠦᠮᠡᠨ ᠬᠥᠮᠥᠨ ᠤᠳᠠᠭ᠎ᠠ ᠶᠢᠨ ᠣᠶᠤᠲᠠᠳ ᠢ ᠵᠣᠬᠢᠶᠠᠨ ᠪᠠᠶᠢᠭᠤᠯᠤᠨ ᠵᠠᠰᠠᠭ ᠤᠨ ᠣᠷᠳᠣᠨ ᠠᠵᠤ | ᠠᠬᠤᠶᠢᠯᠠᠯ ᠳᠤ ᠳᠠᠳᠤᠯᠭ᠎ᠠ ᠬᠢᠬᠦ ᠪᠠ ᠠᠵᠢᠯ ᠤᠨ ᠪᠠᠶᠢᠷᠢ ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠳᠤ | ᠣᠷᠣᠯᠴᠠᠭᠤᠯᠵᠤ᠂ ᠣᠷᠣᠯᠭ᠎ᠠ ᠪᠠᠭ᠎ᠠ ᠭᠡᠷ ᠪᠦᠯᠢ ᠶᠢᠨ 1601 ᠣᠶᠤᠲᠠᠨ ᠢ ᠬᠠᠪᠰᠤᠷᠤᠨ ᠠᠵᠢᠯ ᠣᠯᠭᠤᠪᠠ᠃ | ᠣᠶᠤᠲᠠᠳ ᠤᠨ ᠦᠢᠯᠡᠰ ᠪᠣᠰᠬᠠᠬᠤ ᠶᠢ ᠬᠠᠪᠰᠤᠷᠤᠨ ᠲᠡᠳᠬᠦᠬᠦ ᠲᠥᠯᠥᠪᠯᠡᠭᠡ ᠶᠢ ᠭᠦᠨᠵᠡᠭᠡᠶᠢᠷᠡᠭᠦᠯᠵᠦ᠂ ︽ᠤᠮᠠᠷᠠᠲᠤ | ᠬᠢᠯᠢ ᠶᠢᠨ ᠵᠠᠯᠠᠭᠤᠴᠤᠳ ᠤᠨ ᠦᠢᠯᠡᠰ ᠪᠣᠰᠬᠠᠬᠤ︾ ᠵᠠᠯᠠᠭᠤᠴᠤᠳ ᠤᠨ ᠬᠢᠯᠢ ᠰᠤᠨᠳᠠᠯᠠᠭᠰᠠᠨ ᠡᠯᠧᠺᠲᠷᠣᠨ | ᠬᠤᠳᠠᠯᠳᠤᠭᠠᠨ ᠤ ᠰᠠᠭᠤᠷᠢᠨ ᠢ ᠴᠣᠭᠴᠠᠯᠠᠨ ᠪᠠᠶᠢᠭᠤᠯᠵᠤ᠂ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ ᠤ | ᠠᠵᠤ ᠠᠬᠤᠶᠢᠯᠠᠯ ᠤᠨ ᠠᠷᠠᠯᠵᠢᠶᠠᠨ ᠤ ᠬᠡᠮᠵᠢᠶ᠎ᠡ 2.3 ᠳ᠋ᠦᠩᠰᠢᠭᠤᠷ ᠲᠥᠭᠦᠷᠢᠭ ᠲᠤ ᠬᠦᠷᠴᠡᠢ᠃ ᠵᠠᠯᠠᠭᠤᠴᠤᠳ ᠤᠨ | ᠦᠰᠦᠨ ᠪᠤᠶᠢᠵᠢᠯᠲᠠ ᠳᠤ ᠨᠠᠩ ᠰᠠᠶᠢᠨ ᠨᠥᠬᠦᠴᠡᠯ ᠬᠠᠩᠭᠠᠪᠠ᠃ 12355 ᠵᠠᠯᠠᠭᠤᠴᠤᠳ ᠪᠠᠭᠠᠴᠤᠳ ᠤᠨ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠰᠡᠳᠬᠢᠴᠡ ᠶᠢᠨ ᠡᠷᠡᠭᠦᠯ ᠮᠡᠨᠳᠦ ᠶᠢᠨ ᠯᠠᠪᠯᠠᠭ᠎ᠠ᠂ ᠥᠨᠳᠥᠷ | ᠳᠤᠮᠳᠠᠳᠤ ᠪᠠ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠳᠠᠷᠤᠯᠲᠠ ᠶᠢ ᠪᠠᠭᠠᠰᠬᠠᠬᠤ᠂ ᠥᠪᠡᠷ ᠢ ᠪᠠᠨ | ᠬᠠᠮᠠᠭᠠᠯᠠᠬᠤ ᠬᠥᠮᠦᠵᠢᠯ ᠵᠡᠷᠭᠡ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠲᠠᠪᠴᠠᠩ ᠤᠨ ᠪᠠᠶᠢᠭᠤᠯᠤᠯᠲᠠ | ᠬᠢᠭᠰᠡᠨ ᠠᠴᠠ ᠨᠠᠭᠠᠰᠢ 5 ᠲᠦᠮᠡ ᠭᠠᠷᠤᠢ ᠬᠥᠮᠥᠨ ᠤᠳᠠᠭ᠎ᠠ ᠵᠠᠯᠠᠭᠤᠴᠤᠳ ᠪᠠᠭᠠᠴᠤᠳ ᠲᠤ ᠦᠢᠯᠡᠴᠢᠯᠡᠭᠡ | ᠬᠠᠩᠭᠠᠪᠠ᠃ ᠭᠤᠣᠯᠳᠠᠯᠭ᠎ᠠ ᠲᠠᠢ ᠬᠥᠮᠥᠰ ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ | ᠢᠨᠵᠧᠨᠧᠷᠢᠩ ᠢᠶᠠᠷ 2206 ᠲᠦᠮᠡ ᠭᠠᠷᠤᠢ ᠲᠥᠭᠦᠷᠢᠭ ᠵᠣᠭᠤᠰ ᠪᠣᠳᠠᠰ ᠴᠤᠭᠯᠠᠭᠤᠯᠵᠤ᠂ 14 ᠲᠦᠮᠡ ᠰᠢᠬᠠᠮ | ᠭᠡᠷ ᠪᠦᠯᠢ ᠨᠢ ᠬᠦᠴᠢᠷᠳᠡᠯᠲᠡᠢ ᠵᠠᠯᠠᠭᠤᠴᠤᠳ ᠪᠠᠭᠠᠴᠤᠳ ᠢ ᠲᠤᠰᠠᠯᠠᠵᠠᠢ᠃ ᠡᠭᠦᠨ ᠠᠴᠠ ᠭᠠᠳᠠᠨ᠎ᠠ᠂ ᠪᠢᠳᠠ | ᠵᠠᠯᠠᠭᠤᠴᠤᠳ ᠲᠠᠢ ᠬᠠᠷᠢᠯᠴᠠᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠬᠦ ᠲᠠᠯ᠎ᠠ ᠪᠠᠷ ᠪᠠᠰᠠ ᠡᠳᠦᠢ ᠲᠡᠳᠦᠢ | ᠰᠦᠪᠡᠭᠴᠢᠯᠡᠯᠲᠡ ᠬᠢᠵᠡᠢ᠃ ᠵᠢᠱᠢᠶᠡᠯᠡᠪᠡᠯ᠂ ᠦᠨᠳᠦᠰᠦᠨ ᠱᠠᠲᠤ ᠲᠠᠢ ᠨᠢᠭᠲᠠ ᠬᠠᠷᠢᠯᠴᠠᠬᠤ᠂ ᠵᠠᠯᠠᠭᠤᠴᠤᠳ ᠲᠠᠢ | ᠨᠢᠭᠲᠠ ᠬᠠᠷᠢᠯᠴᠠᠬᠤ ᠲᠣᠭᠲᠠᠴᠠ ᠶᠢ ᠪᠦᠷᠢᠨᠰᠢᠭᠦᠯᠵᠦ᠂ ᠵᠠᠯᠠᠭᠤᠴᠤᠳ ᠤᠨ ᠨᠠᠶᠢᠵᠠ ᠪᠣᠯᠣᠯᠴᠠᠵᠠᠢ᠃ ᠵᠢᠱᠢᠶᠡᠯᠡᠪᠡᠯ᠂ | ᠰᠢᠨ᠎ᠡ ᠶᠢ ᠡᠭᠦᠳᠬᠦ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠶᠢ ᠬᠠᠶᠢᠨ ᠰᠦᠪᠡᠭᠴᠢᠯᠡᠬᠦ᠂ ᠪᠣᠳᠠᠲᠤ | ᠴᠣᠭᠴᠠ ᠳᠤ ︽ᠵᠠᠯᠠᠭᠤᠴᠤᠳ ᠤᠨ ᠭᠡᠷ︾ ᠪᠠᠶᠢᠭᠤᠯᠬᠤ ᠶᠢ ᠭᠦᠨᠵᠡᠭᠡᠶᠢᠷᠡᠭᠦᠯᠬᠦ᠂ ᠰᠦᠯᠵᠢᠶᠡᠨ ᠳᠡᠭᠡᠷ᠎ᠡ ︽ᠥᠪᠥᠷ | ᠮᠣᠩᠭᠤᠯ ᠤᠨ ᠵᠠᠯᠠᠭᠤᠴᠤᠳ ᠤᠨ E ᠭᠡᠷ ᠪᠦᠯᠢ︾ ᠵᠠᠯᠠᠭᠤᠴᠤᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠪᠠᠶᠢᠭᠤᠯᠤᠨ ᠰᠢᠯᠢᠳᠡᠭᠵᠢᠭᠦᠯᠵᠦ᠂ ︽ᠡᠪ ᠬᠠᠮᠲᠤ ᠵᠠᠯᠠᠭᠤᠴᠤᠳ ᠤᠨ ᠡᠪᠯᠡᠯ ᠤᠨ ᠳᠡᠯᠭᠡᠭᠦᠷ︾ | ᠭᠠᠷᠭᠠᠪᠠ᠃ |