ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠪᠠᠷᠠᠭᠤᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠲᠤᠰᠬᠠᠢ ᠵᠠᠰᠠᠯᠲᠠ ᠶᠢᠨ ᠢᠨᠵᠧᠨᠧᠷᠢᠩ ᠤᠨ ᠠᠵᠢᠯ ᠢ ᠥᠷᠨᠢᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/4/30
     ᠪᠠᠷᠢᠮᠲᠠᠵᠢᠭᠤᠯᠤᠭᠰᠠᠨ ᠳ᠋ᠤᠭᠠᠷ᠄  11152921011765439E/2025-00634      ᠨᠡᠶᠢᠲᠡᠯᠡᠭᠰᠡᠨ ᠪᠠᠶᠢᠭᠤᠯᠭ᠎ᠠ ᠨᠢᠭᠡᠴᠢ᠄  ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ      ᠢᠯᠡ ᠲᠣᠳᠣ ᠨᠡᠶᠢᠲᠡᠯᠡᠭᠰᠡᠨ ᠠᠩᠭᠢᠯᠠᠯ᠄  ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ᠢᠯᠡ ᠪᠤᠯᠭᠠᠬᠤ ᠠᠩᠭᠢᠯᠠᠯ᠄  ᠮᠡᠳᠡᠭᠳᠡᠯ      ᠪᠠᠷᠢᠮᠲᠠ ᠪᠢᠴᠢᠭ ᠤᠨ ᠳ᠋ᠤᠭᠠᠷ᠄       ᠪᠠᠲᠤᠯᠠᠭᠳᠠᠭᠰᠠᠨ ᠴᠠᠭ ᠬᠤᠭᠤᠴᠠᠭ᠎ᠠ᠄  2025 — 04 — 23                  ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠠᠯᠠᠱᠠ ᠵᠡᠭᠦᠨ ᠬᠤᠰᠢᠭᠤᠨ ᠤ ᠬᠠᠷᠢᠶ᠎ᠠ ᠣᠷᠣᠨ ᠳᠠᠬᠢ ᠬᠤᠶᠠᠷ ᠠᠰᠠᠭᠤᠳᠠᠯ ᠤᠨ ᠴᠡᠭ ᠲᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠲᠤᠰᠬᠠᠢ ᠵᠠᠰᠠᠯᠲᠠ ᠶᠢ ᠥᠷᠨᠢᠭᠦᠯᠦᠨ᠎ᠡ᠃ ᠤᠳᠤ ᠬᠤᠯᠪᠣᠭᠳᠠᠯ ᠪᠦᠬᠦᠢ ᠵᠦᠢᠯ ᠢ ᠳᠠᠷᠠᠭᠠᠬᠢ ᠬᠡᠳᠦᠨ ᠲᠠᠯ᠎ᠠ ᠪᠠᠷ ᠵᠠᠷᠯᠠᠶ᠎ᠠ᠄                         ᠨᠢᠭᠡ᠂ ᠪᠠᠷᠢᠯᠭ᠎ᠠ ᠪᠠᠷᠢᠬᠤ ᠬᠡᠪᠴᠢᠶ᠎ᠡ                  ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠱᠠᠩᠬᠠᠢ ᠭᠠᠴᠠᠭ᠎ᠠ ᠶᠢᠨ ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠵᠡᠭᠦᠨ ᠬᠤᠰᠢᠭᠤᠨ ᠤ ᠰᠢᠶᠦ᠋ᠩ ᠽᠢ ᠭᠧᠦ ᠶᠢᠨ ᠣᠷᠳᠣ ᠴᠠᠭᠠᠨ ᠬᠡᠷᠡᠮ ᠤᠨ ᠴᠢᠯᠠᠭᠤᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠷᠢᠯᠭ᠎ᠠ ᠶᠢᠨ ᠴᠢᠯᠠᠭᠤᠨ ᠮᠠᠲ᠋ᠧᠷᠢᠶᠠᠯ ᠳᠤ ᠬᠡᠷᠡᠭᠯᠡᠬᠦ ᠴᠣᠬᠤᠢ ᠶᠢᠨ ᠴᠢᠯᠠᠭᠤᠯᠢᠭ ︵᠎  ᠨᠢᠭᠡᠨᠲᠡ ᠬᠦᠴᠦᠨ ᠦᠭᠡᠢ ᠪᠣᠯᠭᠠᠵᠤ ᠬᠠᠭᠠᠪᠠ︶᠎ ᠂ ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠬᠤᠩ ᠰᠢᠩ ᠴᠢᠯᠠᠭᠤᠨ ᠮᠠᠲ᠋ᠧᠷᠢᠶᠠᠯ ᠤᠨ ᠠᠭᠤᠷᠬᠠᠢ ︵᠎  ᠨᠢᠭᠡᠨᠲᠡ ᠬᠦᠴᠦᠨ ᠦᠭᠡᠢ ᠪᠣᠯᠭᠠᠵᠤ ᠬᠠᠭᠠᠪᠠ︶᠎ ᠃                  ᠬᠤᠶᠠᠷ᠂ ᠪᠠᠷᠢᠯᠭ᠎ᠠ ᠪᠠᠷᠢᠬᠤ ᠨᠢᠭᠡᠴᠢ                  ᠥᠪᠥᠷ ᠮᠣᠩᠭᠤᠯ ᠤᠨ ᠪᠠᠷᠠᠭᠤᠨ ᠬᠡᠰᠡᠭ ᠤᠨ ᠺᠠᠢ ᠶᠤᠸᠠᠨ ᠠᠭᠤᠷᠬᠠᠢ ᠶᠢᠨ ᠡᠨᠧᠷᠭᠢ ᠶᠢ ᠨᠡᠭᠡᠭᠡᠨ ᠠᠰᠢᠭᠯᠠᠬᠤ ᠬᠢᠵᠠᠭᠠᠷᠲᠤ ᠺᠣᠮᠫᠠᠨᠢ            ᠭᠤᠷᠪᠠ᠂ ᠪᠠᠷᠢᠯᠭ᠎ᠠ ᠪᠠᠷᠢᠬᠤ ᠴᠠᠭ            2025 ᠣᠨ ᠤ 4 ᠳ᠋ᠦ᠋ᠭᠡᠷ ᠰᠠᠷ᠎ᠠ ᠶᠢᠨ 23᠎ ᠤ ᠡᠳᠦᠷ ᠠᠴᠠ 4            ᠳᠥᠷᠪᠡ᠂ ᠠᠩᠬᠠᠷᠬᠤ ᠵᠦᠢᠯ            1. ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠮᠠᠰᠢᠨ ᠮᠧᠬᠠᠨᠢᠭ ᠤᠨ ᠲᠠᠭᠤ ᠱᠦᠦᠭᠢᠶᠠᠨ᠂ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠵᠡᠷᠭᠡ ᠪᠠᠶᠢᠳᠠᠯ ᠭᠠᠷᠴᠤ ᠮᠡᠳᠡᠬᠦ ᠳᠤ ᠭᠦᠷᠪᠡᠯ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠳ ᠢ ᠠᠭᠤᠴᠢᠯᠠᠬᠤ ᠪᠣᠯᠪᠠᠤ︔᠎             2. ᠨᠠᠰᠢ ᠴᠠᠰᠢ ᠥᠩᠭᠡᠷᠡᠬᠦ ᠶᠠᠪᠠᠭᠠᠨ ᠬᠥᠮᠥᠨ ᠵᠢᠴᠢ ᠲᠡᠷᠭᠡ ᠤᠨᠤᠭ᠎ᠠ ᠳᠤ ᠠᠶᠤᠯᠭᠦᠢ ᠶᠢᠨ ᠰᠡᠷᠡᠮᠵᠢ ᠶᠢᠨ ᠢᠯᠡᠳᠬᠡᠮᠵᠢ ᠲᠡᠮᠳᠡᠭ ᠢ ᠠᠩᠬᠠᠷᠴᠤ᠂ ᠪᠠᠷᠢᠯᠭ᠎ᠠ ᠶᠢᠨ ᠣᠷᠣᠨ ᠢᠶᠠᠷ ᠲᠣᠭᠤᠷᠢᠵᠤ ᠶᠠᠪᠤᠬᠤ ᠶᠢ ᠰᠠᠨᠠᠭᠤᠯᠤᠨ᠎ᠠ︔᠎             3. ᠪᠠᠷᠢᠯᠭ᠎ᠠ ᠪᠠᠷᠢᠬᠤ ᠣᠷᠣᠨ  ᠤ ᠳᠣᠲᠣᠷᠠᠬᠢ ᠬᠠᠮᠢᠶ᠎ᠠ ᠦᠭᠡᠢ ᠬᠥᠮᠥᠰ ᠣᠷᠴᠢᠨ ᠲᠣᠭᠤᠷᠢᠨ  ᠢ ᠵᠠᠰᠠᠬᠤ ᠣᠷᠣᠨ  ᠳᠤ ᠳᠤᠷ᠎ᠠ ᠮᠡᠳᠡᠨ ᠣᠷᠣᠬᠤ ᠶᠢ ᠬᠤᠷᠢᠭᠯᠠᠵᠤ᠂ ᠬᠡᠪ  ᠤᠨ ᠪᠠᠷᠢᠯᠭ᠎ᠠ ᠶᠢᠨ ᠠᠵᠢᠯ  ᠢ ᠬᠠᠷᠰᠢᠯᠠᠭᠰᠠᠳ ᠠᠴᠠ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠬᠦᠯᠢᠶᠡᠯᠭᠡᠨ᠎ᠡ᠃            ᠡᠭᠦᠨ ᠤ ᠲᠤᠯᠠ ᠣᠨᠴᠠᠭᠠᠶᠢᠯᠠᠨ ᠵᠠᠷᠯᠠᠪᠠ᠃                        ᠬᠠᠷᠢᠯᠴᠠᠬᠤ ᠤᠲᠠᠰᠤ᠄  0483-8228103                                                ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ            2025 ᠣᠨ ᠤ 4 ᠳ᠋ᠦ᠋ᠭᠡᠷ ᠰᠠᠷ᠎ᠠ ᠶᠢᠨ 23᠎ ᠤ ᠡᠳᠦᠷ      
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号