ᠪᠠᠷᠢᠮᠲᠠᠵᠢᠭᠤᠯᠤᠭᠰᠠᠨ ᠳ᠋ᠤᠭᠠᠷ᠄ 11152921790192595R/2025-00637 | ᠨᠡᠶᠢᠲᠡᠯᠡᠭᠰᠡᠨ ᠪᠠᠶᠢᠭᠤᠯᠭ᠎ᠠ ᠨᠢᠭᠡᠴᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠢᠯᠡ ᠲᠣᠳᠣ ᠨᠡᠶᠢᠲᠡᠯᠡᠭᠰᠡᠨ ᠠᠩᠭᠢᠯᠠᠯ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ | ᠢᠯᠡ ᠪᠤᠯᠭᠠᠬᠤ ᠠᠩᠭᠢᠯᠠᠯ᠄ ᠮᠡᠳᠡᠭᠳᠡᠯ | ᠪᠠᠷᠢᠮᠲᠠ ᠪᠢᠴᠢᠭ ᠤᠨ ᠳ᠋ᠤᠭᠠᠷ᠄ | ᠪᠠᠲᠤᠯᠠᠭᠳᠠᠭᠰᠠᠨ ᠴᠠᠭ ᠬᠤᠭᠤᠴᠠᠭ᠎ᠠ᠄ 2025 — 04 — 25 | | ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠭᠡᠮ ᠤᠨ ᠬᠢᠨᠠᠯᠲᠠ ᠲᠠᠯᠪᠢᠭᠴᠢ ᠶᠢ ᠰᠣᠩᠭᠤᠨ ᠤᠷᠢᠬᠤ ᠲᠤᠬᠠᠢ ᠠᠯᠪᠠᠨ ᠵᠠᠷ | | | | ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠤᠨ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠵᠣᠷᠢᠯᠭ᠎ᠠ ᠪᠠᠷ᠂ ᠪᠠᠴᠢᠮ | ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠩᠭ᠎ᠠ ᠵᠢᠷᠤᠮᠵᠢᠭᠤᠨ ᠲᠥᠪ | ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠠᠷᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠬᠡᠪᠴᠢᠶᠡᠨ ᠳᠤ 20 ᠨᠡᠷᠡᠰ | ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠨᠡᠶᠢᠭᠡᠮ ᠤᠨ ᠬᠢᠨᠠᠯᠲᠠ ᠲᠠᠯᠪᠢᠭᠴᠢ ︵ ᠳᠣᠷᠣᠭᠰᠢ ᠨᠡᠶᠢᠭᠡᠮ ᠤᠨ ᠬᠢᠨᠠᠯᠲᠠ ᠲᠠᠯᠪᠢᠭᠴᠢ ᠭᠡᠵᠦ | ᠲᠣᠪᠴᠢᠯᠠᠨ᠎ᠠ︶ ᠶᠢ ᠰᠣᠩᠭᠤᠨ ᠤᠷᠢᠬᠤ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠵᠦᠢᠯ ᠢ ᠳᠠᠷᠠᠭᠠᠬᠢ | ᠬᠡᠳᠦᠨ ᠲᠠᠯ᠎ᠠ ᠪᠠᠷ ᠵᠠᠷᠯᠠᠶ᠎ᠠ᠄ | | | ᠨᠢᠭᠡ᠂ ᠰᠣᠩᠭᠤᠨ ᠤᠷᠢᠬᠤ ᠬᠡᠪᠴᠢᠶ᠎ᠡ | | | ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ᠂ ᠬᠠᠤᠯᠢ ᠴᠠᠭᠠᠵᠠ ᠶᠢᠨ ᠠᠵᠢᠯᠲᠠᠨ᠂ ᠰᠣᠨᠢᠨ ᠮᠡᠳᠡᠭᠡᠨ ᠤ ᠠᠵᠢᠯᠲᠠᠨ᠂ | ᠨᠡᠶᠢᠭᠡᠮ ᠤᠨ ᠪᠦᠯᠬᠦᠮ ᠤᠨ ᠬᠥᠮᠥᠰ᠂ ᠠᠵᠢᠯ ᠲᠥᠷᠥᠯ ᠤᠨ ᠨᠡᠶᠢᠭᠡᠮᠯᠢᠭ᠂ ᠳᠡᠭᠡᠳᠦ ᠰᠤᠷᠭᠠᠭᠤᠯᠢ᠂ ᠰᠤᠳᠤᠯᠭᠠᠨ ᠤ | ᠪᠠᠶᠢᠭᠤᠯᠤᠮᠵᠢ᠂ ᠭᠤᠣᠯᠳᠠᠯᠭ᠎ᠠ ᠲᠠᠢ ᠠᠵᠤ ᠠᠬᠤᠶᠢᠯᠠᠯ ᠪᠠ ᠬᠤᠯᠪᠣᠭᠳᠠᠬᠤ ᠰᠠᠯᠠᠭ᠎ᠠ ᠮᠥᠴᠢᠷ ᠤᠨ ᠬᠤᠯᠪᠣᠭᠳᠠᠬᠤ | ᠬᠥᠮᠥᠰ ᠤᠨ ᠳᠤᠮᠳᠠ ᠲᠠᠨᠢᠯᠴᠠᠭᠤᠯᠬᠤ ᠪᠤᠶᠤ ᠤᠷᠢᠬᠤ ᠬᠡᠯᠪᠡᠷᠢ ᠪᠠᠷ ᠤᠷᠢᠨ ᠲᠣᠮᠢᠯᠠᠨ᠎ᠠ᠃ | | | ᠬᠤᠶᠠᠷ᠂ ᠰᠣᠩᠭᠤᠨ ᠤᠷᠢᠬᠤ ᠨᠥᠬᠦᠴᠡᠯ | | | ︵ᠨᠢᠭᠡ︶ ᠨᠡᠶᠢᠭᠡᠮ ᠤᠨ ᠬᠢᠨᠠᠯᠲᠠ ᠲᠠᠯᠪᠢᠭᠴᠢ ᠳᠠᠷᠠᠭᠠᠬᠢ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ | ᠪᠠᠶᠢᠬᠤ ᠬᠡᠷᠡᠭᠲᠡᠢ᠄ | | | 1᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠯᠲᠠ ᠪᠠᠲᠤ ᠪᠠᠶᠢᠵᠤ᠂ ᠨᠠᠮ ᠤᠨ | ᠤᠨᠤᠯ᠂ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠬᠦᠷᠢᠶᠡᠯᠡᠨ᠎ᠡ︔ | | | 2. ᠨᠡᠯᠢᠶᠡᠳ ᠥᠨᠳᠥᠷ ᠲᠦᠷᠦ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠪᠠ ᠨᠡᠯᠢᠶᠡᠳ ᠴᠢᠩᠭ᠎ᠠ ᠬᠠᠤᠯᠢ ᠪᠠᠷ | ᠵᠠᠰᠠᠬᠤ ᠤᠬᠠᠮᠰᠠᠷ᠂ ᠬᠢᠨᠠᠯᠲᠠ ᠲᠠᠯᠪᠢᠬᠤ ᠤᠬᠠᠮᠰᠠᠷ ᠲᠠᠢ᠂ ᠠᠰᠠᠭᠤᠳᠠᠯ ᠢ ᠢᠯᠡᠷᠡᠭᠦᠯᠬᠦ᠂ ᠵᠠᠳᠠᠯᠬᠤ ᠪᠠ | ᠰᠢᠢᠳᠪᠦᠷᠢᠯᠡᠬᠦ ᠴᠢᠳᠠᠪᠤᠷᠢ ᠲᠠᠢ ᠪᠠᠶᠢᠬᠤ︔ | | | 3. ᠵᠠᠷᠴᠢᠮ ᠢ ᠪᠠᠷᠢᠮᠲᠠᠯᠠᠨ᠂ ᠦᠨᠡᠨ ᠠᠴᠠ ᠵᠥᠪ ᠢ ᠡᠷᠢᠵᠦ᠂ ᠲᠥᠪ ᠭᠤᠥᠯᠴᠢ᠂ ᠠᠷᠢᠭᠤᠨ ᠴᠢᠬᠡᠴᠢ | ᠪᠠᠶᠢᠵᠤ᠂ ᠨᠡᠯᠢᠶᠡᠳ ᠴᠢᠩᠭ᠎ᠠ ᠠᠵᠢᠯ ᠦᠢᠯᠡᠰᠴᠢ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠲᠠᠢ ᠪᠠᠶᠢᠵᠤ᠂ | ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠳᠤ ᠬᠠᠯᠠᠭᠤᠨ ᠰᠡᠳᠬᠢᠯ ᠲᠠᠢ ᠪᠠᠶᠢᠵᠤ᠂ ᠨᠡᠶᠢᠭᠡᠮ ᠳᠡᠭᠡᠷ᠎ᠡ ᠵᠣᠬᠢᠬᠤ ᠨᠥᠯᠥᠭᠡᠯᠡᠬᠦ ᠬᠦᠴᠦᠨ ᠲᠠᠢ | ᠪᠠᠶᠢᠬᠤ ᠬᠡᠷᠡᠭᠲᠡᠢ︔ | | | 4. ᠪᠦᠬᠦᠯᠢ ᠠᠷᠪᠠᠨ ᠨᠠᠢᠮᠠᠨ ᠨᠠᠰᠤ ᠬᠦᠷᠦᠭᠰᠡᠨ᠂ ᠪᠦᠬᠦᠯᠢ ᠵᠢᠷᠠᠨ ᠲᠠᠪᠤᠨ ᠨᠠᠰᠤ ᠠᠴᠠ ᠬᠡᠲᠦᠷᠡᠬᠦ ᠦᠭᠡᠢ᠂ | ᠪᠡᠶ᠎ᠡ ᠮᠠᠬᠠᠪᠤᠳ ᠨᠢ ᠡᠷᠡᠭᠦᠯ ᠴᠢᠭᠢᠷᠠᠭ᠂ ᠵᠠᠩ ᠰᠤᠷᠲᠠᠯ ᠨᠢ ᠰᠠᠶᠢᠨ᠂ ᠨᠡᠶᠢᠭᠡᠮ ᠤᠨ ᠬᠢᠨᠠᠯᠲᠠ ᠲᠠᠯᠪᠢᠬᠤ ᠠᠵᠢᠯ ᠢ | ᠭᠦᠢᠴᠡᠳᠬᠡᠬᠦ ᠠᠵᠢᠯ ᠤᠨ ᠴᠠᠭ ᠢ ᠪᠠᠲᠤᠯᠠᠵᠤ ᠴᠢᠳᠠᠬᠤ︔ | | | 5. ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ ᠤᠳ᠃ | | | ︵ᠬᠤᠶᠠᠷ︶ ᠳᠠᠷᠠᠭᠠᠬᠢ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠨᠡᠶᠢᠭᠡᠮ ᠤᠨ ᠬᠢᠨᠠᠯᠲᠠ | ᠲᠠᠯᠪᠢᠭᠴᠢ ᠶᠢᠨ ᠲᠤᠰᠢᠶᠠᠯ ᠢ ᠡᠭᠦᠷᠭᠡᠯᠡᠵᠦ ᠪᠣᠯᠬᠤ ᠦᠭᠡᠢ᠄ | | | ︵ 1︶ ᠶᠠᠯᠠᠳᠦ ᠠᠵᠢᠯᠯᠠᠭ᠎ᠠ ᠦᠢᠯᠡᠳᠦᠭᠰᠡᠨ ᠠᠴᠠ ᠪᠣᠯᠵᠤ ᠡᠷᠡᠭᠦᠦ ᠶᠢᠨ ᠰᠢᠢᠳᠬᠡᠯ ᠣᠯᠵᠤ ᠥᠩᠭᠡᠷᠡᠭᠰᠡᠨ | ᠪᠤᠶᠤ ᠶᠠᠭ ᠡᠷᠡᠭᠦᠦ ᠶᠢᠨ ᠬᠡᠷᠡᠭ ᠢᠶᠠᠷ ᠨᠡᠬᠡᠮᠵᠢᠯᠡᠭᠳᠡᠵᠦ ᠪᠠᠶᠢᠬᠤ᠃ | | | 2. ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠴᠠ ᠪᠣᠯᠵᠤ ᠠᠵᠢᠯ ᠠᠴᠠ ᠪᠠᠨ | ᠵᠣᠭᠰᠣᠭᠠᠭᠳᠠᠭᠰᠠᠨ ᠪᠤᠶᠤ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ︔ | | | 3. ᠠᠷᠠᠳ ᠤᠨ ᠰᠢᠭᠦᠬᠦ ᠬᠤᠷᠢᠶᠠᠨ ᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠲᠡᠮᠳᠡᠭᠯᠡᠯ ᠪᠤᠶᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠡᠭᠡᠯᠢ ᠲᠦᠯᠬᠢᠵᠦ ᠬᠠᠭ᠋ᠤᠤᠯᠢ | ᠢᠳᠡᠭᠰᠡᠨᠰᠢᠢᠳᠬᠡᠯ ᠤᠨ ᠲᠠᠩᠰᠠ ᠡᠪᠬᠡᠮᠡᠯ ᠤᠨ ᠲᠡᠮᠳᠡᠭᠯᠡᠯ ᠲᠠᠢ ᠪᠠᠶᠢᠬᠤ︔ | | | 4. ᠠᠶᠤᠯᠭᠦᠢ ᠦᠢᠯᠡᠳᠪᠦᠷᠢᠯᠡᠯ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠪᠤᠶᠤ ︽ᠨᠡᠷ᠎ᠡ ᠶᠢᠨ ᠬᠠᠷ᠎ᠠ ᠲᠠᠩᠰᠠ | ︾ ᠶᠢᠨ ᠬᠠᠮᠢᠶᠠᠷᠤᠯᠲᠠ ᠶᠢᠨ ᠲᠡᠮᠳᠡᠭᠯᠡᠯ ᠲᠠᠢ ᠪᠠᠶᠢᠬᠤ︔ | | | 5. ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠪᠤᠰᠤᠳ ᠠᠵᠢᠯᠯᠠᠭ᠎ᠠ ᠲᠠᠢ ᠪᠠᠶᠢᠵᠤ᠂ ᠮᠠᠭᠤ | ᠨᠥᠯᠥᠭᠡ ᠭᠠᠷᠭᠠᠭᠰᠠᠨ᠃ | | | ᠭᠤᠷᠪᠠ᠂ ᠠᠵᠢᠯ ᠤᠨ ᠡᠭᠦᠷᠭᠡ ᠬᠠᠷᠢᠭᠤᠴᠠᠯᠭ᠎ᠠ | | | ︵ ᠨᠢᠭᠡ︶ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠤᠬᠠᠢ ᠨᠡᠶᠢᠭᠡᠮ ᠨᠡᠶᠢᠲᠡ ᠶᠢᠨ ᠰᠢᠭᠦᠮᠵᠢᠯᠡᠯ᠂ ᠰᠠᠨᠠᠯ᠂ | ᠰᠠᠨᠠᠭᠤᠯᠭ᠎ᠠ ᠶᠢ ᠲᠤᠰᠬᠠᠨ᠎ᠠ︔ | | | ︵ᠬᠤᠶᠠᠷ︶ ᠬᠤᠯᠪᠣᠭᠳᠠᠯ ᠪᠦᠬᠦᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠠ ᠡ᠊ᠨᠳᠡᠯ ᠤᠨ ᠲᠠᠯᠳᠠ | ᠭᠡᠮ ᠤᠨ ᠠᠰᠠᠭᠤᠳᠠᠯ ᠤᠨ ᠰᠦᠪᠡᠭᠴᠢ ᠶᠢ ᠬᠠᠩᠭᠠᠬᠤ︔ | | | ︵ ᠭᠤᠷᠪᠠ︶ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠨ ᠦᠨᠡᠯᠡᠬᠦ᠂ ᠬᠢᠨᠠᠯᠲᠠ ᠲᠠᠯᠪᠢᠬᠤ ᠵᠡᠷᠭᠡ ᠠᠵᠢᠯᠯᠠᠭ᠎ᠠ ᠳᠤ ᠣᠷᠣᠯᠴᠠᠵᠤ ᠪᠣᠯᠣᠨ᠎ᠠ︔ | | | | ︵ᠳᠥᠷᠪᠡ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠤᠰᠤᠳ ᠬᠤᠯᠪᠣᠭᠳᠠᠯ ᠪᠦᠬᠦᠢ ᠵᠦᠢᠯᠡᠰ | ᠃ | | | ᠳᠥᠷᠪᠡ᠂ ᠰᠣᠩᠭᠤᠨ ᠤᠷᠢᠬᠤ ᠲᠠᠰ ᠳᠠᠷᠠᠭᠠᠯᠠᠯ | | | ︵ ᠨᠢᠭᠡ︶ ᠨᠡᠷ᠎ᠡ ᠮᠡᠳᠡᠭᠦᠯᠬᠦ ᠴᠠᠭ᠄ 2025 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠠᠴᠠ 5 | ᠳ᠋ᠤᠭᠠᠷ ᠰᠠᠷ᠎ᠠ ᠶᠢᠨ 16 ᠤ ᠡᠳᠦᠷ ᠪᠣᠯᠲᠠᠯ᠎ᠠ | | | ︵ ᠬᠤᠶᠠᠷ︶ ᠨᠡᠷ᠎ᠡ ᠮᠡᠳᠡᠭᠦᠯᠬᠦ ᠠᠷᠭ᠎ᠠ ᠮᠠᠶ᠋ᠢᠭ᠄ ᠨᠡᠶᠢᠭᠡᠮ ᠤᠨ ᠬᠢᠨᠠᠯᠲᠠ ᠲᠠᠯᠪᠢᠭᠴᠢ ᠶᠢ ᠠᠯᠠᠱᠠ ᠵᠡᠭᠦᠨ | ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠠᠨᠢᠯᠴᠠᠭᠤᠯᠬᠤ | ᠪᠤᠶᠤ ᠤᠷᠢᠬᠤ ᠠᠷᠭ᠎ᠠ ᠮᠠᠶ᠋ᠢᠭ ᠢᠶᠠᠷ ᠤᠷᠢᠨ ᠲᠣᠮᠢᠯᠠᠨ᠎ᠠ᠃ ᠨᠥᠬᠦᠴᠡᠯ ᠳᠤ ᠨᠡᠶᠢᠴᠡᠭᠰᠡᠨ ᠬᠥᠮᠥᠰ ᠪᠣᠳᠠᠲᠤ | ᠪᠠᠶᠢᠳᠠᠯ ᠢᠶᠠᠨ ᠦᠨᠳᠦᠰᠦᠯᠡᠨ ︽ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠭᠡᠮ ᠤᠨ ᠬᠢᠨᠠᠯᠲᠠ | ᠲᠠᠯᠪᠢᠭᠴᠢ ᠶᠢᠨ ᠲᠠᠨᠢᠯᠴᠠᠭᠤᠯᠭ᠎ᠠ ᠶᠢᠨ ᠬᠦᠰᠦᠨᠦᠭᠲᠦ︾ ᠶᠢ ᠲᠠᠭᠯᠠᠵᠤ᠂ ᠲᠡᠷᠡᠴᠢᠯᠡᠨ ᠬᠤᠯᠪᠣᠭᠳᠠᠬᠤ ᠮᠠᠲ᠋ᠧᠷᠢᠶᠠᠯ ︵ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠦᠨᠡᠮᠯᠡᠯ᠂ ᠮᠡᠷᠭᠡᠵᠢᠯ ᠤᠨ ᠴᠣᠯᠠ ᠶᠢᠨ | ᠭᠡᠷᠡᠴᠢ᠂ ᠱᠠᠩᠨᠠᠯ ᠣᠯᠣᠭᠰᠠᠨ ᠦᠨᠡᠮᠯᠡᠯ᠂ ᠬᠤᠯᠪᠣᠭᠳᠠᠬᠤ ᠥᠩᠭᠡᠷᠡᠯᠲᠡ ᠶᠢᠨ ᠭᠡᠷᠡᠴᠢ ᠵᠡᠷᠭᠡ︶ ᠢ 2025 ᠣᠨ ᠤ | 5 ᠳ᠋ᠤᠭᠠᠷ ᠰᠠᠷ᠎ᠠ ᠶᠢᠨ 16 ᠤ ᠡᠳᠦᠷ ᠠᠴᠠ ᠡᠮᠦᠨ᠎ᠡ ᠨᠢᠭᠤᠷᠲᠠᠨ ᠲᠤᠰᠢᠶᠠᠬᠤ ᠪᠤᠶᠤ ᠰᠢᠤᠳᠠᠨ ᠢᠶᠠᠷ ᠢᠯᠡᠭᠡᠬᠦ | ᠬᠡᠯᠪᠡᠷᠢ ᠪᠠᠷ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠳᠤ ᠮᠡᠳᠡᠭᠦᠯᠦᠨ ᠬᠦᠷᠭᠡᠵᠦ᠂ ᠴᠠᠬᠢᠮ ᠬᠡᠪᠯᠡᠯ ᠢ ᠰᠢᠤᠳᠠᠨ ᠤ ᠬᠠᠶᠢᠷᠴᠠᠭ ᠲᠤ ᠢᠯᠡᠭᠡᠨ᠎ᠡ᠃ | | | ︵ ᠭᠤᠷᠪᠠ︶ ᠬᠢᠨᠠᠨ ᠬᠠᠷᠭᠤᠭᠤᠯᠬᠤ᠃ ᠡᠷᠬᠡ ᠲᠡᠭᠰᠢ᠂ ᠲᠥᠪ ᠭᠤᠥᠯᠴᠢ ᠪᠠᠶᠢᠬᠤ ᠵᠠᠷᠴᠢᠮ ᠶᠣᠰᠣᠭᠠᠷ᠂ | ᠪᠠᠲᠤᠯᠠᠨ ᠲᠠᠨᠢᠯᠴᠠᠭᠤᠯᠤᠭᠴᠢ ᠶᠢᠨ ᠬᠢᠷᠢ ᠬᠡᠮ ᠤᠨ ᠬᠢᠨᠠᠨ ᠪᠠᠶᠢᠴᠠᠭᠠᠯᠲᠠ ᠬᠢᠵᠦ᠂ ᠪᠠᠲᠤᠯᠠᠨ ᠲᠠᠨᠢᠯᠴᠠᠭᠤᠯᠤᠭᠴᠢ ᠶᠢᠨ | ᠲᠤᠷᠰᠢᠯᠭ᠎ᠠ᠂ ᠴᠢᠳᠠᠪᠤᠷᠢ᠂ ᠲᠤᠬᠠᠶᠢᠯᠠᠭᠰᠠᠨ ᠠᠵᠢᠯ ᠤᠨ ᠣᠨᠴᠠ ᠴᠢᠳᠠᠪᠤᠷᠢ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠰᠢᠯᠢᠳᠡᠭ ᠢ ᠨᠢ ᠰᠣᠩᠭᠤᠵᠤ ᠤᠷᠢᠨ ᠬᠡᠷᠡᠭᠯᠡᠬᠦ ᠪᠠᠷ ᠲᠥᠯᠥᠪᠯᠡᠨ᠎ᠡ᠃ | | | ︵ ᠳᠥᠷᠪᠡ︶ ᠢᠯᠡ ᠨᠡᠶᠢᠲᠡᠯᠡᠬᠦ᠃ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠤᠨ ᠨᠡᠷᠡᠰ ᠢ ᠠᠯᠠᠱᠠ ᠵᠡᠭᠦᠨ | ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠫᠤᠷᠲ᠋ᠧᠯ ᠰᠦᠯᠵᠢᠶ᠎ᠡ᠂ | ᠸᠢᠴᠠᠲ ᠤᠨ ᠴᠠᠬᠢᠮ ᠲᠠᠪᠴᠠᠩ ᠳᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ | ᠬᠤᠭᠤᠴᠠᠭ᠎ᠠ ᠶᠢ 10 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | | | ︵ ᠲᠠᠪᠤ︶ ᠤᠷᠢᠨ ᠲᠣᠮᠢᠯᠠᠬᠤ᠃ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠲᠠᠯ᠎ᠠ ᠣᠨᠳᠣᠣ ᠰᠠᠨᠠᠯ ᠦᠭᠡᠢ | ᠪᠤᠶᠤ ᠬᠢᠨᠠᠨ ᠬᠠᠷᠭᠤᠭᠤᠯᠤᠭᠠᠳ ᠣᠨᠳᠣᠣ ᠰᠠᠨᠠᠯ ᠨᠢ ᠲᠣᠭᠲᠠᠵᠤ ᠳᠡᠶᠢᠯᠬᠦ ᠦᠭᠡᠢ ᠪᠠᠶᠢᠪᠠᠯ᠂ ᠠᠯᠠᠱᠠ ᠵᠡᠭᠦᠨ | ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠨᠡᠶᠢᠭᠡᠮ ᠤᠨ | ᠬᠢᠨᠠᠯᠲᠠ ᠲᠠᠯᠪᠢᠭᠴᠢ ᠶᠢ ᠤᠷᠢᠨ ᠲᠣᠮᠢᠯᠠᠬᠤ ᠲᠣᠭᠲᠠᠭᠠᠯ ᠭᠠᠷᠭᠠᠵᠤ᠂ ᠦᠨᠡᠮᠯᠡᠯ ᠣᠯᠭᠤᠵᠤ᠂ ᠠᠵᠢᠯᠲᠠᠨ ᠤ ᠦᠨᠡᠮᠯᠡᠯ | ᠣᠯᠭᠤᠨ᠎ᠠ᠃ ᠨᠡᠶᠢᠭᠡᠮ ᠤᠨ ᠬᠢᠨᠠᠯᠲᠠ ᠲᠠᠯᠪᠢᠭᠴᠢ ᠶᠢᠨ ᠬᠤᠭᠤᠴᠠᠭ᠎ᠠ ᠪᠦᠷᠢ ᠶᠢᠨ ᠤᠷᠢᠨ ᠲᠣᠮᠢᠯᠠᠬᠤ ᠬᠤᠭᠤᠴᠠᠭ᠎ᠠ | ᠨᠢ ᠭᠤᠷᠪᠠᠨ ᠵᠢᠯ᠂ ᠦᠷᠭᠦᠯᠵᠢᠯᠡᠨ ᠤᠷᠢᠨ ᠲᠣᠮᠢᠯᠠᠵᠤ ᠪᠣᠯᠣᠨ᠎ᠠ︔ ᠤᠷᠢᠬᠤ ᠲᠤᠰᠢᠶᠠᠯ ᠤᠨ ᠬᠤᠭᠤᠴᠠᠭ᠎ᠠ ᠨᠢ | ᠳᠠᠭᠤᠰᠤᠭᠠᠳ ᠦᠷᠭᠦᠯᠵᠢᠯᠡᠨ ᠤᠷᠢᠭᠰᠠᠨ ᠦᠭᠡᠢ ᠪᠣᠯ ᠠᠶᠠᠨᠳᠠᠭᠠᠨ ᠤᠷᠢᠬᠤ ᠪᠠᠨ ᠵᠣᠭᠰᠣᠨ᠎ᠠ᠃ | | | ︵ᠵᠢᠷᠭᠤᠭ᠎ᠠ︶ ᠨᠡᠶᠢᠲᠡᠯᠡᠬᠦ᠃ ᠨᠡᠶᠢᠭᠡᠮ ᠤᠨ ᠬᠢᠨᠠᠯᠲᠠ ᠲᠠᠯᠪᠢᠭᠴᠢ ᠶᠢ ᠤᠷᠢᠨ ᠲᠣᠮᠢᠯᠠᠬᠤ ᠨᠡᠷᠡᠰ ᠢ ᠠᠯᠠᠱᠠ | ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠫᠤᠷᠲ᠋ᠧᠯ | ᠰᠦᠯᠵᠢᠶ᠎ᠡ᠂ ᠸᠢᠴᠠᠲ ᠤᠨ ᠴᠠᠬᠢᠮ ᠲᠠᠪᠴᠠᠩ ᠳᠤ ᠨᠡᠶᠢᠲᠡᠯᠡᠨ᠎ᠡ᠃ | | | ᠲᠠᠪᠤ᠂ ᠪᠤᠰᠤᠳ ᠵᠦᠢᠯ ᠤᠳ | | | ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠨᠢ ᠨᠡᠶᠢᠲᠡ ᠶᠢᠨ ᠠᠰᠠᠷᠠᠮᠵᠢ ᠶᠢᠨ | ᠦᠢᠯᠡᠰ ᠲᠤ ᠬᠠᠷᠢᠶᠠᠯᠠᠭᠳᠠᠬᠤ ᠪᠣᠯᠬᠤᠷ ᠵᠠᠷᠴᠢᠮ ᠳᠡᠭᠡᠷ᠎ᠡ ᠪᠠᠨ ᠬᠥᠯᠥᠰᠦ ᠣᠯᠭᠤᠮᠵᠢ ᠣᠯᠭᠤᠬᠤ ᠦᠭᠡᠢ᠃ | | | ᠬᠠᠷᠢᠯᠴᠠᠬᠤ ᠬᠥᠮᠥᠨ᠄ ᠮᠠᠤ ᠱᠢ ᠵᠢᠶᠧ ᠶᠢᠨ ᠬᠠᠷᠢᠯᠴᠠᠬᠤ ᠤᠲᠠᠰᠤ᠄ 0483-8225399 | | | ᠰᠢᠤᠳᠠᠨ ᠬᠠᠶᠢᠷᠴᠠᠭ᠄ azqawb@163.com | | | ᠰᠢᠤᠳᠠᠨ ᠬᠠᠶ᠋ᠢᠭ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ︵ ᠪᠠᠶᠠᠨᠬᠤᠲᠠ ᠪᠠᠯᠭᠠᠰᠤ ᠶᠢᠨ ᠰᠢ ᠴᠧᠩ ᠲᠣᠭᠤᠷᠢᠭ ᠤᠨ ᠰᠤᠷᠭᠠᠨ ᠬᠥᠮᠦᠵᠢᠯ ᠤᠨ | ᠪᠡᠶ᠎ᠡ ᠶᠢᠨ ᠲᠠᠮᠢᠷ ᠤᠨ ᠲᠣᠮᠣ ᠠᠰᠠᠷ ᠤᠨ 5 ᠳ᠋ᠤᠭᠠᠷ ᠠᠰᠠᠷ︶ | | | ᠬᠠᠪᠰᠤᠷᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠭᠡᠮ ᠤᠨ | ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠬᠡᠪᠯᠡᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠬᠠᠮᠢᠶᠠᠷᠤᠯᠲᠠ ᠶᠢᠨ ᠲᠢᠩᠬᠢᠮ ᠤᠨ ᠬᠠᠤᠯᠢ ᠴᠠᠭᠠᠵᠠ ᠶᠢᠨ ᠲᠢᠩᠬᠢᠮ ᠤᠨ ᠮᠡᠳᠡᠭᠳᠡᠯ ᠃ | | | |