ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠵᠡᠭᠦᠨ ᠬᠤᠰᠢᠭᠤᠨ ᠤ ᠬᠤᠯᠤᠰᠤᠲᠠᠢ ᠠᠭᠤᠷᠬᠠᠢ ᠶᠢᠨ ᠣᠷᠣᠨ ᠤ ᠶᠡᠷᠦᠩᠬᠡᠢ ᠲᠥᠯᠦᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠬᠤᠶᠠᠳᠠᠭᠢ ᠤᠳᠠᠭ᠎ᠠ ᠣᠯᠠᠨ ᠨᠡᠶᠢᠲᠡ ᠪᠠᠷ ᠢᠶᠠᠨ ᠣᠷᠣᠯᠴᠠᠬᠤ ᠲᠠᠢ ᠬᠤᠯᠪᠣᠭᠳᠠᠭᠰᠠᠨ ᠵᠠᠷᠯᠠᠯ
ᠨᠡᠶᠢᠲᠡᠯᠡᠭᠰᠡᠨ ᠴᠠᠭ᠄
2025/4/30
     ᠪᠠᠷᠢᠮᠲᠠᠵᠢᠭᠤᠯᠤᠭᠰᠠᠨ ᠳ᠋ᠤᠭᠠᠷ᠄  11152921011764938G/2025-00652      ᠨᠡᠶᠢᠲᠡᠯᠡᠭᠰᠡᠨ ᠪᠠᠶᠢᠭᠤᠯᠭ᠎ᠠ ᠨᠢᠭᠡᠴᠢ᠄  ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ      ᠢᠯᠡ ᠲᠣᠳᠣ ᠨᠡᠶᠢᠲᠡᠯᠡᠭᠰᠡᠨ ᠠᠩᠭᠢᠯᠠᠯ᠄  ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ᠢᠯᠡ ᠪᠤᠯᠭᠠᠬᠤ ᠠᠩᠭᠢᠯᠠᠯ᠄  ᠮᠡᠳᠡᠭᠳᠡᠯ      ᠪᠠᠷᠢᠮᠲᠠ ᠪᠢᠴᠢᠭ ᠤᠨ ᠳ᠋ᠤᠭᠠᠷ᠄       ᠪᠠᠲᠤᠯᠠᠭᠳᠠᠭᠰᠠᠨ ᠴᠠᠭ ᠬᠤᠭᠤᠴᠠᠭ᠎ᠠ᠄  2025 — 04 — 27                       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠎ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ︾᠎  ᠵᠢᠴᠢ ︽ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠠᠷᠭ᠎ᠠ︾᠎  ᠵᠡᠷᠭᠡ ᠪᠢᠴᠢᠭ ᠮᠠᠲ᠋ᠧᠷᠢᠶᠠᠯ ᠤᠨ ᠬᠤᠯᠪᠣᠭᠳᠠᠬᠤ ᠲᠣᠭᠲᠠᠭᠠᠯ ᠢ ᠦᠨᠳᠦᠰᠦᠯᠡᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠵᠡᠭᠦᠨ ᠬᠤᠰᠢᠭᠤᠨ ᠤ ᠬᠤᠯᠤᠰᠤᠲᠠᠢ ᠠᠭᠤᠷᠬᠠᠢ ᠶᠢᠨ ᠣᠷᠣᠨ ᠤ ᠶᠡᠷᠦᠩᠬᠡᠢ ᠲᠥᠯᠦᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠬᠤᠯᠪᠣᠭᠳᠠᠬᠤ ᠮᠡᠳᠡᠭᠡ ᠵᠠᠩᠭᠢ ᠶᠢ ᠵᠠᠷᠯᠠᠨ ᠨᠡᠶᠢᠲᠡᠯᠡᠶ᠎ᠡ᠃ ᠠᠯᠪᠠᠨ ᠵᠠᠷ ᠤᠨ ᠠᠭᠤᠯᠭ᠎ᠠ ᠨᠢ ᠳᠠᠷᠠᠭᠠᠬᠢ ᠬᠡᠳᠦᠨ ᠲᠠᠯ᠎ᠠ ᠳᠤ ᠬᠤᠯᠪᠣᠭᠳᠠᠨ᠎ᠠ᠄                   ᠨᠢᠭᠡ᠂ ᠲᠥᠯᠦᠪᠵᠢᠭᠦᠯᠭᠡ ᠶᠢᠨ ᠲᠣᠶᠢᠮᠣ                  ᠲᠥᠯᠥᠪᠵᠢᠭᠦᠯᠬᠦ ᠪᠠᠷ ᠪᠠᠶᠢᠭ᠎ᠠ ᠬᠤᠯᠤᠰᠤᠲᠠᠢ ᠶᠢᠨ ᠨᠡᠭᠦᠷᠡᠰᠦᠨ ᠠᠭᠤᠷᠬᠠᠢ ᠶᠢᠨ ᠣᠷᠣᠨ ᠤ ᠬᠡᠪᠴᠢᠶ᠎ᠡ ᠶᠢ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠤᠳᠤᠷᠢᠳᠤᠮᠵᠢ ᠶᠢᠨ ᠳᠣᠣᠷ᠎ᠠ᠂ ᠥᠪᠥᠷ ᠮᠣᠩᠭᠤᠯ ᠤᠨ ᠨᠡᠭᠦᠷᠡᠰᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠤᠳᠤᠯᠭᠠᠨ᠂ ᠥᠪᠥᠷ ᠮᠣᠩᠭᠤᠯ ᠤᠨ ᠶᠦᠨ ᠹᠠᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠣᠷᠣᠯᠴᠠᠵᠤ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠵᠥᠪᠰᠢᠶᠡᠷᠡᠯ ᠢ ᠣᠯᠣᠭᠰᠠᠨ ᠰᠠᠭᠤᠷᠢᠨ ᠳᠡᠭᠡᠷ᠎ᠡ ᠬᠠᠮᠤᠭ ᠡᠴᠦᠰ ᠲᠤ ᠲᠣᠭᠲᠠᠭᠠᠨ᠎ᠠ᠃ ᠤᠯᠠᠭᠠᠨ ᠤ ᠨᠡᠭᠦᠷᠡᠰᠦᠨ ᠠᠭᠤᠷᠬᠠᠢ᠂ ᠪᠠᠢ ᠯᠢᠩ ᠨᠡᠭᠦᠷᠡᠰᠦᠨ ᠠᠭᠤᠷᠬᠠᠢ᠂ ᠹᠦ᠋ ᠴᠢᠤᠸᠠᠨ ᠨᠡᠭᠦᠷᠡᠰᠦᠨ ᠠᠭᠤᠷᠬᠠᠢ ᠪᠣᠯᠣᠨ ᠪᠠᠶᠠᠨ ᠤ ᠨᠡᠭᠦᠷᠡᠰᠦᠨ ᠠᠭᠤᠷᠬᠠᠢ ᠶᠢᠨ ᠲᠥᠯᠦᠪᠵᠢᠭᠦᠯᠭᠡ ᠶᠢᠨ ᠬᠡᠪᠴᠢᠶ᠎ᠡ ᠵᠢᠴᠢ ᠵᠡᠭᠦᠨ ᠬᠡᠰᠡᠭ ᠤᠨ ᠬᠤᠭᠤᠰᠤᠨ ᠭᠠᠵᠠᠷ ᠣᠷᠣᠨ ᠢ ᠪᠠᠭᠲᠠᠭᠠᠭᠰᠠᠨ ᠬᠥᠭᠵᠢᠯᠲᠦ ᠶᠢᠨ ᠨᠡᠭᠦᠷᠡᠰᠦᠨ ᠠᠭᠤᠷᠬᠠᠢ ᠶᠢᠨ ᠣᠷᠣᠨ ᠢ ᠲᠥᠯᠥᠪᠵᠢᠭᠦᠯᠬᠦ ᠪᠠᠷ ᠲᠥᠯᠥᠪᠯᠡᠵᠦ ᠪᠠᠶᠢᠨ᠎ᠠ᠃ ᠬᠤᠯᠤᠰᠤᠲᠠᠢ ᠠᠭᠤᠷᠬᠠᠢ ᠶᠢᠨ ᠣᠷᠣᠨ ᠤ ᠳᠥᠷᠪᠡᠨ ᠵᠠᠭᠠᠭ ᠤᠨ ᠬᠡᠪᠴᠢᠶ᠎ᠡ ᠶᠢ ᠲᠥᠯᠥᠪᠵᠢᠭᠦᠯᠬᠦ ᠪᠠᠷ ᠲᠥᠯᠥᠪᠯᠡᠵᠦ ᠪᠣᠶ᠄  ᠪᠠᠷᠠᠭᠤᠨᠰᠢ ᠪᠠᠨ ᠤᠯᠠᠭᠠᠨ ᠨᠡᠭᠦᠷᠡᠰᠦᠨ ᠠᠭᠤᠷᠬᠠᠢ᠂ ᠪᠠᠢ ᠯᠢᠩ ᠨᠡᠭᠦᠷᠡᠰᠦᠨ ᠠᠭᠤᠷᠬᠠᠢ᠂ ᠹᠦ᠋ ᠴᠢᠤᠸᠠᠨ ᠨᠡᠭᠦᠷᠡᠰᠦᠨ ᠠᠭᠤᠷᠬᠠᠢ ᠪᠠ ᠪᠠᠶᠠᠨ ᠤ ᠨᠡᠭᠦᠷᠡᠰᠦᠨ ᠠᠭᠤᠷᠬᠠᠢ ᠶᠢᠨ ᠲᠥᠯᠦᠪᠵᠢᠭᠦᠯᠭᠡ ᠶᠢᠨ ᠬᠡᠪᠴᠢᠶ᠎ᠡ ᠪᠠᠷ ᠵᠠᠭᠠᠭ ᠪᠣᠯᠭᠠᠵᠤ᠂ ᠵᠡᠭᠦᠨᠰᠢ ᠪᠠᠨ ᠨᠡᠭᠦᠷᠡᠰᠦᠨ ᠳᠠᠪᠬᠤᠷᠭ᠎ᠠ ᠶᠢᠨ ᠢᠯᠡ ᠪᠠ ᠮᠤᠵᠢ ᠶᠢᠨ ᠵᠠᠭᠠᠭ ᠢᠶᠠᠷ ᠵᠠᠭᠠᠭ ᠪᠣᠯᠭᠠᠵᠤ᠂ ᠤᠮᠠᠷᠠᠰᠢ ᠪᠠᠨ ᠬᠤᠯᠤᠰᠤᠲᠠᠢ ᠰᠥᠷᠬᠦ ᠵᠥᠷᠢᠭᠳᠡᠯ᠂ ᠨᠡᠭᠦᠷᠡᠰᠦᠨ ᠳᠠᠪᠬᠤᠷᠭ᠎ᠠ ᠶᠢᠨ ᠴᠤᠬᠤᠶᠢᠬᠤ ᠪᠠᠷ ᠵᠠᠭᠠᠭ ᠪᠣᠯᠭᠠᠵᠤ ᠂ ᠡᠮᠦᠨᠡᠰᠢ ᠪᠠᠨ ᠮᠤᠵᠢ ᠶᠢᠨ ᠵᠠᠭᠠᠭ᠂ ᠴᠡᠷᠢᠭ ᠤᠨ ᠶᠠᠪᠤᠳᠠᠯ ᠤᠨ ᠬᠠᠮᠠᠭᠠᠯᠠᠯᠲᠠ ᠶᠢᠨ ᠣᠷᠣᠨ ᠢᠶᠠᠷ ᠵᠠᠭᠠᠭ ᠪᠣᠯᠭᠠᠵᠤ᠂ ᠵᠡᠭᠦᠨᠰᠢ ᠪᠠᠷᠠᠭᠤᠨᠰᠢ ᠪᠠᠨ ᠪᠠᠷᠤᠭ 7.5 km ᠣᠷᠳᠣ᠂ ᠡᠮᠦᠨᠡᠰᠢ ᠤᠮᠠᠷᠠᠰᠢ ᠪᠠᠨ ᠪᠠᠷᠤᠭ 13km ᠥᠷᠭᠡᠨ ᠪᠠᠶᠢᠵᠤ᠂ 13 ᠮᠤᠷᠤᠶᠢᠯᠲᠠ ᠶᠢᠨ ᠴᠡᠭ ᠢᠶᠠᠷ ᠬᠦᠷᠢᠶᠡᠯᠡᠨ ᠲᠣᠭᠲᠠᠭᠠᠵᠤ᠂ ᠲᠠᠯᠠᠪᠠᠶ ᠨᠢ 103.32 ᠺᠦᠸᠠᠳ᠋ ᠮᠧᠲᠷ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠵᠡᠭᠦᠨ ᠬᠤᠰᠢᠭᠤᠨ ᠤ ᠬᠤᠯᠤᠰᠤᠲᠠᠢ ᠠᠭᠤᠷᠬᠠᠢ ᠶᠢᠨ ᠣᠷᠣᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠵᠡᠭᠦᠨ ᠬᠤᠰᠢᠭᠤᠨ ᠤ ᠬᠤᠶᠢᠲᠤ ᠵᠡᠭᠦᠨ ᠪᠡᠶ᠎ᠡ ᠳᠤ ᠪᠠᠶᠢᠷᠢᠯᠠᠵᠤ ᠪᠠᠶᠢᠨ᠎ᠠ᠃ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠨᠢ ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠤ ᠬᠠᠷᠢᠶᠠᠨ ᠳᠤ ᠬᠠᠷᠢᠶᠠᠯᠠᠭᠳᠠᠵᠤ᠂ ᠬᠤᠯᠤᠰᠤᠲᠠᠢ ᠨᠡᠭᠦᠷᠡᠰᠦᠨ ᠠᠭᠤᠷᠬᠠᠢ ᠶᠢᠨ ᠣᠷᠣᠨ ᠨᠢ ᠮᠣᠩᠭᠤᠯ᠂ ᠨᠢᠩᠰᠢᠶᠠ ᠬᠤᠶᠠᠷ ᠮᠤᠵᠢ ᠶᠢᠨ ᠠᠭᠤᠯᠵᠠᠷ ᠲᠤ ᠪᠠᠶᠢᠷᠢᠰᠢᠵᠤ᠂ ᠡᠮᠦᠨ᠎ᠡ ᠲᠠᠯ᠎ᠠ ᠨᠢ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠪᠠᠶᠠᠨᠬᠤᠲᠠ ᠪᠠᠯᠭᠠᠰᠤ ᠠᠴᠠ ᠪᠠᠷᠤᠭ 76km ᠵᠠᠶᠢᠲᠠᠢ᠂ ᠵᠡᠭᠦᠨ ᠲᠠᠯ᠎ᠠ ᠨᠢ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠴᠠᠭᠠᠨ ᠬᠠᠳᠠᠨ ᠬᠤᠰᠢᠭᠤ ᠬᠤᠲᠠ ᠠᠴᠠ ᠪᠠᠷᠤᠭ 21km ᠵᠠᠶᠢᠲᠠᠢ ᠠᠭᠤᠷᠬᠠᠢ ᠶᠢᠨ ᠣᠷᠣᠨ ᠨᠢ ᠠᠯᠠᠱᠠ ᠠᠭᠤᠯᠠ ᠨᠢᠷᠤᠭᠤ ᠶᠢᠨ ᠬᠤᠶᠢᠲᠤ ᠬᠡᠰᠡᠭ ᠲᠤ ᠪᠠᠶᠢᠷᠢᠰᠢᠵᠤ᠂ ᠶᠡᠷᠦᠩᠬᠡᠢ ᠳᠡᠭᠡᠨ ᠳᠤᠮᠳᠠ ᠳᠣᠣᠷ᠎ᠠ ᠠᠭᠤᠯᠠ ᠳᠣᠪᠣᠴᠠᠭ ᠤᠨ ᠭᠠᠵᠠᠷ ᠤᠨ ᠪᠠᠶᠢᠴᠠ ᠲᠠᠢ ᠪᠠᠶᠢᠵᠤ᠂ ᠠᠭᠤᠯᠠ ᠶᠢᠨ ᠪᠠᠶᠢᠴᠠ ᠶᠢᠨ ᠣᠯᠠᠩᠬᠢ ᠨᠢ ᠤᠮᠠᠷᠠᠲᠤ ᠪᠠᠷᠠᠭᠤᠨ — ᠡᠮᠦᠨ᠎ᠡ ᠵᠡᠭᠦᠨ ᠵᠦᠭ ᠤᠨ ᠴᠢᠭᠯᠡᠯ ᠲᠠᠢ ᠪᠠᠶᠢᠳᠠᠭ᠃                  ᠬᠤᠶᠠᠷ᠂ ᠲᠥᠯᠦᠪᠵᠢᠭᠦᠯᠭᠡ ᠶᠢᠨ ᠨᠢᠭᠡᠴᠢ ᠶᠢᠨ ᠲᠣᠶᠢᠮᠣ ᠪᠠᠶᠢᠳᠠᠯ                  ᠪᠦᠲᠦᠭᠡᠨ ᠪᠠᠶᠢᠭᠤᠯᠤᠯᠲᠠ ᠶᠢᠨ ᠨᠢᠭᠡᠴᠢ᠄  ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ                  ᠬᠠᠷᠢᠯᠴᠠᠬᠤ ᠬᠥᠮᠥᠨ᠄  ᠳ᠋ᠢ ᠳ᠋ᠦ᠋ᠸᠧ ᠱᠧᠩ                  ᠤᠲᠠᠰᠤ᠄  138 047 3 336 9                  ᠭᠤᠷᠪᠠ᠂ ᠦᠨᠡᠯᠡᠬᠦ ᠨᠢᠭᠡᠴᠢ ᠶᠢᠨ ᠨᠡᠷᠡᠶᠢᠳᠦᠯ ᠵᠢᠴᠢ ᠬᠠᠷᠢᠯᠴᠠᠬᠤ ᠠᠷᠭ᠎ᠠ ᠬᠡᠯᠪᠡᠷᠢ                  ᠨᠢᠭᠡᠴᠢ ᠶᠢᠨ ᠨᠡᠷᠡᠶᠢᠳᠦᠯ᠄  ᠥᠪᠥᠷ ᠮᠣᠩᠭᠤᠯ ᠤᠨ ᠨᠡᠭᠦᠷᠡᠰᠦᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ︵᠎  ᠪᠦᠯᠦᠭᠯᠡᠯ︶᠎ ᠤᠨ ᠶᠡᠷᠦᠩᠬᠡᠢ ᠺᠣᠮᠫᠠᠨᠢ                  ᠬᠠᠶ᠋ᠢᠭ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠧᠩ ᠹᠧᠢ ᠡᠮᠦᠨ᠎ᠡ ᠵᠠᠮ ᠤᠨ 32 ᠳ᠋ᠤᠭᠠᠷ ᠠᠯᠪᠠᠨ ᠠᠰᠠᠷ ᠤᠨ 1010 ᠳ᠋ᠤᠭᠠᠷ ᠥᠷᠥᠭᠡ                  ᠬᠠᠷᠢᠯᠴᠠᠬᠤ ᠤᠲᠠᠰᠤ᠄  15024954656                  ᠬᠠᠷᠢᠯᠴᠠᠬᠤ ᠬᠥᠮᠥᠨ᠄  ᠯᠢ ᠠᠪᠤᠭᠠᠢ                  E-mail:397074438@qq.com                  ᠳᠥᠷᠪᠡ᠂ ᠰᠦᠯᠵᠢᠶᠡᠨ ᠤ ᠴᠠᠬᠢᠮ ᠬᠠᠭᠤᠳᠠᠰᠤ                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠵᠡᠭᠦᠨ ᠬᠤᠰᠢᠭᠤᠨ ᠤ ᠬᠤᠯᠤᠰᠤᠲᠠᠢ ᠠᠭᠤᠷᠬᠠᠢ ᠶᠢᠨ ᠣᠷᠣᠨ ᠤ ᠶᠡᠷᠦᠩᠬᠡᠢ ᠲᠥᠯᠦᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠬᠤᠶᠠᠳᠠᠭᠢ ᠤᠳᠠᠭᠠᠨ ᠤ ᠣᠯᠠᠨ ᠨᠡᠶᠢᠲᠡ ᠪᠠᠷ ᠢᠶᠠᠨ ᠣᠷᠣᠯᠴᠠᠭᠰᠠᠨ ᠢᠯᠡ ᠨᠡᠶᠢᠲᠡᠯᠡᠬᠦ ᠰᠦᠯᠵᠢᠶ᠎ᠡ ᠶᠢᠨ ᠬᠤᠯᠪᠣᠭᠠᠰᠤ ᠨᠢ ᠳᠠᠷᠠᠭᠠᠬᠢ ᠬᠡᠳᠦᠨ ᠲᠠᠯ᠎ᠠ ᠪᠠᠷ᠄                    ᠴᠠᠬᠢᠮ ᠬᠠᠭᠤᠳᠠᠰᠤ᠄  https://share.weiyun.com/ZYsLhtrO ᠨᠢᠭᠤᠴᠠ ᠨᠣᠮᠧᠷ᠄  jymwf3                  ᠲᠠᠪᠤ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ                  1. ᠲᠤᠰ ᠲᠥᠯᠦᠪᠵᠢᠭᠦᠯᠭᠡ ᠶᠢ ᠣᠶᠢᠯᠠᠭᠠᠭᠰᠠᠨ ᠬᠡᠮᠵᠢᠶ᠎ᠡ ᠵᠢᠴᠢ ᠪᠣᠳᠠᠲᠠᠢ ᠱᠠᠭᠠᠷᠳᠠᠯᠭ᠎ᠠ︔᠎                   2. ᠲᠠᠨ ᠤ ᠦᠵᠡᠬᠦ ᠪᠠᠷ ᠲᠤᠰ ᠲᠥᠷᠥᠯ ᠵᠦᠢᠯ ᠲᠠᠨ ᠳᠤ ᠶᠠᠮᠠᠷ ᠶᠠᠮᠠᠷ ᠨᠥᠯᠥᠭᠡ ᠲᠠᠢ ᠪᠤᠶ︖᠎        ᠲᠠ ᠠᠯᠢ ᠠᠯᠢ ᠲᠠᠯ᠎ᠠ ᠶᠢᠨ ᠨᠥᠯᠥᠭᠡ ᠶᠢ ᠠᠩᠬᠠᠷᠬᠤ ᠪᠤᠢ︔᠎                    3. ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠳᠡᠨ ᠠᠴᠠ ᠪᠣᠳᠣᠯᠬᠢᠯᠠᠵᠤ᠂ ᠲᠤᠰ ᠤᠳᠠᠭᠠᠨ ᠤ ᠲᠥᠯᠦᠪᠵᠢᠭᠦᠯᠭᠡ ᠳᠤ ᠬᠠᠨᠳᠤᠬᠤ ᠣᠪᠣᠷ︔᠎             4᠂ ᠲᠤᠰ ᠤᠳᠠᠭᠠᠨ ᠤ ᠲᠥᠯᠦᠪᠵᠢᠭᠦᠯᠭᠡ ᠶᠢᠨ ᠲᠤᠬᠠᠢ ᠪᠤᠰᠤᠳ ᠰᠠᠨᠠᠯ ᠪᠠ ᠰᠠᠨᠠᠭᠤᠯᠭ᠎ᠠ᠃                  ᠵᠢᠷᠭᠤᠭ᠎ᠠ᠂ ᠣᠯᠠᠨ ᠨᠡᠶᠢᠲᠡ ᠶᠢᠨ ᠰᠠᠨᠠᠯ ᠤᠨ ᠬᠠᠷᠢᠭᠤ ᠲᠤᠰᠬᠠᠯ                  ᠣᠯᠠᠨ ᠨᠡᠶᠢᠲᠡ ᠪᠠᠷ ᠢᠶᠠᠨ ᠳᠡᠭᠡᠷ᠎ᠡ ᠳᠤᠷᠠᠳᠤᠭᠰᠠᠨ ᠬᠠᠶ᠋ᠢᠭ ᠲᠤ ᠵᠠᠬᠢᠳᠠᠯ᠂ ᠹᠠᠺᠰ᠂ ᠴᠠᠬᠢᠮ ᠰᠢᠤᠳᠠᠨ ᠤ ᠵᠦᠢᠯ ᠶᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠢᠴᠢ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠠᠵᠢᠯ ᠤᠨ ᠲᠤᠬᠠᠢ ᠰᠠᠨᠠᠯ ᠦᠵᠡᠯᠲᠡ ᠪᠠᠨ ᠨᠡᠶᠢᠲᠡᠯᠡᠵᠦ ᠪᠣᠯᠣᠨ᠎ᠠ᠃                  ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠨᠢᠭᠡᠴᠢ ᠨᠢ ᠪᠠᠷᠢᠯᠭ᠎ᠠ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠲᠡᠭᠡᠨ ᠤᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠦᠨᠡᠨ ᠪᠣᠳᠠᠲᠠᠢ ᠪᠠᠷ ᠲᠡᠮᠳᠡᠭᠯᠡᠬᠦ ᠶᠢᠨ ᠬᠠᠮᠲᠤ ᠤᠯᠠᠨ ᠨᠡᠶᠢᠲᠡ ᠶᠢᠨ ᠡᠷᠬᠢᠮ ᠨᠠᠨᠳᠢᠨ ᠰᠠᠨᠠᠯ᠂ ᠰᠠᠨᠠᠭᠤᠯᠭ᠎ᠠ ᠶᠢ ᠲᠥᠯᠦᠪᠵᠢᠭᠦᠯᠭᠡ ᠶᠢᠨ ᠨᠢᠭᠡᠴᠢ᠂ ᠵᠢᠷᠤᠵᠤ ᠲᠥᠯᠥᠪᠯᠡᠬᠦ ᠨᠢᠭᠡᠴᠢ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠬᠠᠬᠤ ᠬᠡᠷᠡᠭᠲᠡᠢ᠃                  【ᠲᠠᠶᠢᠯᠪᠤᠷᠢ】 ᠤᠯᠠᠨ ᠨᠡᠶᠢᠲᠡ ᠪᠠᠷ ᠢᠶᠠᠨ ᠰᠠᠨᠠᠯ ᠢᠶᠠᠨ ᠢᠯᠡᠳᠬᠡᠬᠦ ᠶᠢᠨ ᠬᠠᠮᠲᠤ ᠠᠯᠢ ᠴᠢᠳᠠᠬᠤ ᠪᠠᠷ ᠨᠠᠷᠢᠨ ᠨᠢᠭᠲᠠ ᠬᠠᠷᠢᠯᠴᠠᠬᠤ ᠠᠷᠭ᠎ᠠ ᠮᠠᠶ᠋ᠢᠭ ᠢ ᠬᠠᠩᠭᠠᠬᠤ ᠬᠡᠷᠡᠭᠲᠡᠢ᠃                  ᠡᠭᠦᠨ ᠤ ᠲᠤᠯᠠ ᠣᠨᠴᠣᠭᠤᠶᠢᠯᠠᠨ ᠵᠠᠷᠯᠠᠪᠠ︕᠎                    ᠬᠤᠯᠤᠰᠤᠲᠠᠢ ᠲᠥᠯᠦᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ                                          2025 ᠣᠨ ᠤ 4 ᠳ᠋ᠦ᠋ᠭᠡᠷ ᠰᠠᠷ᠎ᠠ ᠶᠢᠨ 27                  
 
ᠢᠷᠡᠯᠲᠡ᠄ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号