| | | ᠣᠳᠣᠬᠠᠨ ᠳᠤ᠂ ᠤᠨᠳᠤᠷᠤᠯᠲᠤ ᠪᠠᠯᠭᠠᠰᠤᠨ ᠤ ᠪᠠᠷᠠᠭᠤᠨ ᠬᠥᠳᠡᠭᠡ ᠭᠠᠴᠠᠭᠠᠨ ᠤ ᠬᠢᠲᠠᠳ ᠡᠮ ᠤᠨ | ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠭᠠᠵᠠᠷ ᠤᠨ ᠰᠢᠬᠢᠷ ᠡᠪᠡᠰᠦᠨ ᠤ ᠴᠢᠬᠢ ᠶᠢ ᠵᠠᠬᠢᠶᠠᠯᠠᠭ᠎ᠠ ᠶᠢᠨ ᠦᠨ᠎ᠡ ᠪᠠᠷ | ᠪᠣᠷᠣᠯᠠᠭᠤᠯᠬᠤ ᠪᠠᠷ ᠤᠷᠢᠳᠴᠢᠯᠠᠨ ᠵᠠᠬᠢᠶᠠᠯᠠᠵᠤ᠂ ᠤᠳᠠᠯ ᠦᠭᠡᠢ ᠰᠢᠨᠵᠢᠶᠠᠩ ᠳᠤ ᠬᠦᠷᠭᠡᠬᠦ ᠭᠡᠵᠦ ᠪᠠᠶᠢᠨ᠎ᠠ᠃ | ᠤᠨᠳᠤᠷᠤᠯᠲᠤ ᠪᠠᠯᠭᠠᠰᠤ 2019 ᠣᠨ ᠠᠴᠠ ᠡᠬᠢᠯᠡᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠢ | ᠬᠥᠭᠵᠢᠭᠦᠯᠵᠦ᠂ ︽ᠴᠢᠬᠢ ᠪᠣᠶᠢᠵᠢᠭᠤᠯᠬᠤ — ᠳᠠᠷᠢᠬᠤ — ᠠᠩᠬ᠎ᠠ ᠡᠳ᠋ᠰᠢᠭᠦᠯᠬᠦ — ᠪᠣᠷᠣᠯᠠᠭᠤᠯᠬᠤ︾ | ᠪᠥᠬᠦ ᠠᠵᠤ ᠦᠢᠯᠡᠰ ᠢᠶᠠᠷ ᠳᠡᠮᠵᠢᠨ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 1800 ᠲᠦᠮᠡᠨ ᠲᠥᠭᠦᠷᠢᠭ | ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠬᠡᠳᠦᠨ ᠵᠠᠭᠤᠨ ᠠᠵᠢᠯ ᠤᠨ ᠪᠠᠶᠢᠷᠢ ᠶᠢ ᠡᠭᠦᠳᠴᠦ᠂ ᠣᠯᠠᠨ | ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠠᠢ᠃ | | | | | | | | | | ︽ᠡᠨᠡᠬᠦ ᠴᠢᠬᠢ ᠪᠣᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠶ ᠨᠢ 350 ᠮᠦ ᠪᠠᠶᠢᠵᠤ᠂ ᠰᠢᠬᠢᠷ | ᠡᠪᠡᠰᠦᠨ ᠤ ᠴᠢᠬᠢ ᠶᠢ 1750 ᠲᠦᠮᠡᠨ ᠰᠠᠭᠤᠷᠢ ᠪᠣᠶᠢᠵᠢᠭᠤᠯᠵᠤ᠂ ᠣᠯᠠᠨ ᠠᠷᠭ᠎ᠠ ᠵᠠᠮ ᠢᠶᠠᠷ ᠰᠢᠨᠵᠢᠶᠠᠩ ᠵᠡᠷᠭᠡ | ᠭᠠᠵᠠᠷ ᠲᠤ ᠪᠣᠷᠣᠯᠠᠭᠤᠯᠵᠤ᠂ ᠵᠢᠱᠢᠯᠲᠡ ᠪᠠᠷ 262.5 ᠲᠦᠮᠡᠨ ᠲᠥᠭᠦᠷᠢᠭ ᠤᠨ ᠣᠷᠣᠯᠭ᠎ᠠ ᠣᠯᠬᠤ ᠪᠣᠯᠣᠨ᠎ᠠ᠂ | ᠴᠢᠬᠢ ᠪᠣᠶᠢᠵᠢᠭᠤᠯᠬᠤ ᠨᠢ ᠪᠠᠰᠠ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠠᠵᠤ ᠠᠬᠤᠢ ᠶᠢ ᠳᠠᠶᠢᠴᠢᠯᠠᠵᠤ᠂ ᠵᠢᠯ | ᠪᠦᠷᠢ 46 ᠲᠦᠮᠡᠨ ᠲᠥᠭᠦᠷᠢᠭ ᠤᠨ ᠲᠦᠷ ᠴᠠᠭ ᠤᠨ ᠠᠵᠢᠯᠴᠢᠨ ᠤ ᠴᠠᠯᠢᠩ ᠢ ᠣᠯᠭᠤᠵᠤ ᠪᠠᠶᠢᠨ᠎ᠠ︾ ᠃ | ᠤᠨᠳᠤᠷᠤᠯᠲᠤ ᠪᠠᠯᠭᠠᠰᠤᠨ ᠤ ᠳᠡᠳ᠋ ᠳᠠᠷᠤᠭ᠎ᠠ ᠲᠠᠩ ᠯᠦ ᠬᠡᠯᠡᠬᠦ ᠳᠡᠭᠡᠨ᠂ ︽ᠰᠢᠬᠢᠷ ᠡᠪᠡᠰᠦ ᠪᠣᠯ ᠰᠠᠯᠬᠢᠨ ᠢ | ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠤᠰᠤ ᠰᠢᠷᠣᠢ ᠶᠢ ᠬᠠᠮᠠᠭᠠᠯᠠᠬᠤ ᠴᠢᠬᠤᠯᠠ ᠦᠢᠯᠡᠳᠦᠯ ᠲᠠᠢ ᠶᠤᠮ᠂ | ᠡᠲᠡᠭᠡᠷ ᠰᠢᠬᠢᠷ ᠡᠪᠡᠰᠦᠨ ᠤ ᠴᠢᠬᠢ ᠨᠢ ᠤᠷᠭᠤᠯᠲᠠ ᠶᠢᠨ ᠶᠠᠪᠤᠴᠠ ᠳᠠᠭᠠᠨ ᠠᠮᠢ ᠠᠬᠤᠢ ᠶᠢᠨ ᠬᠠᠮᠠᠭᠠᠯᠠᠯᠲᠠ ᠶᠢᠨ | ᠦᠢᠯᠡᠳᠦᠯ ᠦᠵᠡᠭᠦᠯᠵᠦ᠂ ᠣᠲᠣ ᠴᠥᠮ ᠰᠢᠨᠵᠢᠶᠠᠩ ᠤᠨ ᠡᠯᠡᠰᠦᠨ ᠴᠥᠯ ᠤᠨ ᠭᠠᠵᠠᠷ ᠣᠷᠣᠨ ᠳᠤ | ᠵᠥᠭᠡᠭᠡᠪᠦᠷᠢᠯᠡᠭᠳᠡᠵᠦ ᠪᠠᠶᠢᠨ᠎ᠠ᠂ ᠡᠨᠡ ᠨᠢ ᠮᠥᠨ ᠴᠦ ᠠᠮᠢ ᠠᠬᠤᠢ ᠶᠢᠨ ᠠᠵᠤ ᠦᠢᠯᠡᠰ ᠢ ᠬᠥᠭᠵᠢᠭᠦᠯᠬᠦ ᠳᠤ | ᠲᠤᠰᠠᠲᠠᠢ︾ ᠭᠡᠵᠡᠢ᠃ | | ᠣᠶᠢᠷ᠎ᠠ ᠶᠢᠨ ᠵᠢᠯ ᠤᠳ ᠲᠤ᠂ ᠤᠨᠳᠤᠷᠤᠯᠲᠤ ᠪᠠᠯᠭᠠᠰᠤ ᠡᠬᠢ ᠪᠠᠶᠠᠯᠢᠭ ᠤᠨ ᠳᠠᠪᠠᠭᠤᠯᠢᠭ᠂ ᠭᠤᠷᠪᠠᠨ | ᠮᠤᠵᠢ ᠶᠢᠨ ᠠᠭᠤᠯᠵᠠᠷ ᠭᠠᠵᠠᠷ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠪᠠᠨ ᠭᠦᠢᠴᠡᠳ ᠠᠰᠢᠭᠯᠠᠵᠤ᠂ ︽ | ᠬᠡᠪᠴᠢᠶ᠎ᠡ᠂ ᠪᠠᠷᠢᠮᠵᠢᠶ᠎ᠠ᠂ ᠦᠷ᠎ᠡ ᠠᠰᠢᠭ︾ ᠤᠨ ᠠᠵᠢᠯ ᠢ ᠰᠠᠶᠢᠲᠤᠷ ᠬᠢᠵᠦ᠂ ᠬᠤᠷᠰᠢᠶ᠎ᠠ᠂ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠶ ᠵᠡᠷᠭᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠢᠲᠠᠳ ᠡᠮ ᠤᠨ | ᠮᠠᠲ᠋ᠧᠷᠢᠶᠠᠯ ᠢ ᠬᠡᠪᠴᠢᠶᠡᠵᠢᠭᠦᠯᠦᠨ ᠳᠠᠷᠢᠬᠤ ᠳᠤ ᠢᠳᠡᠪᠬᠢᠲᠡᠢ ᠣᠷᠣᠯᠴᠠᠭᠤᠯᠵᠤ᠂ ᠣᠷᠣᠨ ᠪᠦᠰᠡ ᠲᠥᠷᠥᠯ ᠵᠦᠢᠯ | ᠬᠤᠪᠢᠶᠠᠨ ᠲᠥᠪᠯᠡᠷᠡᠨ ᠵᠠᠯᠭᠠᠯᠳᠤᠭᠰᠠᠨ ᠬᠢᠲᠠᠳ ᠡᠮ ᠤᠨ ᠮᠠᠲ᠋ᠧᠷᠢᠶᠠᠯ ᠤᠨ ᠳᠠᠷᠢᠬᠤ ᠰᠠᠭᠤᠷᠢᠨ ᠭᠠᠵᠠᠷ ᠢ ᠡᠭᠦᠳᠦᠨ | ᠪᠠᠶᠢᠭᠤᠯᠵᠤ᠂ ᠬᠢᠲᠠᠳ ᠡᠮ ᠤᠨ ᠮᠠᠲ᠋ᠧᠷᠢᠶᠠᠯ ᠤᠨ ᠳᠠᠷᠢᠬᠤ ᠶᠢ ᠲᠠᠷᠠᠬᠠᠢ ᠳᠠᠷᠢᠵᠤ ᠪᠠᠶᠢᠭᠰᠠᠨ ᠠᠴᠠ ᠨᠠᠮ ᠤᠨ | ᠡᠭᠦᠷ ᠤᠨ ᠳᠠᠶᠢᠴᠢᠯᠠᠯᠲᠠ᠂ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ᠂ ᠭᠡᠷ ᠪᠦᠯᠢ ᠶᠢᠨ ᠲᠠᠷᠢᠶᠠᠯᠠᠩ ᠤᠨ | ᠲᠠᠯᠠᠪᠠᠶ ᠶᠢᠨ ᠦᠢᠯᠡᠳᠪᠦᠷᠢᠯᠡᠯ ᠤᠨ ᠬᠥᠭᠵᠢᠯᠲᠡ ᠶᠢᠨ ᠰᠢᠨ᠎ᠡ ᠬᠡᠯᠪᠡᠷᠢ ᠪᠠᠶᠢᠳᠠᠯ ᠪᠣᠯᠭᠠᠨ ᠬᠤᠪᠢᠷᠠᠭᠤᠯᠵᠤ ᠪᠣᠢ᠃ | | ᠣᠳᠣᠬᠠᠨ ᠳᠤ᠂ ᠨᠢᠭᠡᠨᠲᠡ 2 ᠲᠤᠰᠬᠠᠢ ᠠᠵᠢᠯ ᠤᠨ ᠬᠤᠷᠰᠢᠶ᠎ᠠ᠂ 6 ᠭᠡᠷ ᠪᠦᠯᠢ ᠶᠢᠨ ᠲᠠᠷᠢᠶᠠᠯᠠᠩ ᠤᠨ | ᠲᠠᠯᠠᠪᠠᠶ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠳᠤ ᠣᠷᠣᠯᠴᠠᠵᠤ᠂ ᠤᠨᠳᠤᠷᠤᠯᠲᠤ | ᠪᠠᠯᠭᠠᠰᠤ ᠶᠠᠭ ᠬᠢᠲᠠᠳ ᠡᠮ ᠤᠨ ᠮᠠᠲ᠋ᠧᠷᠢᠶᠠᠯ ᠢᠶᠠᠷ ᠪᠢᠷ ᠪᠣᠯᠭᠠᠨ᠂ ᠬᠠᠮᠲᠤ ᠪᠠᠷ ᠴᠢᠨᠡᠭᠡᠯᠢᠭᠵᠢᠬᠦ ᠰᠢᠨ᠎ᠡ | ᠬᠠᠭᠤᠳᠠᠰᠤ ᠶᠢ ᠪᠢᠴᠢᠭᠯᠡᠵᠦ ᠪᠠᠶᠢᠨ᠎ᠠ᠃ | |