︽2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠰᠣᠶᠣᠯ ᠵᠢᠭᠤᠯᠴᠢᠯᠠᠯ ᠳᠤ ᠦᠵᠡᠭᠦᠯᠦᠭᠰᠡᠨ ᠨᠥᠯᠥᠭᠡ︾᠎  ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/4/30
     ᠪᠠᠷᠢᠮᠲᠠᠵᠢᠭᠤᠯᠤᠭᠰᠠᠨ ᠳ᠋ᠤᠭᠠᠷ᠄  111529210117654554/2025-00489      ᠨᠡᠶᠢᠲᠡᠯᠡᠭᠰᠡᠨ ᠪᠠᠶᠢᠭᠤᠯᠭ᠎ᠠ ᠨᠢᠭᠡᠴᠢ᠄  ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ      ᠢᠯᠡ ᠲᠣᠳᠣ ᠨᠡᠶᠢᠲᠡᠯᠡᠭᠰᠡᠨ ᠠᠩᠭᠢᠯᠠᠯ᠄  ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ᠢᠯᠡ ᠪᠤᠯᠭᠠᠬᠤ ᠠᠩᠭᠢᠯᠠᠯ᠄  ᠬᠤᠰᠢᠭᠤᠨ ᠤ ᠲᠣᠰ ᠱᠠᠲᠤ      ᠪᠠᠷᠢᠮᠲᠠ ᠪᠢᠴᠢᠭ ᠤᠨ ᠳ᠋ᠤᠭᠠᠷ᠄       ᠪᠠᠲᠤᠯᠠᠭᠳᠠᠭᠰᠠᠨ ᠴᠠᠭ ᠬᠤᠭᠤᠴᠠᠭ᠎ᠠ᠄  2025 — 04 — 02            ᠨᠢᠭᠡ᠂ ᠪᠢᠴᠢᠭ ᠮᠠᠲ᠋ᠧᠷᠢᠶᠠᠯ ᠤᠨ ᠠᠬᠤᠢ ᠪᠠᠶᠢᠳᠠᠯ            2025 ᠣᠨ ᠤ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠂ ᠲᠤᠬᠠᠶᠢᠯᠠᠪᠠᠯ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ ᠯᠠᠪᠳᠠᠭᠤᠨ ᠢᠶᠠᠷ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠢ ᠪᠣᠯ ᠮᠠᠨ ᠤ ᠤᠯᠤᠰ ᠤᠨ ᠲᠠᠷᠢᠶᠠᠯᠠᠩ ᠳᠠᠬᠢᠨᠲᠠ ᠡᠯᠪᠡᠭ ᠬᠤᠷᠢᠶᠠᠯᠲᠠ ᠣᠯᠵᠤ᠂ ᠬᠥᠳᠡᠭᠡ ᠲᠣᠰᠬᠤᠨ ᠡᠶ᠎ᠡ ᠵᠣᠬᠢᠴᠠᠯ ᠲᠠᠢ ᠲᠣᠭᠲᠠᠭᠤᠨ ᠪᠣᠯᠤᠭᠰᠠᠨ ᠪᠣᠯᠪᠠᠴᠤ ᠣᠯᠠᠨ ᠤᠯᠤᠰ ᠤᠨ ᠣᠷᠴᠢᠨ ᠨᠥᠬᠦᠴᠡᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ ᠬᠥᠭᠵᠢᠯᠲᠡ ᠳᠤ ᠮᠠᠰᠢ ᠣᠯᠠᠨ ᠵᠢᠱᠢᠵᠦ ᠮᠡᠳᠡᠬᠦᠶ᠎ᠡ ᠪᠡᠷᠬᠡ ᠬᠦᠴᠦᠨ ᠵᠦᠢᠯ ᠲᠤᠯᠭᠠᠷᠠᠭᠰᠠᠨ ᠠᠬᠤᠢ ᠪᠠᠶᠢᠳᠠᠯ ᠤᠨ ᠳᠣᠣᠷ᠎ᠠ ᠨᠡᠶᠢᠲᠡᠯᠡᠭᠰᠡᠨ ᠶᠤᠮ᠃ ᠪᠢᠴᠢᠭ ᠮᠠᠲ᠋ᠧᠷᠢᠶᠠᠯ ᠨᠢ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠯᠠᠪᠳᠠᠭᠤᠨ ᠢᠶᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠠᠭᠤᠷᠢ ᠲᠦᠰᠢᠭ ᠲᠤᠯᠭᠠᠭᠤᠷᠢ ᠬᠠᠩᠭᠠᠬᠤ ᠪᠣᠯᠣᠨ᠎ᠠ᠃            ᠬᠤᠶᠠᠷ᠂ ᠪᠢᠴᠢᠭ ᠮᠠᠲ᠋ᠧᠷᠢᠶᠠᠯ  ᠤᠨ ᠵᠣᠷᠢᠯᠭ᠎ᠠ            ᠪᠢᠴᠢᠭ ᠮᠠᠲ᠋ᠧᠷᠢᠶᠠᠯ ᠤᠨ ᠭᠤᠣᠯ ᠵᠣᠷᠢᠯᠭ᠎ᠠ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠵᠤ ᠶᠠᠳᠠᠭᠤᠷᠠᠬᠤ ᠶᠢ ᠰᠡᠷᠭᠡᠶᠢᠯᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠬᠠᠮᠲᠤ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠠᠪᠤᠳᠠᠯ ᠪᠣᠯᠣᠨ᠎ᠠ᠃ ᠰᠣᠶᠣᠯ ᠵᠢᠭᠤᠯᠴᠢᠯᠠᠯ ᠤᠨ ᠲᠠᠯ᠎ᠠ ᠪᠠᠷ᠂ ᠪᠢᠴᠢᠭ ᠮᠠᠲ᠋ᠧᠷᠢᠶᠠᠯ ᠨᠢ ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠪᠠ ᠳᠡᠮᠵᠢᠬᠦ ᠪᠠᠷ ᠳᠠᠮᠵᠢᠭᠤᠯᠵᠤ᠂ ᠬᠥᠳᠡᠭᠡ ᠲᠣᠰᠬᠤᠨ ᠤ ᠰᠣᠶᠣᠯ ᠪᠠ ᠵᠢᠭᠤᠯᠴᠢᠯᠠᠯ ᠤᠨ ᠡᠷᠴᠢᠮᠲᠡᠢ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠤᠨᠴᠠᠯᠢᠬᠵᠢᠬᠤ᠂ ᠤᠬᠢ ᠰᠢᠯᠢᠳᠡᠭᠵᠢᠬᠦ᠂ ᠵᠢᠷᠦᠮᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠬᠥᠳᠡᠭᠡ ᠲᠣᠰᠬᠤᠨ ᠤ ᠠᠵᠤ ᠠᠬᠤᠢ ᠶᠢᠨ ᠤᠯᠠᠨ ᠡᠰᠢᠵᠢᠭᠰᠡᠨ ᠬᠥᠭᠵᠢᠯᠲᠡ ᠶᠢ ᠠᠬᠢᠭᠤᠯᠬᠤ ᠵᠣᠷᠢᠯᠭ᠎ᠠ ᠲᠠᠢ ᠶᠤᠮ᠃            ᠭᠤᠷᠪᠠ᠂ ᠰᠣᠶᠣᠯ ᠵᠢᠭᠤᠯᠴᠢᠯᠠᠯ ᠳᠤ ᠦᠵᠡᠭᠦᠯᠬᠦ ᠨᠥᠯᠥᠭᠡ            1. ᠲᠠᠷᠢᠶᠠᠯᠠᠩ ᠰᠣᠶᠣᠯ ᠤᠨ ᠵᠢᠭᠤᠯᠴᠢᠯᠠᠯ ᠤᠨ ᠡᠷᠴᠢᠮᠲᠡᠢ ᠠᠭᠤᠰᠤᠯᠴᠠᠯ ᠢ ᠠᠬᠢᠭᠤᠯᠤᠨ᠎ᠠ᠄  ᠪᠢᠴᠢᠭ ᠮᠠᠲ᠋ᠧᠷᠢᠶᠠᠯ ᠳᠤ ︽︿ᠨᠤᠲᠤᠭ ᠤᠨ ᠣᠨᠴᠠ ᠭᠠᠷᠤᠯᠲᠠ﹀᠎ ᠶᠢᠨ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠢ︾᠎  ᠭᠡᠵᠦ ᠳᠤᠷᠠᠳᠤᠨ ᠭᠠᠷᠭᠠᠵᠤ᠂ ᠲᠠᠷᠢᠶᠠᠯᠠᠩ ᠬᠢᠭᠡᠳ ᠵᠢᠭᠤᠯᠴᠢᠯᠠᠯ᠂ ᠰᠣᠶᠣᠯ᠂ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠢ ᠡᠷᠴᠢᠮᠲᠡᠢ ᠤᠶᠠᠯᠳᠤᠭᠤᠯᠬᠤ ᠶᠢ ᠵᠣᠷᠢᠭᠵᠢᠭᠤᠯᠤᠨ᠎ᠠ᠃ ᠡᠨᠡ ᠨᠢ ᠢᠷᠡᠭᠡᠳᠦᠢ ᠳᠤ ᠬᠥᠳᠡᠭᠡ ᠲᠣᠰᠬᠤᠨ ᠤ ᠵᠢᠭᠤᠯᠴᠢᠯᠠᠯ ᠨᠢ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠡᠰᠢᠲᠦ ᠥᠷᠲᠡᠭ ᠢ ᠰᠤᠳᠤᠯᠤᠨ ᠰᠢᠨᠵᠢᠯᠡᠬᠦ ᠶᠢ ᠨᠠᠩ ᠢᠯᠡᠭᠦᠦ ᠴᠢᠬᠤᠯᠠᠴᠢᠯᠠᠵᠤ᠂ ᠲᠠᠷᠢᠶᠠᠯᠠᠩ ᠤᠨ ᠶᠠᠪᠤᠳᠠᠯ ᠤᠨ ᠪᠡᠶᠡᠴᠢ ᠣᠶᠢᠯᠠᠭᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠦᠢᠯᠡᠳᠬᠡᠯ ᠤᠨ ᠭᠠᠵᠠᠷ ᠵᠡᠷᠭᠡ ᠶᠢ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠤᠨ ᠪᠡᠶᠡᠴᠢ ᠣᠶᠢᠯᠠᠭᠠᠯᠲᠠ ᠶᠢ ᠪᠠᠶᠠᠯᠢᠭᠵᠢᠭᠤᠯᠬᠤ ᠵᠣᠷᠢᠯᠭ᠎ᠠ ᠪᠠᠷ ᠶᠤᠮ ᠭᠡᠳᠡᠭ ᠢ ᠬᠠᠷᠠᠭᠤᠯᠵᠤ ᠪᠠᠶᠢᠨ᠎ᠠ᠃            2. ᠬᠥᠳᠡᠭᠡ ᠲᠣᠰᠬᠤᠨ ᠤ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠳᠡᠮᠵᠢᠨ᠎ᠡ᠄  ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠤᠨ ᠲᠠᠷᠢᠶᠠᠯᠠᠩ᠂ ᠬᠥᠳᠡᠭᠡ ᠲᠣᠰᠬᠤᠨ ᠤ ᠴᠠᠬᠢᠮ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠳᠡᠮᠵᠢᠬᠦ ᠶᠢᠨ ᠬᠠᠮᠲᠤ ᠬᠥᠳᠡᠭᠡ ᠲᠣᠰᠬᠤᠨ ᠤ ᠵᠢᠭᠤᠯᠴᠢᠯᠠᠯ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠨᠡ ᠨᠢ ᠨᠢᠭᠡ ᠪᠦᠯᠦᠭ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠤ ᠵᠢᠭᠤᠯᠴᠢᠯᠠᠯ ᠤᠨ ᠬᠠᠷᠠᠯᠲᠠ ᠶᠢᠨ ᠣᠷᠣᠨ ᠢ ᠪᠦᠷᠢᠯᠳᠦᠭᠦᠯᠵᠦ᠂ ᠨᠡᠩ ᠤᠯᠠᠨ ᠵᠢᠭᠤᠯᠴᠢᠳ ᠤᠨ ᠬᠥᠳᠡᠭᠡ ᠲᠣᠰᠬᠤᠨ ᠤ ᠠᠮᠢᠳᠤᠷᠠᠯ ᠢ ᠣᠶᠢᠯᠠᠭᠠᠬᠤ ᠶᠢ ᠲᠠᠲᠠᠬᠤ ᠳᠤ ᠲᠤᠰᠠᠲᠠᠢ ᠶᠤᠮ᠃            3. ᠭᠠᠵᠠᠷ ᠰᠢᠷᠣᠢ ᠪᠠ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠄  ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠬᠤᠪᠢ ᠣᠷᠣᠭᠤᠯᠬᠤ᠂ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠣᠶᠣᠯ ᠵᠢᠭᠤᠯᠴᠢᠯᠠᠯ ᠤᠨ ᠵᠦᠢᠯᠡᠰ ᠤᠨ ᠨᠡᠭᠡᠭᠡᠨ ᠬᠥᠭᠵᠢᠭᠦᠯᠦᠯᠲᠡ ᠳᠤ ᠰᠢᠭᠤᠳ ᠬᠡᠷᠡᠭᠯᠡᠬᠦ ᠶᠢ ᠵᠥᠪᠰᠢᠶᠡᠷᠡᠬᠦ ᠶᠢᠨ ᠬᠠᠮᠲᠤ ᠭᠠᠵᠠᠷ ᠰᠢᠷᠣᠢ ᠶᠢ ᠠᠮᠢᠳᠤᠯᠢᠭ ᠢᠶᠠᠷ ᠬᠠᠩᠭᠠᠬᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ᠃ ᠡᠭᠦᠨ ᠤ ᠬᠠᠮᠲᠤ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠲᠠᠷᠢᠶᠠᠯᠠᠩ ᠬᠥᠳᠡᠭᠡ ᠲᠣᠰᠬᠤᠨ ᠳᠠᠰᠢ ᠬᠡᠯᠪᠡᠶᠢᠯᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠬᠡᠪᠴᠢᠶ᠎ᠡ ᠶᠢ ᠥᠷᠭᠡᠳᠬᠡᠨ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠳᠡᠮᠵᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠣᠶᠣᠯ ᠵᠢᠭᠤᠯᠴᠢᠯᠠᠯ ᠤᠨ ᠵᠦᠢᠯᠡᠰ ᠲᠤ ᠪᠡᠷᠢᠴᠠᠭᠠᠨ ᠤ ᠪᠡᠯᠡ ᠲᠣᠬᠢᠷᠠᠭᠤᠯᠭ᠎ᠠ ᠬᠠᠩᠭᠠᠬᠤ ᠶᠢ ᠵᠣᠷᠢᠭᠵᠢᠭᠤᠯᠤᠨ᠎ᠠ᠃ ᠡᠲᠡᠭᠡᠷ ᠠᠷᠭ᠎ᠠ ᠬᠡᠮᠵᠢᠶ᠎ᠡ ᠨᠢ ᠬᠥᠳᠡᠭᠡ ᠲᠣᠰᠬᠤᠨ ᠤ ᠵᠢᠭᠤᠯᠴᠢᠯᠠᠯ ᠤᠨ ᠵᠦᠢᠯᠡᠰ ᠢ ᠨᠠᠶᠢᠳᠠᠪᠤᠷᠢᠵᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠪᠣᠯᠣᠨ᠎ᠠ᠃            4. ᠰᠣᠶᠣᠯ ᠤᠨ ᠥᠪ ᠢ ᠬᠠᠮᠠᠭᠠᠯᠠᠬᠤ ᠪᠠ ᠠᠮᠢᠳᠤᠯᠢᠭ ᠠᠰᠢᠭᠯᠠᠬᠤ ᠶᠢ ᠴᠢᠩᠭᠠᠳᠬᠠᠨ᠎ᠠ᠄  ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠤ ᠰᠣᠶᠣᠯ ᠤᠨ ᠥᠪ ᠢ ᠬᠠᠮᠠᠭᠠᠯᠠᠬᠤ ᠪᠠ ᠠᠮᠢᠳᠤᠯᠢᠭ ᠠᠰᠢᠭᠯᠠᠬᠤ ᠶᠢ ᠴᠢᠩᠭᠠᠳᠬᠠᠵᠤ᠂ ︽ᠰᠢ ᠲᠠᠭᠤᠤᠷᠢᠯᠢᠬ ᠢ ᠬᠥᠳᠡᠭᠡ ᠲᠣᠰᠬᠤᠨ ᠳᠤ ᠣᠷᠣᠭᠤᠯᠬᠤ︾᠎ ᠂ ᠲᠣᠰᠬᠤᠨ ᠤ ᠣᠷᠣᠢ ᠵᠡᠷᠭᠡ ᠣᠯᠠᠨ ᠲᠦᠮᠡᠨᠴᠢ ᠴᠢᠨᠠᠷᠲᠠᠢ ᠠᠵᠢᠯᠯᠠᠭ᠎ᠠ ᠶᠢ ᠳᠡᠮᠵᠢᠵᠦ᠂ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠦᠷᠢᠯᠳᠦᠭᠦᠯᠦᠨ᠎ᠡ ᠭᠡᠵᠦ ᠴᠢᠬᠤᠯᠠᠴᠢᠯᠠᠪᠠ᠃ ᠡᠨᠡ ᠨᠢ ᠬᠥᠳᠡᠭᠡ ᠲᠣᠰᠬᠤᠨ ᠤ ᠵᠢᠭᠤᠯᠴᠢᠯᠠᠯ ᠤᠨ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠵᠦ᠂ ᠵᠢᠭᠤᠯᠴᠢᠳ ᠤᠨ ᠰᠣᠶᠣᠯ ᠤᠨ ᠣᠶᠢᠯᠠᠭᠠᠯᠲᠠ ᠶᠢ ᠨᠡᠮᠡᠭᠳᠡᠭᠦᠯᠬᠦ ᠳᠤ ᠲᠤᠰᠠᠲᠠᠢ ᠶᠤᠮ᠃            5. ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠄  ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠤ 5G᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠵᠡᠮᠵᠢ ᠶᠢᠨ ᠣᠷᠣᠨ ᠤ ᠬᠠᠮᠢᠶᠠᠷᠤᠯᠲᠠ ᠪᠠ ᠵᠢᠭᠤᠯᠴᠢᠯᠠᠭᠴᠢᠳ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ ᠭᠡᠵᠦ ᠳᠤᠷᠠᠳᠤᠨ ᠭᠠᠷᠭᠠᠪᠠ᠃ ᠡᠨᠡ ᠨᠢ ᠬᠥᠳᠡᠭᠡ ᠲᠣᠰᠬᠤᠨ ᠤ ᠵᠢᠭᠤᠯᠴᠢᠯᠠᠯ ᠳᠤ ᠨᠡᠩ ᠳᠥᠭᠦᠮ ᠳᠥᠲᠡ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠵᠢᠭᠤᠯᠴᠢᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠣᠯᠣᠨ᠎ᠠ᠃            6᠂ ᠠᠮᠢ ᠠᠬᠤᠢ ᠶᠢᠨ ᠬᠠᠮᠠᠭᠠᠯᠠᠯᠲᠠ ᠪᠣᠯᠣᠨ ᠪᠣᠬᠢᠷᠲᠤᠯ ᠦᠭᠡᠢ ᠬᠥᠭᠵᠢᠯᠲᠡ ᠶᠢ ᠴᠢᠬᠤᠯᠠᠴᠢᠯᠠᠨ᠎ᠠ᠄  ᠪᠢᠴᠢᠭ ᠮᠠᠲ᠋ᠧᠷᠢᠶᠠᠯ ᠳᠤ ᠠᠮᠢ ᠠᠬᠤᠢ ᠶᠢᠨ ᠬᠠᠮᠠᠭᠠᠯᠠᠯᠲᠠ ᠪᠣᠯᠣᠨ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢ ᠲᠡᠩᠴᠡᠭᠦᠷᠢᠲᠡᠢ ᠪᠠᠶᠢᠯᠭᠠᠬᠤ ᠶᠢ ᠴᠢᠬᠤᠯᠠᠴᠢᠯᠠᠵᠤ᠂ ᠤᠢ ᠰᠢᠭᠤᠢ ᠶᠢᠨ ᠡᠷᠡᠭᠦᠯ ᠴᠢᠭᠢᠷᠠᠭ᠂ ᠠᠮᠢ ᠠᠬᠤᠢ ᠶᠢᠨ ᠰᠤᠳᠤᠯᠭᠠᠨ ᠤ ᠤᠬᠠᠭᠠᠨ ᠵᠡᠷᠭᠡ ᠪᠣᠬᠢᠷᠲᠤᠯ ᠦᠭᠡᠢ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠲᠡᠮᠵᠢᠨ᠎ᠠ᠃ ᠡᠨᠡ ᠨᠢ ᠬᠥᠳᠡᠭᠡ ᠲᠣᠰᠬᠤᠨ ᠤ ᠵᠢᠭᠤᠯᠴᠢᠯᠠᠯ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠶᠢᠨ ᠬᠠᠮᠲᠤ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠠᠰᠢᠭᠲᠠᠢ ᠶᠤᠮ᠃            ᠳᠡᠭᠡᠷᠡᠬᠢ ᠶᠢ ᠬᠤᠷᠢᠶᠠᠩᠭᠤᠶᠢᠯᠠᠪᠠᠯ᠂ 2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠠ ᠳᠡᠮᠵᠢᠯᠭᠡ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠳᠤ ᠥᠷᠭᠡᠨ ᠠᠭᠤᠳᠠᠮ ᠣᠷᠣᠨ ᠵᠠᠢ ᠪᠠ ᠠᠵᠠ ᠲᠣᠬᠢᠶᠠᠯ ᠬᠠᠩᠭᠠᠭᠰᠠᠨ ᠪᠠᠶᠢᠨ᠎ᠠ᠃ ᠢᠷᠡᠭᠡᠳᠦᠢ ᠳᠤ᠂ ᠡᠲᠡᠭᠡᠷ ᠲᠥᠷᠥ ᠶᠢᠨ ᠪᠣᠳᠣᠯᠭ᠎ᠠ ᠶᠢᠨ ᠠᠯᠬᠤᠮ ᠠᠯᠬᠤᠮ ᠢᠶᠠᠷ ᠨᠠᠶᠢᠳᠠᠪᠤᠷᠢᠵᠢᠨ ᠬᠡᠷᠡᠭᠵᠢᠭᠦᠯᠦᠭᠳᠡᠬᠦ ᠶᠢ ᠳᠠᠭᠠᠯᠳᠤᠨ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠨᠠᠩ ᠴᠡᠴᠡᠭᠯᠡᠨ ᠬᠥᠭᠵᠢᠬᠦ ᠰᠢᠨ᠎ᠡ ᠪᠠᠶᠢᠳᠠᠯ ᠢ ᠤᠭᠲᠤᠨ ᠠᠪᠴᠢᠷᠠᠬᠤ ᠪᠣᠯᠣᠨ᠎ᠠ᠃                         ︵᠎  ᠲᠠᠶᠢᠯᠪᠤᠷᠢᠯᠠᠭᠴᠢ᠄  ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠷᠧᠨ ᠵᠢᠦ ᠴᠢᠶᠠᠨ︶᠎         
 
ᠢᠷᠡᠯᠲᠡ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号