1949 ᠣᠨ ᠤ 9 ᠰᠠᠷ᠎ᠠ ᠶᠢᠨ 23 ᠤ ᠡᠳᠦᠷ᠂ ᠠᠯᠠᠱᠠ ᠬᠤᠰᠢᠭᠤ ᠨᠠᠶᠢᠷᠠᠮᠳᠠᠯ ᠢᠶᠠᠷ ᠴᠢᠯᠦᠭᠡᠯᠡᠭᠳᠡᠪᠡ
ᠨᠡᠶᠢᠲᠡᠯᠡᠭᠰᠡᠨ ᠴᠠᠭ᠄
2025/4/30
     1949 ᠣᠨ ᠤ 9 ᠰᠠᠷ᠎ᠠ ᠶᠢᠨ 23 ᠤ ᠡᠳᠦᠷ᠂ ᠠᠯᠠᠱᠠ ᠬᠤᠰᠢᠭᠤ ᠨᠠᠶᠢᠷᠠᠮᠳᠠᠯ ᠢᠶᠠᠷ ᠴᠢᠯᠦᠭᠡᠯᠡᠭᠳᠡᠪᠡ᠃       1950 ᠣᠨ ᠳᠤ᠂ ᠨᠢᠩᠰᠢᠶᠠ ᠮᠤᠵᠢ ᠳᠤ ᠬᠠᠷᠢᠶᠠᠯᠠᠭᠳᠠᠨ᠂ ᠨᠢᠩᠰᠢᠶᠠ ᠮᠤᠵᠢ ᠶᠢᠨ ᠠᠯᠠᠱᠠ ᠶᠢᠨ ᠬᠤᠱᠣᠳ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠪᠠᠶᠢᠭᠤᠯᠵᠠᠢ᠃       1954 ᠣᠨ ᠤ 4 ᠰᠠᠷ᠎ᠠ ᠳᠤ᠂ ᠠᠯᠠᠱᠠ ᠬᠤᠰᠢᠭᠤ ᠪᠠ ᠳ᠋ᠧᠩᠺᠧᠦ ᠰᠢᠶᠠᠨ ᠤ ᠰᠠᠭᠤᠷᠢᠨ ᠳᠡᠭᠡᠷ᠎ᠡ᠂ ᠨᠢᠩᠰᠢᠶᠠ ᠮᠤᠵᠢ ᠶᠢᠨ ᠮᠣᠩᠭᠤᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠪᠠᠶᠢᠭᠤᠯᠵᠠᠢ       1954 ᠣᠨ ᠤ 9 ᠰᠠᠷ᠎ᠠ ᠳᠤ᠂ ᠨᠢᠩᠰᠢᠶᠠ ᠮᠤᠵᠢ ᠶᠢᠨ ᠪᠠᠶᠢᠭᠤᠯᠤᠮᠵᠢ ᠶᠢ ᠬᠠᠰᠤᠵᠤ᠂ ᠠᠯᠠᠱᠠ ᠬᠤᠱᠣᠳ ᠬᠤᠰᠢᠭᠤᠨ ᠤ ᠥᠪᠡᠷᠲᠡᠭᠡᠨ ᠵᠠᠰᠠᠬᠤ ᠣᠷᠣᠨ ᠢ ᠭᠠᠨᠰᠤ ᠮᠤᠵᠢ ᠬᠠᠮᠢᠶᠠᠷᠪᠠ᠃       1955 ᠣᠨ ᠤ 3 ᠰᠠᠷ᠎ᠠ ᠠᠴᠠ 11 ᠳ᠋ᠦ᠋ᠭᠡᠷ ᠰᠠᠷ᠎ᠠ ᠪᠣᠯᠲᠠᠯ᠎ᠠ ᠤᠷᠢᠳ ᠬᠤᠵᠢᠳ ᠭᠠᠨᠰᠤ ᠮᠤᠵᠢ ᠶᠢᠨ ᠮᠣᠩᠭᠤᠯ ᠥᠪᠡᠷᠲᠡᠭᠡᠨ ᠵᠠᠰᠠᠬᠤ ᠵᠧᠦ ᠪᠣᠯᠣᠨ ᠭᠠᠨᠰᠤ ᠮᠤᠵᠢ ᠶᠢᠨ ᠪᠠᠶᠠᠨᠬᠤᠲᠠ ᠶᠢᠨ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠭᠡᠵᠦ ᠬᠠᠯᠠᠪᠠ᠃       1956 ᠣᠨ ᠤ 4 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠶᠠᠨᠨᠠᠭᠤᠷ ᠠᠶᠢᠮᠠᠭ ᠪᠠᠶᠢᠭᠤᠯᠬᠤ ᠪᠠᠷ ᠲᠣᠭᠲᠠᠭᠰᠠᠨ ᠪᠥᠭᠡᠳ ᠪᠠᠶᠠᠨᠨᠠᠭᠤᠷ ᠪᠠᠯᠭᠠᠰᠤ ᠶᠢ ᠬᠤᠲᠠ ︵ᠰᠢᠶᠠᠨ ᠤ ᠳᠡᠰ ᠤᠨ ᠬᠤᠲᠠ︶ ᠪᠣᠯᠭᠠᠨ ᠥᠭᠡᠷᠡᠴᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠤᠪᠢᠶᠠᠨ ᠣᠷᠣᠭᠤᠯᠪᠠ᠃ ᠪᠠᠶᠠᠨᠨᠠᠭᠤᠷ ᠠᠶᠢᠮᠠᠭ ᠤᠨ ᠵᠠᠬᠢᠷᠭ᠎ᠠ ᠨᠢ ᠪᠠᠶᠠᠨᠬᠤᠲᠠ ᠳᠤ᠂ ᠠᠯᠠᠱᠠ ᠬᠤᠰᠢᠭᠤ᠂ ᠡᠵᠡᠨ᠎ᠡ ᠬᠤᠰᠢᠭᠤ᠂ ᠳ᠋ᠧᠩᠺᠧᠦ ᠰᠢᠶᠠᠨ᠂ ᠪᠠᠶᠠᠨᠬᠤᠲᠠ ᠳᠤ ᠪᠣᠯᠣᠨ᠎ᠠ᠃       1958 ᠣᠨ ᠳᠤ᠂ ᠪᠠᠶᠠᠨᠨᠠᠭᠤᠷ ᠠᠶᠢᠮᠠᠭ ᠤᠨ ᠪᠠᠶᠢᠭᠤᠯᠭ᠎ᠠ ᠨᠢ ᠨᠡᠭᠦᠵᠦ᠂ ᠪᠠᠶᠠᠨᠬᠤᠲᠠ ᠬᠤᠲᠠ ᠪᠠᠨ ᠪᠤᠴᠠᠭᠠᠨ ᠪᠠᠯᠭᠠᠰᠤ ᠪᠣᠯᠭᠠᠪᠠ︔ ᠭᠠᠰᠢᠭᠤᠨ ᠨᠠᠭᠤᠷ ᠢ ᠡᠵᠡᠨ᠎ᠡ ᠬᠤᠰᠢᠭᠤᠨ ᠳᠤ ᠬᠤᠪᠢᠶᠠᠵᠤ ᠥᠭᠪᠡ᠃       1961 ᠣᠨ ᠤ 4 ᠰᠠᠷ᠎ᠠ ᠳᠤ᠂ ᠠᠯᠠᠱᠠ ᠬᠤᠰᠢᠭᠤ ᠨᠢ ᠠᠯᠠᠱᠠ ᠵᠡᠭᠦᠨ ᠬᠤᠰᠢᠭᠤ ᠪᠠ ᠠᠯᠠᠱᠠ ᠪᠠᠷᠠᠭᠤᠨ ᠬᠤᠰᠢᠭᠤ ᠭᠡᠵᠦ ᠬᠤᠪᠢᠶᠠᠭᠳᠠᠵᠠᠢ᠃       1961 ᠣᠨ ᠤ 7 ᠳ᠋ᠤᠭᠠᠷ ᠰᠠᠷ᠎ᠠ ᠳᠤ᠂ ᠤᠳᠠ ᠬᠤᠲᠠ ᠪᠠᠶᠢᠭᠤᠯᠬᠤ ᠦᠶ᠎ᠡ ᠪᠠᠷ ᠪᠠᠶᠠᠠᠮᠥ᠋ᠷᠡᠨ ᠠᠷᠠᠳ ᠤᠨ ᠨᠢᠭᠡᠳᠦᠯ ᠤᠨ ᠶᠡᠬᠡᠩᠬᠢ ᠭᠠᠵᠠᠷ ᠢ ᠤᠳᠠ ᠳᠤ ᠬᠤᠪᠢᠶᠠᠵᠤ ᠥᠭᠪᠡ᠃       1969 ᠣᠨ ᠳᠤ᠂ ᠠᠯᠠᠱᠠ ᠵᠡᠭᠦᠨ ᠬᠤᠰᠢᠭᠤ ᠨᠢ ᠠᠯᠠᠱᠠ ᠪᠠᠷᠠᠭᠤᠨ ᠬᠤᠰᠢᠭᠤᠨ ᠤ ᠬᠤᠶᠢᠲᠤ ᠬᠡᠰᠡᠭ ᠤᠨ 5 ᠰᠤᠮᠤ ᠲᠠᠢ ᠬᠠᠮᠲᠤ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠳᠠᠪᠠ᠃       1979 ᠣᠨ ᠤ 7 ᠳ᠋ᠤᠭᠠᠷ ᠰᠠᠷ᠎ᠠ ᠶᠢᠨ 1 ᠤ ᠡᠳᠦᠷ᠂ ᠠᠯᠠᠱᠠ ᠵᠡᠭᠦᠨ ᠬᠤᠰᠢᠭᠤ ᠶᠢ ᠥᠪᠥᠷ ᠮᠣᠩᠭᠤᠯ  ᠳᠤ ᠬᠤᠪᠢᠶᠠᠭᠳᠠᠨ ᠬᠠᠷᠢᠶᠠᠯᠠᠭᠳᠠᠪᠠ᠃       1979 ᠣᠨ ᠤ 12 ᠳ᠋ᠤᠭᠠᠷ ᠰᠠᠷ᠎ᠠ ᠶᠢᠨ 12 ᠤ ᠡᠳᠦᠷ᠂ ᠲᠥᠷᠥ ᠶᠢᠨ ᠵᠥᠪᠯᠡᠯ ᠤᠨ ᠵᠥᠪᠰᠢᠶᠡᠷᠡᠯ ᠢᠶᠠᠷ ᠥᠪᠥᠷ ᠮᠣᠩᠭᠤᠯ ᠤᠨ ᠶᠢᠨ ᠠᠯᠠᠱᠠ ᠠᠶᠢᠮᠠᠭ ᠪᠠᠶᠢᠭᠤᠯᠵᠤ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠶᠢᠨ ᠬᠤᠰᠢᠭᠤᠨ ᠳᠤ ᠬᠠᠷᠢᠶᠠᠯᠠᠭᠤᠯᠪᠠ᠃       1980 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ᠂ ᠠᠯᠠᠱᠠ ᠠᠶᠢᠮᠠᠭ ᠪᠠᠶᠢᠭᠤᠯᠤᠭᠳᠠᠵᠤ᠂ ᠠᠶᠢᠮᠠᠭ ᠤᠨ ᠵᠠᠬᠢᠷᠭ᠎ᠠ ᠨᠢ ᠪᠠᠶᠠᠨᠬᠤᠲᠠ ᠪᠣᠯᠣᠨ᠎ᠠ᠃       2018 ᠣᠨ ᠤ ᠰᠡᠭᠦᠯᠴᠢ ᠠᠴᠠ ᠣᠲᠣ ᠪᠤᠯᠲᠠᠯ᠎ᠠ᠂ ᠪᠠᠶᠢᠭᠤᠯᠤᠮᠵᠢ ᠳᠤ ᠬᠤᠪᠢᠷᠠᠯᠲᠠ ᠭᠠᠷᠤᠭᠰᠠᠨ ᠦᠭᠡᠢ            
 
ᠢᠷᠡᠯᠲᠡ᠄ 1949 ᠣᠨ ᠤ 9 ᠰᠠᠷ᠎ᠠ ᠶᠢᠨ 23 ᠤ ᠡᠳᠦᠷ᠂ ᠠᠯᠠᠱᠠ ᠬᠤᠰᠢᠭᠤ ᠨᠠᠶᠢᠷᠠᠮᠳᠠᠯ ᠢᠶᠠᠷ ᠴᠢᠯᠦᠭᠡᠯᠡᠭᠳᠡᠪᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号