︽ᠭᠤᠷᠪᠠᠨ  ᠰᠢᠨ᠎ᠡ  ᠰᠢᠪᠲᠤᠯᠤᠯᠲᠠ︾   ᠪᠠᠷ  ᠬᠥᠭᠵᠢᠯᠲᠡ  ᠶᠢᠨ ᠰᠢᠨ᠎ᠡ  ᠪᠠᠶᠢᠳᠠᠯ  ᠢ  ᠨᠡᠭᠡᠭᠡᠨ᠎ᠡ
ᠨᠡᠶᠢᠲᠡᠯᠡᠭᠰᠡᠨ ᠴᠠᠭ᠄
2025/4/30
           - ᠠᠶᠢᠮᠠᠭ ᠤᠨ                ᠨᠠᠮ ᠤᠨ               ᠬᠤᠷᠢᠶ᠎ᠠ ᠶᠢᠨ             ︵ᠥᠷᠭᠡᠳᠬᠡᠭᠰᠡᠨ︶               ᠬᠤᠷᠠᠯ ᠤᠨ               ᠵᠣᠷᠢᠭ               ᠰᠠᠨᠠᠭ᠎ᠠ ᠶᠢ               ᠰᠤᠷᠤᠯᠴᠠᠶ᠎ᠠ          ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠦᠭᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠡᠴᠦᠰ ᠤᠨ ᠵᠢᠯ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾  ᠢ ᠲᠥᠯᠥᠪᠵᠢᠭᠦᠯᠬᠦ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ︽ᠵᠢᠷᠭᠤᠭᠠᠨ ᠠᠵᠢᠯᠯᠠᠭ᠎ᠠ︾  ᠪᠠᠷ ᠭᠠᠷᠳᠠᠴᠠ ᠪᠤᠯᠭᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠨᠢᠭᠡ ᠭᠤᠣᠯ ᠱᠤᠭᠤᠮ ᠢ ᠲᠤᠭᠤᠰᠢᠯᠠᠭᠤᠯᠬᠤ ᠶᠢᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠢᠯᠠᠯᠲᠠ ᠣᠯᠬᠤ ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢ ᠵᠣᠷᠢᠭ ᠢᠶᠠᠨ ᠴᠢᠩᠭᠠᠷᠠᠭᠤᠯᠤᠨ᠂ ︽157︾ ᠰᠡᠳᠬᠢᠴᠡ ᠳᠤ ᠰᠢᠨ᠎ᠡ ᠰᠢᠪᠲᠤᠯᠤᠯᠲᠠ ᠲᠠᠢ ᠪᠤᠯᠬᠤ ᠶᠢ ᠲᠠᠰᠤᠷᠠᠯᠲᠠ ᠦᠭᠡᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠡᠭᠢᠯᠡᠯᠲᠡ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃          ︻ᠨᠢᠭᠡ︼ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ          ᠠᠵᠢᠯᠯᠠᠭ᠎ᠠ ᠪᠠᠷ ᠵᠢᠯᠣᠭᠤᠳᠤᠯᠭ᠎ᠠ ᠪᠣᠯᠭᠠᠨ᠂ ︽ᠨᠢᠭᠡ ᠵᠢᠱᠢᠶ᠎ᠡ ᠦᠵᠡᠭᠦᠯᠭᠦ ᠠᠶᠢᠮᠠᠭ︾  ᠢ          ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ                        ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠰᠠᠶᠢᠲᠤᠷ ᠪᠠᠶᠢᠭᠤᠯᠤᠨ᠎ᠠ᠃ ᠠᠯᠠᠱᠠ ᠶᠢᠨ ᠡᠯᠪᠡᠭ ᠪᠠᠶᠠᠯᠢᠭ ᠲᠡᠦᠬᠡ ᠰᠣᠶᠣᠯ ᠪᠠ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ᠂ ᠠᠭᠤᠳᠠᠮ ᠪᠠᠭᠲᠠᠭᠠᠮᠵᠢᠲᠠᠢ᠂ ᠦᠨᠳᠦᠰᠦᠲᠡᠨ ᠨᠦᠭᠦᠳ ᠡᠶ᠎ᠡ ᠨᠠᠶᠢᠷᠠᠮᠳᠠᠭᠤ᠂ ᠬᠢᠯᠢ ᠬᠢᠵᠠᠭᠠᠷ ᠲᠣᠭᠲᠠᠭᠤᠨ᠂ ᠶᠡᠭᠡ ᠲᠠᠯ᠎ᠠ ᠳᠤ ᠦᠢᠯᠡᠴᠢᠯᠡᠬᠦ ᠠᠯᠠᠱᠠ ᠶᠢᠨ ᠥᠯᠢᠭᠡᠷ ᠢ ᠶᠠᠷᠢᠵᠤ᠂ ᠠᠯᠠᠱᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠥᠷᠭᠡᠨ ᠢᠶᠠᠷ ᠤᠬᠠᠭᠤᠯᠤᠨ ᠳᠡᠯᠭᠡᠨ ᠦᠵᠡᠭᠦᠯᠤᠨ᠎ᠠ;ᠤᠮᠠᠷᠠᠲᠤ ᠬᠢᠯᠢ ᠶᠢᠨ ᠰᠣᠶᠣᠯ ᠢ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠲᠠᠢ ᠪᠦᠲᠦᠮᠵᠢᠲᠡᠶ ᠠᠭᠤᠰᠤᠯᠴᠠᠭᠤᠯᠬᠤ ᠶᠢ ᠠᠬᠢᠭᠤᠯᠤᠨ᠎ᠠ᠃          ᠭᠤᠣᠯ ᠱᠤᠭᠤᠮ ᠢ ᠲᠤᠭᠤᠰᠢᠯᠠᠭᠤᠯᠤᠨ᠎ᠠ᠃ ︽ᠠᠭᠤᠰᠤᠯᠴᠠᠬᠤ︾ ᠳᠦᠷᠢᠮ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠭᠦᠷᠭᠡ ᠴᠢᠳᠠᠪᠤᠷᠢ ᠬᠠᠷᠢᠭᠤᠴᠠᠯᠭ᠎ᠠ ᠶᠢ ᠭᠤᠣᠯ ᠱᠤᠭᠤᠮ ᠲᠡᠶᠢᠰᠢ ᠲᠥᠪᠯᠡᠷᠡᠭᠦᠯᠬᠦ᠂ ᠠᠵᠢᠯ ᠤᠨ ᠠᠷᠭ᠎ᠠ ᠬᠡᠮᠵᠢᠶ᠎ᠡ ᠪᠠᠨ ᠭᠤᠣᠯ ᠱᠤᠭᠤᠮ ᠲᠡᠶᠢᠰᠢ ᠬᠦᠴᠦᠯᠡᠬᠦ᠂ ᠠᠵᠢᠯᠲᠠᠨ ᠤ ᠬᠦᠴᠦᠨ ᠢ ᠭᠤᠣᠯ ᠱᠤᠭᠤᠮ ᠲᠡᠶᠢᠰᠢ ᠴᠢᠩᠭᠠᠳᠬᠠᠬᠤ ᠶᠢ ᠠᠳᠬᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠣᠯᠠᠨ ᠲᠦᠮᠡᠨᠴᠢ ᠴᠢᠨᠠᠷᠲᠠᠢ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠤᠨ ᠬᠥᠬᠢᠭᠦᠯᠬᠦ ᠶᠢ ᠦᠷᠭᠦᠯᠵᠢᠯᠡᠨ ᠰᠠᠶᠢᠲᠤᠷ ᠬᠢᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠬᠦ︾ ᠪᠠ ︽ᠳᠤᠯᠤᠭᠠᠠ ᠲᠠᠯ᠎ᠠ ᠪᠠᠷ ᠵᠢᠱᠢᠶᠡᠴᠢ ᠪᠤᠯᠬᠤ︾  ᠶᠢ ᠭᠦᠨᠵᠡᠭᠡᠢ ᠨᠠᠶᠢᠳᠠᠪᠤᠷᠢᠵᠢᠭᠤᠯᠤᠨ᠎ᠠ᠃          ᠪᠦᠯᠬᠦᠮᠳᠡᠨ ᠲᠡᠮᠡᠴᠡᠬᠦ ᠬᠦᠴᠦᠨ ᠢ ᠰᠠᠶᠢᠲᠤᠷ ᠨᠢᠭᠲᠠᠷᠠᠭᠤᠯᠤᠨ᠎ᠠ᠃ ︽ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠲᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ᠂ ᠪᠦᠭᠦ ᠠᠶᠢᠮᠠᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠬᠠᠷᠢᠯᠴᠠᠨ ᠬᠠᠪᠰᠤᠷᠤᠯᠴᠠᠭᠰᠠᠨ ᠨᠡᠶᠢᠲᠡᠯᠢᠭ ᠦᠢᠯᠡ ᠠᠵᠢᠯᠯᠠᠭ᠎ᠠ ᠶᠢ ᠰᠠᠶᠢᠲᠤᠷ ᠤᠬᠠᠭᠤᠯᠵᠤ᠂ ︽ᠮᠣᠩᠭᠤᠯ ᠮᠣᠷᠢᠨ︾ ᠤ  ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠠᠮᠢᠳᠤᠯᠢᠭ ᠦᠢᠯᠡᠳᠦᠯᠭᠡ ᠶᠢ ᠰᠠᠶᠢᠲᠤᠷ ᠢᠯᠡᠷᠡᠭᠦᠯᠦᠨ᠂ ᠺᠠᠳ᠋ᠷ ᠤᠯᠠᠨ ᠲᠦᠮᠡᠨ ᠤ ᠬᠠᠮᠲᠤ ᠶᠢᠨ ᠤᠬᠠᠮᠰᠠᠷ᠂ ᠡᠵᠡᠨ ᠬᠥᠮᠥᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ ᠪᠣᠯᠣᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ ᠪᠤᠢ ᠪᠣᠯᠭᠠᠨ᠎ᠠ᠃          ︻ᠬᠤᠶᠠᠷ︼ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠪᠠᠷ ᠭᠠᠷᠳᠠᠴᠠ ᠪᠣᠯᠭᠠᠨ           ︽ᠲᠠᠪᠤᠨ ᠶᠡᠭᠡ ᠰᠠᠭᠤᠷᠢᠨ ᠭᠠᠵᠠᠷ︾  ᠢ ᠪᠠᠶᠢᠭᠤᠯᠬᠤ ᠳᠤ ᠰᠢᠨ᠎ᠡ ᠰᠢᠪᠲᠤᠯᠤᠯᠲᠠ ᠭᠠᠷᠭᠠᠨ᠎ᠠ                    ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠢᠱᠢᠶ᠎ᠡ ᠦᠵᠡᠭᠦᠯᠭᠦ ᠰᠠᠭᠤᠷᠢᠨ ᠭᠠᠵᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠰᠢᠨ᠎ᠡ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠢᠭᠡᠳ ᠡᠯᠡᠰᠦᠨ ᠤ ᠠᠵᠤ ᠦᠢᠯᠡᠰ ᠢ ᠬᠥᠭᠵᠢᠭᠦᠯᠬᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠪᠠ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠪᠡᠷ ᠤᠨ ᠥᠷᠲᠡᠭ ᠢᠶᠠᠨ ᠲᠠᠰᠤᠷᠠᠯᠲᠠ ᠦᠭᠡᠢ ᠪᠠᠭᠤᠷᠠᠭᠤᠯᠤᠨ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠦᠷ᠎ᠡ ᠠᠰᠢᠭ ᠢᠶᠠᠨ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠵᠢᠯ ᠤᠨ ᠡᠭᠦᠷᠭᠡ ᠶᠢ ᠳᠠᠪᠠᠭᠤᠯᠤᠨ ᠪᠡᠶᠡᠯᠡᠭᠦᠯᠦᠨ᠎ᠡ᠃          ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ  ᠨᠢᠭᠡ ᠪᠦᠯᠦᠭ ᠡᠨᠧᠷᠭᠢ ᠬᠠᠳᠠᠭᠠᠯᠠᠬᠤ᠂ ᠰᠢᠩᠭᠡᠬᠡᠨ ᠠᠪᠬᠤ᠂ ᠲᠤᠨᠤᠭ ᠲᠥᠬᠦᠭᠡᠷᠦᠮᠵᠢ ᠦᠢᠯᠡᠳᠬᠦ᠂ ᠦᠢᠯᠡᠴᠢᠯᠡᠭᠡ ᠪᠠ ᠥᠨᠳᠥᠷ ᠳᠠᠭᠠᠭᠠᠴᠠ ᠲᠠᠢ᠂ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ ᠳᠦᠷᠦᠯ ᠵᠦᠢᠯ ᠢ ᠢᠳᠡᠪᠬᠢᠲᠡᠢ ᠥᠷᠨᠢᠭᠦᠯᠵᠦ᠂ ᠡᠨᠡ ᠵᠢᠯ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠳᠠᠭᠢᠨ ᠢᠶᠠᠷ ᠨᠡᠮᠡᠭᠳᠡᠭᠦᠯᠬᠦ ᠪᠠᠷ ᠴᠢᠷᠮᠠᠶᠢᠨ᠎ᠠ᠃          ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ  ᠬᠤᠵᠢᠷ ᠤᠨ ᠡᠬᠢ ᠪᠠᠶᠠᠯᠢᠭ ᠤᠨ ᠠᠭᠤᠷᠬᠠᠢ ᠶᠢ ᠬᠠᠶᠢᠬᠤ ᠪᠠ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠪᠦᠸᠧ ᠶᠤᠸᠠᠨ ᠪᠠᠶᠢᠭᠠᠯᠢ ᠶᠢᠨ ᠬᠤᠵᠢᠷ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠲᠦᠷᠭᠡᠳᠬᠡᠨ᠂ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠢ ᠤᠷᠢᠳᠴᠢᠯᠠᠨ ᠲᠥᠯᠥᠪᠯᠡᠵᠦ᠂ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠹᠯᠣᠷ ᠬᠢᠮᠢ ᠶᠢᠨ ᠠᠵᠤ ᠦᠢᠯᠡᠳᠪᠦᠷᠢ᠂ ᠮᠧᠲ᠋ᠢᠯ ᠠᠯᠺᠤᠤᠯ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ ᠪᠣᠶᠢᠵᠢᠭᠤᠯᠤᠨ᠂ ᠲᠦᠭᠦᠬᠡᠢ ᠮᠠᠲ᠋ᠧᠷᠢᠶᠠᠯ ᠢ ᠬᠠᠷᠢᠯᠴᠠᠨ ᠬᠡᠷᠡᠭᠯᠡᠬᠦ᠂ ᠬᠡᠯᠬᠢᠶᠡᠵᠢᠭᠦᠯᠬᠦ᠂ ᠠᠭᠤᠰᠤᠯᠴᠠᠭᠤᠯᠬᠤ ᠥᠨᠳᠥᠷ ᠨᠡᠮᠡᠯᠲᠡ ᠥᠷᠲᠡᠭ ᠪᠦᠬᠦᠢ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃          ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠭᠦ ᠰᠠᠭᠤᠷᠢᠨ ᠭᠠᠵᠠᠷ  ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠬᠡᠷᠡᠭᠵᠢᠭᠦᠯᠬᠦ ᠪᠠ ᠪᠣᠬᠢᠷᠳᠤᠯ ᠦᠭᠡᠢ᠂ ᠳᠤᠭᠠᠴᠢᠯᠠᠯᠳᠠ ᠪᠠᠷ ᠴᠢᠭᠯᠡᠯ ᠪᠤᠯᠭᠠᠵᠤ᠂ ᠰᠦ ᠶᠢᠨ ᠦᠢᠯᠡᠰ ᠤᠨ ᠲᠣᠮᠣ ᠠᠵᠤ ᠦᠢᠯᠡᠰ ᠢ ᠢᠳᠡᠪᠬᠢᠲᠡᠢ ᠳᠠᠳᠠᠠ ᠣᠷᠣᠭᠤᠯᠵᠤ᠂ ᠲᠡᠮᠡᠭᠡᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠲᠡᠵᠢᠭᠡᠨ ᠦᠷᠡᠵᠢᠭᠦᠯᠬᠦ ᠰᠢᠰᠲ᠋ᠧᠮ᠂ ᠡᠳ᠋ᠰᠢᠭᠦᠯᠬᠦ ᠰᠢᠰᠲ᠋ᠧᠮ ᠪᠠ ᠡᠵᠡᠩᠨᠡᠨ ᠪᠣᠷᠣᠯᠠᠭᠤᠯᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠢᠯ ᠲᠥᠷᠥᠯ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠠ᠃          ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠭᠦ ᠰᠠᠭᠤᠷᠢᠨ ᠭᠠᠵᠠᠷ  ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠᠷ ᠡᠯᠡᠰᠦᠨ ᠤ ᠠᠵᠤ ᠦᠢᠯᠡᠰ ᠢ ᠬᠥᠭᠵᠢᠭᠦᠯᠬᠦ ᠶᠢ ᠪᠠᠷᠢᠮᠲᠠᠯᠠᠵᠤ᠂ ᠴᠠᠭᠠᠨ ᠭᠤᠶᠣᠣ ᠶᠢᠨ ᠠᠵᠤ ᠦᠢᠯᠡᠰ ᠤᠨ ᠬᠡᠪᠴᠢᠶᠡᠵᠢᠭᠦᠯᠦᠨ ᠳᠠᠷᠢᠬᠤ᠂ ᠠᠵᠤ ᠦᠢᠯᠡᠰᠵᠢᠭᠦᠯᠦᠨ ᠨᠡᠭᠡᠭᠡᠨ ᠬᠥᠭᠵᠢᠭᠦᠯᠬᠦ᠂ ᠨᠠᠷᠠᠲᠤ ᠲᠡᠮᠳᠡᠭᠵᠢᠭᠦᠯᠦᠨ ᠡᠵᠡᠩᠨᠡᠨ ᠪᠣᠷᠣᠯᠠᠭᠤᠯᠬᠤ ᠵᠡᠷᠭᠡ ᠪᠦᠭᠦ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠪᠡᠶᠡᠯᠡᠭᠦᠯᠵᠦ᠂ ᠤᠯᠠᠭᠠᠨ ᠭᠤᠶᠣᠣ᠂ ᠰᠢᠬᠢᠷ ᠪᠤᠶᠠ ᠵᠡᠷᠭᠡ ᠠᠵᠤ ᠦᠢᠯᠡᠰ ᠢ ᠳᠠᠶᠢᠴᠢᠯᠠᠨ ᠨᠠᠩ ᠣᠯᠠᠨ ᠠᠵᠤ ᠠᠬᠤᠢ ᠶᠢᠨ ᠦᠷ᠎ᠡ ᠠᠰᠢᠭ ᠢ ᠪᠠᠳᠠᠷᠠᠭᠤᠯᠵᠤ᠂ ᠡᠨᠡ ᠵᠢᠯ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 25 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃          ︻ᠭᠤᠷᠪᠠ︼ ᠤᠰᠤ ᠠᠷᠪᠢᠯᠠᠬᠤ᠂ ᠠᠵᠢᠯ          ᠣᠯᠭᠤᠯᠲᠠ ᠶᠢ ᠠᠬᠢᠭᠤᠯᠬᠤ᠂ ᠠᠵᠤ ᠠᠬᠤᠶᠢᠯᠠᠯ ᠢ          ᠲᠤᠰᠠᠯᠠᠬᠤ ᠪᠠ ᠣᠷᠣᠨ ᠪᠦᠰᠡ ᠶᠢᠨ          ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ          ᠠᠵᠢᠯᠯᠠᠭ᠎ᠠ ᠶᠢ ᠨᠠᠶᠢᠳᠠᠪᠤᠷᠢᠵᠢᠭᠤᠯᠬᠤ ᠪᠠᠷ          ᠵᠢᠯᠣᠭᠤᠳᠤᠮᠵᠢ ᠪᠤᠯᠭᠠᠵᠤ᠂ ︽ᠲᠤᠯᠤᠭᠠᠨ ᠶᠡᠭᠡ          ᠢᠨᠵᠧᠨᠧᠷᠢᠩ︾ ᠳᠤ ᠰᠢᠨ᠎ᠡ ᠰᠢᠪᠲᠤᠯᠤᠯᠲᠠ ᠭᠠᠷᠭᠠᠨ᠎ᠠ              ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠠᠯ᠎ᠠ ᠪᠠᠷ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠦᠯᠦᠭᠯᠡᠯ᠂ ᠳᠤᠮᠳᠠᠳᠤ ᠤᠯᠤᠰ ᠤᠨ ᠤᠰᠤᠨ ᠤ ᠡᠷᠬᠡ ᠶᠢᠨ ᠠᠷᠠᠯᠵᠢᠶᠠᠨ ᠤ ᠭᠠᠵᠠᠷ ᠪᠣᠯᠣᠨ ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠬᠢ ᠪᠠᠶᠠᠯᠢᠭ ᠢᠶᠠᠷ ᠤᠰᠤ ᠰᠣᠯᠢᠬᠤ ᠵᠡᠷᠭᠡ ᠠᠷᠭ᠎ᠠ ᠶᠢ ᠢᠳᠡᠪᠬᠢᠲᠡᠢ ᠰᠦᠪᠡᠭᠴᠢᠯᠡᠨ᠂ ᠤᠰᠤᠨ ᠤ ᠡᠬᠢ ᠪᠠᠶᠠᠯᠢᠭ ᠤᠨ ᠨᠡᠮᠡᠭᠳᠡᠯ ᠢ ᠥᠷᠭᠡᠳᠬᠡᠨ᠎ᠡ᠃           ︽ᠤᠰᠤ ᠪᠠᠷ ᠳᠥᠷᠪᠡ ᠶᠢ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠬᠤ ᠦᠢᠯᠡᠰ ᠲᠤ ᠤᠰᠤ ᠠᠷᠪᠢᠯᠠᠬᠤ ᠤᠰᠤᠯᠠᠯᠲᠠ ᠶᠢ ᠰᠠᠶᠢᠲᠤᠷ ᠠᠳᠬᠤᠨ᠎ᠠ;ᠠᠵᠤ ᠦᠢᠯᠡᠳᠪᠦᠷᠢ ᠨᠢ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠲᠣᠭᠲᠠᠮᠠᠯ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ ᠭᠡᠷᠡᠭᠵᠢᠭᠦᠯᠦᠨ᠎ᠠ;ᠬᠤᠳᠠ ᠪᠠᠯᠭᠠᠰᠤᠨ ᠤ ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠤ᠂ ᠨᠢᠭᠡ ᠪᠦᠯᠦᠭ ᠤᠰᠤ ᠠᠷᠪᠢᠯᠠᠬᠤ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠵᠤ᠂ ᠣᠶᠤᠨᠲᠤ ᠤᠰᠤ ᠠᠷᠪᠢᠯᠠᠬᠤ ᠲᠠᠪᠴᠠᠩ ᠢ ᠪᠠᠶᠢᠭᠤᠯᠤᠨ᠎ᠠ;ᠪᠤᠷᠣᠭᠠᠨ ᠤ ᠤᠰᠤ ᠪᠠ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠰᠠᠶᠢᠲᠤᠷ ᠭᠡᠷᠡᠭᠯᠠᠨ᠎ᠠ;ᠤᠰᠤ ᠶᠢ ᠠᠷᠪᠢᠯᠠᠨ ᠬᠡᠷᠡᠭᠯᠡᠬᠦ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠤᠰᠤ ᠠᠷᠪᠢᠯᠠᠬᠤ ᠣᠶᠢᠯᠠᠭᠠᠭᠳᠠᠬᠤᠨ ᠢ ᠲᠦᠭ ᠲᠦᠮᠡᠨ ᠠᠶᠢᠯ ᠡᠷᠦᠭᠡ ᠳᠤ ᠣᠷᠣᠭᠤᠯᠤᠨ᠎ᠠ᠃          ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠤᠨ ᠲᠠᠯ᠎ᠠ ᠪᠠᠷ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠠᠭᠢᠭᠤᠯᠤᠨ᠎ᠠ;ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ᠂ ᠪᠦᠭᠦ ᠣᠷᠣᠨ ᠤ ᠡᠮᠦᠨ᠎ᠡ ᠡ᠊ᠩᠨᠡᠭᠡᠨ ᠳᠤ ᠣᠷᠣᠬᠤ ᠶᠢ ᠦᠨᠡᠨ ᠬᠦ ᠪᠠᠲᠤᠯᠠᠨ᠎ᠠ;ᠪᠦᠭᠦ ᠣᠷᠣᠨ ᠪᠦᠰᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠭᠦ ᠶᠠᠰᠤ ᠴᠢᠨᠠᠷ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠢ ᠬᠠᠮᠲᠤᠪᠠᠷ ᠭᠦᠷᠳᠡᠭᠦ ᠶᠢ ᠠᠭᠢᠭᠤᠯᠤᠨ᠎ᠠ;ᠲᠠᠪᠴᠠᠩ ᠤᠨ ᠭᠡᠯᠪᠡᠷᠢ ᠶᠢᠨ ᠡᠮᠨᠡᠯᠭᠡ ᠶᠢᠨ ᠬᠤᠷᠢᠶᠠᠨ ᠤ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠲᠤᠰᠬᠠᠢ ᠮᠡᠷᠭᠡᠵᠢᠯᠲᠡᠨ ᠤ ᠬᠥᠮᠥᠨ ᠢ ᠬᠥᠮᠥᠵᠢᠭᠦᠯᠬᠦ᠂ ᠡ᠊ᠩᠨᠡᠭᠡ ᠶᠢ ᠳᠠᠶᠢᠴᠢᠯᠠᠬᠤ᠂ ᠰᠢᠨᠵᠢᠯᠡᠭᠡᠨ ᠤ ᠰᠠᠯᠠᠭ᠎ᠠ ᠪᠠᠶᠢᠭᠤᠯᠬᠤ ᠲᠠᠯ᠎ᠠ ᠪᠠᠷ ᠬᠢ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠲᠦᠮᠡᠨ ᠤ ᠡᠷᠡᠭᠦᠯ ᠮᠡᠨᠳᠦ ᠪᠠ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ;︽ᠨᠠᠰᠤᠲᠠᠶᠢᠴᠤᠤᠯ ᠤᠨ ᠠᠵᠤ ᠠᠬᠤᠢ︾  ᠶᠢ ᠶᠡᠬᠡᠪᠡᠷ ᠬᠥᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ᠂ ᠨᠢᠭᠡ ᠪᠦᠯᠦᠭ ᠣᠨᠴᠠᠯᠢᠭᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ︽ᠠᠯᠠᠱᠠ ᠳᠤ ᠦᠳᠡᠯᠦᠭᠡ ᠨᠠᠰᠤᠠ ᠤ ᠵᠢᠷᠭᠠᠯ ᠢᠶᠠᠨ ᠡᠳ᠋ᠯᠡᠬᠦ︾ ᠨᠠᠰᠤᠵᠢᠯ ᠤᠨ ᠠᠰᠠᠷᠠᠮᠵᠢ ᠶᠢᠨ ᠨᠠᠷᠠᠲᠤ ᠲᠡᠮᠳᠡᠭ ᠢ ᠨᠡᠭᠡᠭᠡᠨ ᠬᠥᠭᠵᠢᠭᠦᠯᠦᠨ᠎ᠡ᠃          ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠷ ᠶᠡᠭᠡ ᠰᠠᠭᠤᠷᠢᠨ ᠭᠠᠵᠠᠷ ᠲᠠᠬᠢ ᠦᠢᠯᠡᠴᠢᠯᠡᠭᠡ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠴᠡᠷᠢᠭ ᠤᠨ ᠶᠠᠪᠤᠳᠠᠯ ᠤᠨ ᠠᠵᠢᠯᠯᠠᠭ᠎ᠠ ᠶᠢᠨ ᠪᠠᠲᠤᠯᠠᠭ᠎ᠠ᠂ ᠴᠡᠷᠢᠭ ᠬᠥᠮᠥᠨ ᠴᠡᠷᠢᠭ ᠤᠨ ᠭᠡᠷ ᠪᠦᠯᠢ ᠶᠢ ᠲᠥᠪᠬᠢᠨᠡᠭᠦᠯᠬᠦ ᠂ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ᠎ᠡ᠃          ᠨᠡᠭᠡᠭᠡᠯᠲᠡ ᠬᠢᠵᠦ ᠬᠠᠮᠲᠤᠷᠠᠯᠴᠠᠬᠤ ᠢᠨᠵᠧᠨᠧᠷᠢᠩ ᠤᠨ ᠲᠠᠯ᠎ᠠ ᠪᠠᠷ᠂ ᠴᠡᠭᠡ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠶᠤᠨᠴᠢ ᠪᠣᠭᠤᠮᠲᠠ ᠶᠢᠨ ᠪᠠᠶᠢᠭᠤᠯᠤᠯᠲᠠ ᠶᠢ ᠠᠬᠢᠭᠤᠯᠵᠤ᠂ ᠬᠥᠮᠥᠷᠭᠡ ᠳᠤ ᠬᠠᠳᠠᠭᠠᠯᠠᠬᠤ ᠪᠠᠷᠠᠭᠠᠨ ᠤ ᠭᠦᠢᠯᠭᠡᠭᠡ᠂ ᠲᠡᠮᠦᠷᠯᠢᠭ ᠮᠠᠲ᠋ᠧᠷᠢᠶᠠᠯ᠂ ᠢᠨᠵᠧᠨᠧᠷᠢᠩ ᠤᠨ ᠮᠠᠰᠢᠨᠴᠢᠯᠠᠯᠲᠠ᠂ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠵᠡᠷᠭᠡ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠴᠡᠭᠡ ᠪᠣᠭᠤᠮᠲᠠ ᠶᠢᠨ ᠪᠠᠷᠠᠭ᠎ᠠ ᠥᠩᠭᠡᠷᠡᠬᠦ ᠬᠡᠮᠵᠢᠶ᠎ᠡ ᠶᠢ 2600 ᠲᠦᠮᠡᠨ ᠲᠣᠨ ᠠᠴᠠ ᠳᠠᠪᠠᠭᠤᠯᠬᠤ ᠪᠠᠷ ᠴᠢᠷᠮᠠᠶᠢᠨ᠎ᠠ᠃ ᠳᠣᠲᠣᠭᠠᠳᠤ ᠳᠠᠭᠠᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠵᠢᠷᠭᠤᠭᠠᠨ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠳᠤ ᠢᠳᠡᠪᠬᠢᠲᠡᠢ ᠤᠷᠤᠯᠴᠠᠨ᠎ᠠ;ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠵᠢᠯᠴᠠᠭ᠎ᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠪᠦᠬᠦᠯᠢ ᠴᠣᠭᠴᠠ ᠶᠢᠨ ᠬᠥᠭᠵᠢᠯᠲᠡ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ;ᠾᠧ ᠰᠢ ᠬᠤᠩᠭᠢᠯ ᠪᠣᠯᠣᠨ ᠨᠢᠩᠰᠢᠶᠠ ᠶᠢᠨ ᠡᠯ᠎ᠡ ᠭᠠᠵᠠᠷ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠴᠢᠩᠭᠠᠳᠬᠠᠵᠤ᠂ ᠰᠣᠶᠣᠯ ᠵᠤᠭᠠᠴᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠠᠶᠠᠨᠴᠢᠳ ᠤᠨ ᠢᠷᠡᠯᠲᠡ ᠶᠢ ᠬᠠᠷᠢᠯᠴᠠᠨ ᠬᠦᠷᠭᠡᠬᠦ ᠶᠢ ᠠᠭᠢᠭᠤᠯᠤᠨ᠎ᠠ;ᠰᠢᠨ᠎ᠡ ᠡᠨᠧᠷᠭᠢ ᠶᠢ ᠬᠠᠮᠲᠤ ᠪᠠᠷ ᠨᠡᠭᠡᠭᠡᠨ ᠬᠥᠭᠵᠢᠭᠦᠯᠬᠦ᠂ ᠠᠵᠤ ᠦᠢᠯᠡᠰ ᠤᠨ ᠰᠢᠯᠵᠢᠯᠲᠡ ᠶᠢ  ᠭᠥᠯᠢᠶᠡᠨ ᠠᠪᠬᠤ᠂ ᠪᠣᠬᠢᠷᠳᠤᠯ ᠦᠭᠡᠢ ᠴᠠᠭᠢᠯᠭᠠᠨ ᠤ ᠪᠠᠭᠲᠠᠭᠠᠨ ᠰᠢᠩᠭᠡᠭᠡᠬᠦ ᠶᠢ ᠠᠬᠢᠭᠤᠯᠤᠨ᠎ᠠ᠃ ᠲᠣᠮᠣ ᠭᠡᠯᠪᠡᠷᠢ ᠶᠢᠨ ᠠᠭᠤᠷᠬᠠᠢ ᠶᠢᠨ ᠭᠠᠷᠤᠯᠲᠠ ᠶᠢᠨ ᠠᠵᠤ ᠠᠬᠤᠶᠢᠯᠠᠯ ᠪᠣᠯᠣᠨ ᠠᠭᠤᠷᠬᠠᠢ ᠬᠠᠶᠢᠬᠤ ᠪᠠᠶᠢᠭᠤᠯᠤᠮᠵᠢ ᠯᠤᠭ᠎ᠠ ᠬᠠᠮᠲᠤᠷᠠᠨ ᠠᠵᠢᠯᠯᠠᠬᠤ ᠶᠢ ᠴᠢᠩᠭᠠᠳᠬᠠᠨ᠂ ᠠᠭᠤᠷᠬᠠᠢ ᠶᠢᠨ ᠣᠷᠣᠨ ᠤ ᠡᠬᠢ ᠪᠠᠶᠠᠯᠢᠭ ᠢᠶᠠᠨ ᠲᠦᠷᠭᠡᠳᠬᠡᠨ ᠠᠮᠢᠯᠠᠭᠤᠯᠤᠨ᠎ᠠ᠃          ᠬᠦᠷᠢᠶᠡᠯᠡᠩ ᠲᠣᠭᠤᠷᠢᠭ ᠪᠣᠯᠣᠨ ᠠᠵᠤ ᠦᠢᠯᠡᠰ ᠢ ᠳᠡᠰ ᠳᠡᠪᠰᠢᠭᠦᠯᠬᠦ ᠢᠨᠵᠧᠨᠧᠷᠢᠩ ᠤᠨ ᠲᠠᠯ᠎ᠠ ᠪᠠᠷ᠂ ᠬᠦᠴᠦᠨ ᠢᠶᠠᠨ ᠲᠥᠪᠯᠡᠷᠡᠭᠦᠯᠦᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠵᠦᠷᠢᠶᠡᠴᠢᠯᠡᠭᠰᠡᠨ ᠬᠥᠭᠵᠢᠯᠲᠡ ᠶᠢ ᠠᠬᠢᠭᠤᠯᠤᠨ᠎ᠠ᠃ ᠠᠯᠠᠱᠠ ᠵᠡᠭᠦᠨ ᠬᠤᠰᠢᠭᠤ ᠪᠠᠶᠠᠨᠬᠤᠲᠠ ᠶᠢᠨ ᠴᠡᠪᠡᠷ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠣᠯᠠᠨᠪᠤᠯᠠᠭ ᠲᠣᠭᠤᠷᠢᠭ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠴᠢᠳᠠᠮᠵᠢ ᠶᠢ ᠢᠵᠢ ᠪᠦᠷᠢᠳᠦᠭᠦᠯᠬᠦ ᠶᠢ ᠲᠦᠷᠭᠡᠳᠬᠡᠨ᠂ ᠥᠯᠵᠡᠢ ᠪᠣᠭᠤᠮᠲᠠ ᠶᠢ ᠵᠢᠯ ᠤᠨ ᠳᠣᠲᠣᠷ᠎ᠠ ᠪᠠᠶᠢᠩᠭᠤ ᠨᠡᠭᠡᠭᠡᠯᠲᠡ ᠬᠢᠬᠦ ᠪᠣᠭᠤᠮᠲᠠ ᠪᠤᠯᠭᠠᠬᠤ ᠪᠠᠷ ᠴᠢᠷᠮᠠᠶᠢᠨ᠎ᠠ᠃ ᠠᠯᠠᠱᠠ ᠪᠠᠷᠠᠭᠤᠨ ᠬᠤᠰᠢᠭᠤ ᠳᠠᠩᠰᠤᠬᠪᠤᠯᠠᠭ ᠤᠨ ᠬᠢᠯᠢ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠤᠨ᠎ᠠ᠃ ᠡᠵᠡᠨ᠎ᠡ ᠬᠤᠰᠢᠭᠤ ᠪᠣᠯᠣᠨ ᠴᠡᠭᠡ ᠪᠣᠭᠤᠮᠲᠠ ᠨᠢ ᠨᠡᠭᠦᠷᠡᠰᠦ ᠨᠥᠭᠡᠴᠡᠯᠡᠵᠦ ᠠᠷᠠᠯᠵᠢᠶᠠᠯᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠂ ᠪᠣᠭᠤᠮᠲᠠ ᠶᠢᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠪᠠ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠳᠡᠭᠡᠳᠦ ᠳᠡᠰ ᠤᠨ ᠴᠢᠨᠠᠷ ᠰᠠᠶᠢᠲᠠᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠴᠢᠷᠮᠠᠶᠢᠨ ᠪᠠᠶᠢᠭᠤᠯᠤᠨ᠎ᠠ᠃ ᠬᠤᠶᠠᠷᠬᠤᠳᠳᠤᠭ ᠤᠨ ᠬᠥᠳᠡᠭᠡ ᠪᠣᠬᠢᠷᠳᠤᠯ ᠦᠭᠡᠢ ᠣᠷᠭᠠᠨᠢᠭ ᠤᠰᠤ ᠠᠷᠪᠢᠯᠠᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃          ᠠᠵᠤ ᠦᠢᠯᠡᠰ ᠢ ᠬᠦᠴᠦᠷᠬᠡᠭᠵᠢᠭᠦᠯᠦᠨ᠎ᠡ᠃ ᠪᠦᠭᠦ ᠠᠶᠢᠮᠠᠭ ᠤᠨ ᠣᠲᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠪᠣᠭᠤᠮᠲᠠ ᠶᠢᠨ ᠠᠵᠤ ᠠᠬᠤᠢ ᠵᠡᠷᠭᠡ 10 ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠲᠠᠰ ᠳᠡᠪᠰᠢᠬᠦ᠂ ᠪᠣᠬᠢᠷᠳᠤᠯ ᠦᠭᠡᠢ ᠭᠡᠯᠪᠡᠷᠢ ᠪᠠᠨ ᠬᠤᠪᠢᠷᠠᠭᠤᠯᠬᠤ ᠵᠡᠷᠭᠡ ᠬᠦᠷᠢᠶᠡᠨ ᠳᠠᠬᠢ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠬᠦ ᠪᠠ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠠ ᠲᠣᠭᠢᠶᠠᠯ ᠢ ᠰᠠᠶᠢᠲᠤᠷ ᠬᠡᠷᠡᠭᠯᠡᠵᠦ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃          ᠠᠵᠠ ᠲᠣᠭᠢᠶᠠᠯ ᠢ ᠠᠮᠵᠢᠨ ᠬᠥᠳᠡᠯᠭᠡᠬᠦ ᠬᠦᠴᠦᠨ ᠢ ᠬᠥᠮᠥᠵᠢᠭᠦᠯᠦᠨ᠎ᠡ᠃ ᠳᠣᠣᠷ᠎ᠠ ᠤᠬᠳᠠᠷᠠᠭᠤᠢ ᠶᠢᠨ ᠠᠵᠤ ᠠᠬᠤᠢ ᠶᠢ ᠬᠥᠭᠵᠢᠭᠦᠯᠵᠦ᠂ ᠨᠢᠭᠡ ᠪᠦᠯᠦᠭ ᠠᠵᠤ ᠦᠢᠯᠡᠰ ᠤᠨ ᠲᠥᠷᠥᠯ ᠵᠦᠢᠯ ᠢ ᠰᠦᠪᠡᠭᠴᠢᠯᠡᠨ ᠨᠠᠶᠢᠳᠠᠪᠤᠷᠢᠵᠢᠭᠤᠯᠵᠤ᠂ ᠳᠣᠣᠷ᠎ᠠ ᠤᠬᠳᠠᠷᠠᠭᠤᠢ ᠶᠢᠨ ᠨᠢᠰᠦᠭᠦᠷ ᠤᠨ ᠲᠤᠷᠰᠢᠨ ᠨᠢᠰᠬᠦ ᠰᠣᠷᠢᠯᠲᠠ ᠶᠢᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠳᠣᠣᠷ᠎ᠠ ᠣᠭᠲᠠᠷᠭᠤᠢ ᠶᠢᠨ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠭᠠᠬᠤ᠂ ᠣᠷᠴᠢᠨ ᠠᠬᠤᠢ ᠶᠢᠨ ᠬᠠᠮᠠᠭᠠᠯᠠᠯᠲᠠ᠂ ᠬᠢᠯᠢ ᠬᠢᠵᠠᠭᠠᠷ ᠣᠷᠣᠨ ᠢ ᠲᠣᠭᠤᠷᠢᠨ ᠦᠵᠡᠬᠦ ᠵᠡᠷᠭᠡ ᠬᠡᠷᠡᠭᠯᠡᠭᠡᠨ ᠤ ᠪᠠᠶᠢᠳᠠᠯ ᠢ ᠰᠦᠪᠡᠭᠴᠢᠯᠡᠨ ᠬᠥᠭᠵᠢᠭᠦᠯᠵᠦ᠂ ᠤᠯᠤᠰ ᠤᠨ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ ᠪᠣᠯᠣᠨ ᠳᠣᠣᠷ᠎ᠠ ᠤᠬᠳᠠᠷᠠᠭᠤᠢ ᠶᠢᠨ ᠠᠵᠤ ᠠᠬᠤᠢ ᠶᠢᠨ ᠲᠤᠷᠰᠢᠯᠲᠠ ᠶᠢᠨ ᠣᠷᠣᠨ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠰᠢᠨ᠎ᠡ ᠠᠵᠤ ᠦᠢᠯᠡᠰ ᠢ ᠪᠣᠶᠢᠵᠢᠭᠤᠯᠵᠤ᠂ ᠰᠢᠨ᠎ᠡ ᠵᠠᠮ ᠢ ᠨᠡᠭᠡᠭᠡᠬᠦ ᠪᠠᠷ ᠴᠢᠷᠮᠠᠶᠢᠨ᠎ᠠ᠃          ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠢᠨ᠎ᠡ ᠡᠨᠧᠷᠭᠢ᠂ ᠬᠢᠯᠢ ᠪᠠᠨ ᠰᠠᠬᠢᠨ ᠬᠠᠮᠠᠭᠠᠯᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠠᠯ᠎ᠠ ᠪᠠᠷ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ ᠵᠦᠢᠯ ᠢ ᠬᠢᠯᠢ ᠳᠠᠭᠠᠤ᠂ ᠵᠠᠭᠠᠭ ᠳᠠᠭᠠᠤ᠂ ᠵᠠᠮ ᠳᠠᠭᠠᠤ ᠪᠠᠶᠢᠷᠢᠯᠠᠭᠤᠯᠵᠤ᠂ ᠭᠠᠨᠰᠤ᠂ ᠨᠢᠩᠰᠢᠶᠠ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠡᠯᠡᠰᠦᠨ ᠤ ᠭᠦᠪᠡᠭᠡ ᠵᠠᠬ᠎ᠠ ᠪᠠ ᠳᠣᠲᠣᠷ᠎ᠠ ᠭᠠᠵᠠᠷ᠂ ᠰᠠᠯᠬᠢᠨ ᠤ ᠡᠭᠦᠳᠡ ᠪᠠ ᠰᠠᠯᠬᠢᠨ ᠤ ᠳᠣᠣᠷ᠎ᠠ ᠭᠠᠵᠠᠷ᠂ ᠡᠯᠡᠰᠦᠨ ᠤ ᠡᠬᠢ ᠡᠭᠦᠰᠦᠯ ᠣᠷᠣᠨ ᠪᠠ ᠰᠠᠯᠬᠢ ᠥᠩᠭᠡᠷᠡᠬᠦ ᠣᠷᠣᠨ ᠢ ᠰᠢᠰᠲ᠋ᠧᠮ ᠲᠠᠢ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠠᠲᠤᠨ ᠭᠤᠣᠯ ᠤᠨ ᠡᠷᠭᠢ ᠳᠠᠭᠠᠤ ᠶᠢᠨ ᠡᠯᠡᠰᠦ ᠶᠢ ᠰᠡᠷᠭᠡᠶᠢᠯᠡᠬᠦ ᠤᠢ ᠰᠢᠭᠤᠢ ᠶᠢᠨ ᠪᠦᠰᠡ ᠶᠢ ᠪᠦᠭᠦ ᠱᠤᠭᠤᠮ ᠢᠶᠠᠷ ᠨᠡᠪᠲᠡᠷᠡᠭᠦᠯᠬᠦ ᠶᠢ ᠠᠬᠢᠭᠤᠯᠵᠤ᠂ ᠭᠤᠷᠪᠠᠨ ᠶᠡᠭᠡ ᠡᠯᠡᠰᠦ ᠮᠠᠩᠬ᠎ᠠ ᠶᠢᠨ ᠬᠠᠮᠠᠭᠠᠯᠠᠯᠲᠠ ᠶᠢᠨ ᠤᠢ ᠶᠢ ︽ᠭᠠᠷ ᠬᠤᠯᠪᠣᠯᠴᠠᠭᠤᠯᠬᠤ︾  ᠶᠢ ᠪᠡᠶᠡᠯᠡᠭᠦᠯᠵᠦ᠂ ᠭᠤᠣᠯᠳᠠᠯᠭ᠎ᠠ ᠲᠠᠢ ᠡᠯᠡᠰᠦᠨ ᠤ ᠡᠬᠢ ᠶᠢ ᠵᠠᠰᠠᠬᠤ ᠲᠠᠯ᠎ᠠ ᠪᠠᠷ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠣᠨ᠎ᠠ᠃          ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ ᠨᠢᠭᠲᠠ ᠤᠶᠠᠯᠳᠤᠭᠤᠯᠵᠤ᠂ ᠣᠶ ᠶᠢᠨ ᠳᠣᠲᠣᠷᠠᠬᠢ ᠠᠵᠤ ᠠᠬᠤᠢ᠂ ᠡᠯᠡᠰᠦ ᠡᠪᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠣᠬᠢᠷᠳᠤᠯ ᠦᠭᠡᠢ ᠪᠠ ᠪᠠᠶᠠᠵᠢᠬᠤ ᠬᠤᠣᠰ ᠠᠮᠵᠢᠯᠲᠠ ᠣᠯᠬᠤ ᠶᠢ ᠪᠡᠶᠡᠯᠡᠭᠦᠯᠦᠨ᠎ᠠ;ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠣᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠲᠤ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃          ᠵᠣᠬᠢᠶᠠᠨ ᠪᠠᠶᠢᠭᠤᠯᠤᠨ ᠳᠠᠶᠢᠴᠢᠯᠠᠬᠤ ᠲᠣᠭᠲᠠᠴᠠ ᠶᠢᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠲᠣᠰ ᠭᠠᠵᠠᠷ ᠤᠨ ᠠᠵᠤ ᠠᠬᠤᠶᠢᠯᠠᠯ᠂ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠪᠠ ᠮᠠᠯᠴᠢᠨ ᠲᠠᠷᠢᠶᠠᠴᠢᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠤᠯᠴᠠᠬᠤ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠬᠡᠷᠡᠭᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠤᠢ ᠪᠤᠯᠭᠠᠬᠤ ᠪᠥᠭᠡᠳ ᠠᠵᠤ ᠠᠬᠤᠶᠢᠯᠠᠯ ᠤᠨ ᠣᠷᠣᠯᠭ᠎ᠠ ᠡᠭᠦᠳᠬᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃           ᠰᠠᠭᠤᠷᠢ ᠲᠥᠬᠦᠭᠡᠷᠦᠮᠵᠢ ᠶᠢ ᠳᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠤᠨ ᠲᠠᠯ᠎ᠠ ᠪᠠᠷ᠂ᠭᠠᠳᠠᠭᠰᠢ ᠭᠠᠷᠬᠤ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠯᠢᠨ ᠾᠧ ᠠᠴᠠ ᠬᠠᠮᠢ ᠬᠦᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠬᠦ᠂ ᠢᠷᠭᠠᠢ ᠠᠴᠠ ᠪᠠᠶᠠᠨᠬᠤᠲᠠ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠢ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ ᠴᠢᠬᠤᠯᠠ ᠶᠡᠭᠡ ᠲᠥᠷᠥᠯ ᠵᠦᠢᠯ ᠢ ᠲᠦᠷᠭᠡᠳᠬᠡᠵᠦ᠂ ᠬᠤᠰᠢᠭᠤ ᠣᠷᠣᠨ ᠤ ᠨᠢᠰᠬᠡᠯ ᠤᠨ ᠪᠠᠭᠤᠳᠠᠯ ᠪᠣᠯᠣᠨ ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠣᠯᠬᠤ ᠪᠠᠷ ᠢᠳᠡᠪᠬᠢᠲᠡᠢ ᠴᠢᠷᠮᠠᠶᠢᠵᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠠ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠵᠡᠭᠦᠯᠦᠨ᠎ᠡ᠃          ᠬᠤᠲᠠ ᠬᠥᠳᠡᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠶᠢ ᠠᠷᠠᠳ ᠲᠤ ᠪᠣᠳᠠᠲᠠᠢ ᠠᠵᠢᠯ ᠬᠢᠬᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠯᠤᠭ᠎ᠠ ᠤᠶᠠᠯᠳᠤᠭᠤᠯᠵᠤ ᠨᠢᠭᠡᠳᠦᠯᠲᠡᠢ ᠲᠥᠯᠥᠪᠵᠢᠭᠦᠯᠦᠨ᠂ ᠨᠢᠭᠡ ᠪᠦᠯᠦᠭ ︽ᠮᠤᠬᠤᠷ ᠵᠠᠮ︾  ᠢ ᠨᠠᠪᠲᠠᠷᠡᠭᠦᠯᠵᠦ᠂ ᠨᠢᠭᠡ ᠪᠦᠯᠦᠭ ᠲᠡᠷᠭᠡᠨ ᠵᠣᠭᠰᠣᠭᠠᠯ ᠢ ᠪᠠᠶᠢᠭᠤᠯᠤᠨ᠂ ᠨᠢᠭᠡ ᠪᠦᠯᠦᠭ ᠴᠠᠭᠢᠯᠭᠠᠨ ᠴᠡᠨᠡᠭᠯᠡᠬᠦ ᠪᠠᠭᠠᠨ᠎ᠠ ᠶᠢ ᠤᠭᠰᠠᠷᠠᠵᠤ᠂ ᠬᠤᠲᠠ ᠪᠠᠯᠭᠠᠰᠤᠨ ᠤ ᠬᠠᠭᠤᠷᠠᠢ ᠵᠣᠷᠯᠣᠩ ᠢ ᠪᠦᠭᠦ ᠲᠠᠯ᠎ᠠ ᠪᠠᠷ ᠤᠰᠠᠳᠬᠠᠵᠤ᠂ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠥᠭᠡᠷᠡᠴᠢᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠵᠠᠰᠠᠨ᠎ᠠ᠃          ᠠᠮᠤᠷ ᠲᠦᠪᠰᠢᠨ ᠤ ᠬᠥᠪᠴᠢ ᠶᠢ ᠢᠮᠠᠭᠲᠠ ᠴᠢᠩᠭᠠᠷᠠᠭᠤᠯᠤᠨ᠎ᠠ᠃ ᠶᠡᠭᠡ ᠭᠠᠮᠰᠢᠭ ᠢ ᠰᠡᠷᠭᠡᠶᠢᠯᠡᠬᠦ᠂ ᠶᠡᠭᠡ ᠠᠶᠤᠯ ᠢ ᠰᠡᠷᠭᠡᠶᠢᠯᠡᠬᠦ᠂ ᠶᠡᠭᠡ ᠬᠥᠨᠥᠭᠡᠯ ᠢ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡ ᠪᠦᠯᠦᠭ ᠲᠦᠷᠦᠯ ᠵᠦᠢᠯ ᠢ ᠰᠢᠰᠲ᠋ᠧᠮ ᠲᠠᠢ ᠲᠥᠯᠥᠪᠵᠢᠭᠦᠯᠵᠦ᠂ ᠥᠷᠢ ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠢᠶᠠᠷ ᠥᠷᠨᠢᠭᠦᠯᠦᠨ᠂ ᠠᠶᠤᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠎ᠡ᠃          ᠴᠢᠳᠠᠪᠤᠷᠢᠲᠠᠨ ᠤ ᠰᠢᠨᠵᠢᠯᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠢᠨᠵᠧᠨᠧᠷᠢᠩ ᠤᠨ ᠲᠠᠯ᠎ᠠ ᠪᠠᠷ᠂ ᠴᠢᠳᠠᠪᠤᠷᠢᠲᠠᠨ ᠤ ᠠᠵᠢᠯ ᠤᠨ ᠲᠣᠭᠲᠠᠴᠠ ᠪᠠ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠷᠠᠲᠤ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠪᠠ ᠤᠬᠠᠭᠤᠯᠤᠨ ᠲᠠᠨᠢᠯᠴᠠᠭᠤᠯᠬᠤ ᠤᠳᠠᠭ᠎ᠠ ᠪᠠᠨ ᠨᠡᠮᠡᠭᠳᠡᠭᠦᠯᠵᠦ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠠᠯᠠᠱᠠ ᠳᠤ ᠢᠷᠡᠭᠦᠯᠦᠨ᠎ᠡ᠃          ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠢᠯ ᠲᠦᠷᠦᠯ ᠤᠨ ᠳᠠᠭᠠᠭᠤᠯᠤᠭᠴᠢ᠂ ᠨᠡᠷᠡᠳᠦ ᠲᠤᠰᠬᠠᠢ ᠮᠡᠷᠭᠡᠵᠢᠯᠲᠡᠨ ᠵᠢᠴᠢ ᠪᠦᠯᠭᠦᠮ ᠨᠡᠶᠢᠲᠡ ᠵᠡᠷᠭᠡ ᠶᠢᠨ ᠬᠠᠮᠲᠤᠷᠠᠯᠴᠠᠭ᠎ᠠ ᠶᠢ ᠳᠡᠮᠵᠢᠵᠦ᠂ ᠳᠤᠯᠤᠭᠠᠶᠢᠯᠬᠴᠢ ᠠᠵᠤ ᠠᠬᠤᠶᠢᠯᠠᠯ ᠢᠶᠠᠷ ᠲᠦᠷᠦᠭᠦᠯᠡᠭᠦᠯᠦᠭᠰᠡᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠲᠦᠷᠭᠡᠳᠬᠡᠨ ᠪᠠᠶᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠠᠵᠢᠯ ᠢ ᠶᠡᠬᠡᠪᠡᠷ ᠥᠷᠨᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠱᠠᠲᠤ ᠱᠠᠲᠤ ᠪᠠᠷ ᠬᠥᠮᠥᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠵᠡᠷᠭᠡ ᠳᠤ ᠲᠡᠳᠬᠦᠮᠵᠢ ᠦᠵᠡᠭᠦᠯᠵᠦ᠂ ᠠᠵᠤ ᠦᠢᠯᠡᠰ ᠤᠨ ᠪᠦᠬᠦᠯᠢ ᠴᠣᠭᠴᠠ ᠶᠢᠨ ᠬᠡᠪ ᠴᠢᠨᠠᠷ ᠪᠣᠯᠣᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠠ᠃    
 
ᠢᠷᠡᠯᠲᠡ᠄ ᠠᠯᠠᠱᠠ ᠶᠢᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号