| | - ᠠᠶᠢᠮᠠᠭ ᠤᠨ | ᠨᠠᠮ ᠤᠨ | ᠬᠤᠷᠢᠶ᠎ᠠ ᠶᠢᠨ | ︵ᠥᠷᠭᠡᠳᠬᠡᠭᠰᠡᠨ︶ | ᠬᠤᠷᠠᠯ ᠤᠨ | ᠵᠣᠷᠢᠭ | ᠰᠠᠨᠠᠭ᠎ᠠ ᠶᠢ | ᠰᠤᠷᠤᠯᠴᠠᠶ᠎ᠠ | ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠦᠭᠦ ᠠᠶᠢᠮᠠᠭ ᠤᠨ ᠠᠵᠤ | ᠠᠬᠤᠢ ᠶᠢᠨ ᠠᠵᠢᠯ ᠤᠨ ᠬᠤᠷᠠᠯ ᠠᠴᠠ᠂ ᠪᠦᠭᠦ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ | ᠪᠡᠶᠡᠯᠡᠭᠦᠯᠬᠦ ᠶᠢᠨ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠪᠠ ᠪᠣᠳᠠᠲᠠᠢ ᠠᠵᠢᠯᠯᠠᠬᠤ ᠳᠤ ᠪᠤᠶ᠃ ᠪᠦᠭᠦ ᠠᠶᠢᠮᠠᠭ ᠤᠨ | ᠡᠯ᠎ᠡ ᠱᠠᠲᠤᠨ ᠤ ᠬᠢᠨ ᠡᠨᠡ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠶᠡᠷᠦᠩᠬᠡᠢ ᠱᠠᠭᠠᠷᠳᠠᠯᠭ᠎ᠠ ᠪᠠ ᠭᠤᠣᠯ | ᠵᠢᠱᠢᠭᠰᠡᠨ ᠬᠠᠷᠠᠯᠲᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠵᠢᠷᠭᠤᠭᠠᠨ ᠠᠵᠢᠯᠯᠠᠭ᠎ᠠ︾ ᠪᠠᠷ | ᠭᠠᠷᠳᠠᠴᠠ ᠪᠣᠯᠭᠠᠨ᠂ ︽157︾ ᠰᠡᠳᠬᠢᠴᠡ ᠶᠢ ᠭᠦᠨᠵᠡᠭᠡᠢ ᠠᠬᠢᠭᠤᠯᠵᠤ᠂ ᠨᠠᠢᠮᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠦᠷ᠎ᠡ | ᠪᠦᠲᠦᠮᠵᠢ ᠪᠠᠷ ᠪᠦᠭᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠳᠠᠭᠢᠨ ᠰᠢᠨ᠎ᠡ | ᠳᠡᠭᠲᠡᠷ ᠲᠤ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | 1. ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠬᠤ ᠶᠢᠨ ᠲᠣᠭᠤᠷᠢᠨ ᠳᠤ᠂ ᠴᠢᠬᠤᠯᠠ ᠶᠡᠭᠡ | ᠲᠥᠷᠥᠯ ᠵᠦᠢᠯ ᠢ ᠲᠥᠯᠥᠪᠵᠢᠭᠦᠯᠬᠦ ᠪᠠ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠪᠦᠭᠦ ᠲᠠᠯ᠎ᠠ ᠪᠠᠷ | ᠠᠬᠢᠭᠤᠯᠤᠨ᠂ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡ ᠶᠢ ᠬᠥᠭᠵᠢᠭᠡᠵᠦ᠂ ᠪᠦᠭᠦ ᠠᠶᠢᠮᠠᠭ ᠤᠨ ᠠᠵᠤ | ᠠᠬᠤᠢ ᠶᠢᠨ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ︾ ᠶᠢ ᠠᠬᠢᠭᠤᠯᠤᠨ᠎ᠠ | ᠥᠨᠳᠥᠷ ᠦᠷ᠎ᠡ ᠠᠰᠢᠭ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠠᠳᠬᠤᠨ᠎ᠠ | 141 ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠪᠦᠭᠦ ᠵᠢᠯ ᠳᠤ ᠪᠡᠯᠡ ᠣᠷᠣᠭᠤᠯᠤᠯᠲᠠ ᠶᠢᠨ ᠨᠡᠮᠡᠭᠳᠡᠯ ᠢ 11% ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ; | ᠨᠢᠭᠡ ᠪᠦᠯᠦᠭ ᠬᠥᠲᠥᠯᠥᠨ ᠳᠠᠭᠠᠭᠤᠯᠬᠤ ᠴᠢᠨᠠᠷᠲᠠᠢ ᠴᠢᠬᠤᠯᠠ ᠶᠡᠭᠡ ᠲᠥᠷᠥᠯ ᠵᠦᠢᠯ ᠢ ᠤᠯᠤᠰ ᠪᠠ ᠥᠪᠡᠷᠲᠡᠭᠡᠨ | ᠵᠠᠰᠠᠬᠤ ᠣᠷᠣᠨ ᠤ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ;ᠨᠠᠷᠢᠯᠢᠭ ᠣᠨᠣᠴᠠᠲᠠᠢ ᠪᠠᠷ | ᠠᠷᠠᠯᠵᠢᠶᠠᠴᠢᠨ ᠤᠷᠢᠬᠤ ᠶᠢ ᠦᠷᠭᠦᠯᠵᠢᠯᠡᠨ ᠴᠢᠩᠭᠠᠳᠬᠠᠵᠤ᠂ ᠪᠣᠳᠠᠲᠠᠢ ᠪᠡᠯᠡ ᠤᠷᠤᠭᠤᠯᠤᠯᠳᠠ ᠶᠢ 260 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠪᠠᠲᠤᠯᠠᠭ᠎ᠠ᠂ ᠦᠢᠯᠡᠴᠢᠯᠡᠭᠡ᠂ | ᠲᠣᠬᠢᠷᠠᠭᠤᠯᠤᠯᠲᠠ ᠶᠢ ᠠᠳᠬᠤᠨ᠂ 66 ᠲᠥᠷᠥᠯ ᠵᠦᠢᠯ ᠢ ᠪᠡᠶᠡᠯᠡᠭᠦᠯᠬᠦ ᠪᠤᠶᠤ ᠲᠤᠷᠰᠢᠨ ᠠᠵᠢᠯᠯᠠᠭᠤᠯᠬᠤ ᠪᠠᠷ | ᠴᠢᠷᠮᠠᠶᠢᠨ᠎ᠠ᠃ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠠᠬᠢᠭᠤᠯᠤᠨ᠎ᠠ | ︽ᠬᠡᠷᠡᠭᠴᠡᠭᠡ ᠳᠤ ᠴᠢᠭᠯᠡᠭᠦᠯᠦᠨ ᠬᠦᠴᠢᠷᠳᠡᠯ ᠠᠴᠠ ᠲᠠᠶᠢᠯᠬᠤ︾ ᠠᠵᠢᠯ ᠤᠨ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠪᠤᠯᠬᠤ ᠶᠢᠨ ᠨᠥᠬᠦᠴᠡᠯ ᠳᠤ ᠬᠠᠮᠤᠭ ᠶᠡᠭᠡ ᠬᠡᠮᠵᠢᠶ᠎ᠡ ᠪᠠᠷ ᠠᠵᠤ | ᠠᠬᠤᠶᠢᠯᠠᠯ ᠳᠤ ᠳᠡᠮᠵᠢᠯᠭᠡ ᠦᠵᠡᠭᠦᠯᠦᠨ᠎ᠠ;ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠰᠢᠷᠢ ᠶᠢ | ᠢᠯᠭᠠᠷᠠᠭᠤᠯᠬᠤ ᠶᠢ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ | ᠪᠣᠯᠭᠠᠨ ᠠᠳᠬᠤᠨ᠎ᠠ᠃156 ᠬᠢᠨᠠᠨ ᠵᠥᠪᠰᠢᠶᠡᠷᠡᠬᠦ ᠳᠦᠷᠦᠯ ᠵᠦᠢᠯ ᠢ ᠲᠦᠷᠭᠡᠳᠬᠡᠵᠦ᠂ ᠠᠵᠤ ᠠᠬᠤᠶᠢᠯᠠᠯ ᠳᠤ | ᠬᠤᠯᠪᠣᠭᠳᠠᠬᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ | ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ | ᠰᠢᠨ᠎ᠡ ᠡᠵᠡᠩᠨᠡᠯᠲᠡ ᠶᠢᠨ ᠭᠡᠯᠪᠡᠷᠢ ᠶᠢ ᠲᠦᠷᠭᠡᠳᠬᠡᠨ ᠪᠣᠶᠢᠵᠢᠭᠤᠯᠵᠤ᠂ ᠬᠤᠳᠠᠯᠳᠤᠭ᠎ᠠ᠂ ᠰᠣᠶᠣᠯ | ᠴᠡᠩᠭᠡᠯ᠂ ᠡᠷᠡᠭᠦᠯᠵᠢᠯ ᠰᠤᠪᠢᠯᠠᠯᠲᠠ᠂ ᠭᠡᠷ ᠤᠨ ᠶᠠᠪᠤᠳᠠᠯ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ | ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠪᠦᠲᠦᠮᠵᠢᠲᠡᠶ ᠥᠷᠭᠡᠳᠭᠡᠨ᠎ᠡ;ᠭᠤᠣᠯᠳᠠᠯᠭ᠎ᠠ ᠲᠠᠢ ᠬᠤᠳᠠᠯᠳᠤᠭᠠᠨ ᠤ ᠵᠡᠭᠡᠯᠢ | ᠲᠣᠭᠤᠷᠢᠭ᠂ ᠬᠤᠳᠠᠯᠳᠤᠭᠠᠨ ᠤ ᠶᠡᠷᠦᠩᠬᠡᠢ ᠴᠣᠭᠴᠠ᠂ ᠶᠡᠷᠦᠩᠬᠡᠶᠢᠯᠡᠭᠰᠡᠨ ᠴᠢᠨᠠᠷᠲᠠᠢ ᠴᠡᠴᠡᠷᠯᠢᠭ ᠵᠡᠷᠭᠡ ᠲᠠᠯᠠᠪᠤᠷ | ᠭᠠᠵᠠᠷ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠨᠢᠭᠡ ᠪᠦᠯᠦᠭ ᠠᠮᠲᠠᠲᠤ ᠢᠳᠡᠭᠡᠨ ᠤ ᠨᠠᠶᠢᠷ᠂ | ᠪᠣᠷᠤᠯᠠᠭᠤᠯᠭ᠎ᠠ ᠶᠢ ᠠᠬᠢᠭᠤᠯᠬᠤ ᠤᠯᠠᠷᠢᠯ᠂ ᠳᠡᠯᠭᠡᠨ ᠪᠣᠷᠣᠯᠠᠭᠤᠯᠬᠤ ᠴᠤᠭᠯᠠᠭᠠᠨ ᠵᠡᠷᠭᠡ ᠠᠵᠢᠯᠯᠠᠭ᠎ᠠ ᠶᠢ ᠥᠷᠨᠢᠭᠦᠯᠵᠦ | ᠂ ᠡᠷᠲᠡ ᠶᠢᠨ ᠵᠠᠬ᠎ᠠ ᠳᠡᠯᠭᠡᠭᠦᠷ ᠤᠨ ᠠᠵᠤ ᠠᠬᠤᠢ᠂ ᠵᠠᠮ ᠳᠠᠭᠠᠤ ᠶᠢᠨ ᠠᠵᠤ ᠠᠬᠤᠢ᠂ ᠰᠥᠨᠢ ᠶᠢᠨ ᠵᠠᠬ᠎ᠠ | ᠳᠡᠯᠭᠡᠭᠦᠷ ᠤᠨ ᠠᠵᠤ ᠠᠬᠤᠢ᠂ ᠬᠤᠷᠠᠯ ᠦᠵᠡᠰᠭᠦᠯᠡᠩ ᠤᠨ ᠠᠵᠤ ᠠᠬᠤᠢ ᠶᠢ ᠭᠦᠭᠵᠢᠭᠦᠯᠦᠨ᠎ᠠ;ᠠᠵᠤ ᠦᠢᠯᠡᠰ ᠪᠠ | ᠬᠤᠲᠠ ᠶᠢ ᠠᠭᠤᠰᠤᠯᠴᠠᠭᠤᠯᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠬᠤᠲᠠ | ᠪᠠᠯᠭᠠᠰᠤᠨ ᠤ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠡᠵᠡᠩᠨᠡᠯᠲᠡ ᠬᠠᠮᠢᠶᠠᠷᠤᠯᠲᠠ ᠶᠢᠨ ᠳᠤᠮᠳᠠ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠶᠢ ᠭᠦᠢᠴᠡᠳ ᠪᠣᠳᠣᠯᠬᠢᠯᠠᠵᠤ ᠳᠡᠮᠵᠢᠯᠭᠡ | ᠬᠠᠩᠭᠠᠨ᠎ᠠ᠃ | 2. ᠳᠠᠪᠠᠭᠤᠯᠢᠭ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠬᠦᠷᠢᠶᠡᠯᠡᠩ ᠲᠣᠭᠤᠷᠢᠭ ᠪᠠ ᠠᠵᠤ ᠦᠢᠯᠡᠰ ᠤᠨ ᠲᠠᠰ ᠳᠡᠪᠰᠢᠭᠦᠯᠬᠦ ᠢᠨᠵᠧᠨᠧᠷᠢᠩ ᠢ | ᠲᠦᠷᠭᠡᠳᠬᠡᠨ᠂ ᠣᠲᠣ ᠦᠶ᠎ᠡ ᠶᠢᠨ ᠲᠡᠮᠡᠭᠡ ᠪᠠ ᠡᠯᠡᠰᠦᠨ ᠤ ᠠᠵᠤ ᠦᠢᠯᠡᠰ᠂ ᠬᠤᠵᠢᠷ ᠬᠢᠮᠢ ᠶᠢᠨ ᠠᠵᠤ | ᠦᠢᠯᠡᠳᠪᠦᠷᠢ᠂ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠵᠤ᠂ ᠭᠤᠷᠪᠠᠨ ᠠᠵᠤ ᠦᠢᠯᠡᠰ ᠤᠨ ︽ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠶᠢ ᠠᠬᠢᠭᠤᠯᠤᠨ᠎ᠠ | ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠬᠥᠭᠵᠢᠯᠲᠡ ᠶᠢ ᠠᠬᠢᠭᠤᠯᠤᠨ᠎ᠠ | ᠤᠯᠤᠰ ᠤᠨ ᠲᠠᠰ ᠤᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ | ᠰᠠᠭᠠᠯᠢ ᠶᠢᠨ ᠢᠩᠭᠡ ᠶᠢ 2.5 ᠲᠦᠮᠡ ᠳᠤ ᠬᠦᠷᠭᠡᠵᠦ᠂ ᠲᠡᠮᠡᠭᠡᠨ ᠤ ᠠᠵᠤ ᠦᠢᠯᠡᠰ ᠤᠨ ᠦᠢᠯᠡᠳᠬᠦᠨ ᠤ | ᠥᠷᠲᠡᠭ ᠢ 20 % ᠠᠴᠠ ᠳᠠᠪᠠᠭᠤᠯᠤᠨ᠎ᠠ;ᠡᠯᠡᠰᠦᠨ ᠤ ᠠᠵᠤ ᠦᠢᠯᠡᠰ ᠤᠨ ᠠᠷᠠᠯᠵᠢᠶᠠᠨ ᠤ ᠲᠥᠪ ᠢ ᠪᠠᠶᠢᠭᠤᠯᠵᠤ | ᠂ ᠴᠠᠭᠠᠨ ᠭᠤᠶᠣᠣ᠂ ᠤᠯᠠᠭᠠᠨ ᠭᠤᠶᠣᠣ ᠳᠠᠷᠢᠬᠤ ᠲᠠᠯᠠᠪᠠᠶ ᠶᠢ 2 ᠲᠦᠮᠡᠨ ᠮᠦ ᠠᠴᠠ ᠳᠠᠪᠠᠭᠤᠯᠤᠨ᠎ᠠ;ᠠᠯᠠᠱᠠ | ᠵᠡᠭᠦᠨ ᠬᠤᠰᠢᠭᠤ᠂ ᠬᠤᠶᠠᠷᠬᠤᠳᠳᠤᠭ ᠤᠨ ᠬᠥᠳᠡᠭᠡ ᠶᠢᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ | ᠦᠵᠡᠭᠦᠯᠭᠦ ᠣᠷᠣᠨ ᠤ ᠪᠣᠬᠢᠷᠳᠤᠯ ᠦᠭᠡᠢ ᠣᠷᠭᠠᠨᠢᠭ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠢ ᠶᠢᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠳᠡᠮᠵᠢᠨ᠎ᠡ; | ᠲᠥᠬᠦᠭᠡᠷᠦᠮᠵᠢᠲᠦ ᠲᠠᠷᠢᠶᠠᠯᠠᠩ ᠢ ᠲᠠᠰ ᠳᠡᠪᠰᠢᠭᠦᠯᠬᠦ ᠶᠢ ᠲᠦᠷᠭᠡᠳᠬᠡᠵᠦ᠂ ᠦᠨᠳᠦᠰᠦᠨ ᠲᠠᠷᠢᠶᠠᠨ ᠭᠠᠵᠠᠷ ᠢ | ᠪᠦᠭᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠠᠶᠢᠭᠤᠯᠬᠤ ᠶᠢ ᠠᠬᠢᠭᠤᠯᠤᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠠᠬᠢᠭᠤᠯᠤᠨ᠎ᠠ | 59 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ ᠪᠦᠭᠦ ᠬᠦᠴᠦᠨ ᠢᠶᠠᠷ ᠢᠶᠠᠨ | ᠪᠠᠶᠢᠭᠤᠯᠤᠨ᠂ ᠨᠡᠭᠦᠷᠡᠰᠦ᠂ ᠳᠠᠪᠤᠰᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠭᠤᠣᠯᠯᠠᠬᠤ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠲᠠᠰ ᠳᠡᠪᠰᠢᠭᠦᠯᠬᠦ ᠶᠢ ᠳᠦᠷᠭᠡᠳᠭᠡᠨ᠎ᠠ;ᠪᠦᠸᠧ ᠶᠤᠸᠠᠨ ᠤ ᠪᠦᠭᠦ | ᠦᠢᠯᠡᠳᠪᠦᠷᠢᠯᠡᠯ ᠤᠨ ᠴᠢᠳᠠᠪᠤᠷᠢ ᠶᠢᠨ ᠬᠡᠪᠴᠢᠶ᠎ᠡ ᠶᠢ 860 ᠲᠦᠮᠡᠨ ᠲᠣᠨ ᠳᠤ ᠬᠦᠷᠭᠡᠵᠦ᠂ ᠪᠦᠭᠦ ᠳᠡᠯᠡᠬᠡᠢ ᠶᠢᠨ | ᠬᠠᠮᠤᠭ ᠤᠨ ᠶᠡᠭᠡ ᠪᠠᠶᠢᠭᠠᠯᠢ ᠶᠢᠨ ᠬᠤᠵᠢᠷ ᠤᠨ ᠦᠢᠯᠡᠳᠪᠦᠷᠢᠯᠡᠯ ᠤᠨ ᠰᠠᠭᠤᠷᠢᠨ᠂ ︽ᠳᠤᠮᠳᠠᠳᠤ ᠤᠯᠤᠰ ᠤᠨ | ᠬᠤᠵᠢᠷ ᠤᠨ ᠲᠥᠪ︾ ᠢ ᠪᠠᠶᠢᠭᠤᠯᠬᠤ ᠶᠢ ᠳᠦᠷᠭᠡᠳᠭᠡᠨ᠎ᠠ;ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ | ᠠᠭᠤᠷᠬᠠᠢ ᠶᠢᠨ ᠡᠬᠢ ᠪᠠᠶᠠᠯᠢᠭ ᠢ ᠡᠷᠴᠢᠮᠵᠢᠭᠦᠯᠦᠨ ᠨᠡᠭᠡᠭᠡᠨ ᠠᠰᠢᠭᠯᠠᠬᠤ ᠶᠢ ᠴᠢᠩᠭᠠᠳᠬᠠᠨ᠎ᠠ;ᠠᠯᠠᠱᠠ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠢ ᠥᠪᠡᠷᠲᠡᠭᠡᠨ ᠵᠠᠰᠠᠬᠤ ᠣᠷᠣᠨ ᠤ | ᠲᠠᠰ ᠤᠨ ᠥᠨᠳᠥᠷ ᠬᠢᠷᠢ ᠲᠦᠪᠰᠢᠨ ᠪᠦᠬᠦᠢ ᠠᠵᠤ ᠦᠢᠯᠡᠳᠪᠦᠷᠢ ᠶᠢᠨ ᠣᠷᠣᠨ ᠪᠣᠯᠭᠠᠨ ᠪᠠᠶᠢᠭᠤᠯᠬᠤ ᠶᠢ | ᠳᠦᠷᠭᠡᠳᠭᠡᠨ᠎ᠠ;ᠥᠯᠵᠡᠢ - ᠣᠯᠠᠨᠪᠤᠯᠠᠭ᠂ ᠴᠡᠭᠡ - ᠰᠠᠶᠢᠬᠠᠨᠲᠤᠤᠷᠠᠢ ᠶᠢᠨ ᠬᠢᠯᠢ ᠳᠠᠭᠠᠤ ᠶᠢᠨ ᠠᠵᠤ ᠦᠢᠯᠡᠰ ᠤᠨ | ᠬᠦᠷᠢᠶᠡᠯᠡᠩ ᠢ ᠲᠦᠷᠭᠡᠳᠬᠡᠨ ᠪᠠᠶᠢᠭᠤᠯᠤᠨ᠎ᠠ᠃ ᠳᠠᠩᠰᠤᠬᠪᠤᠯᠠᠭ ᠤᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠪᠠᠶᠢᠭᠤᠯᠤᠨ᠎ᠠ;ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠭᠤᠣᠯᠳᠠᠯᠭ᠎ᠠ ᠲᠠᠢ ᠣᠷᠣᠨ ᠳᠤ ᠠᠭᠤᠷᠬᠠᠢ ᠡᠷᠢᠬᠦ ᠠᠵᠢᠯ ᠢ ᠪᠣᠳᠠᠲᠠᠢ ᠰᠢᠪᠲᠤᠯᠤᠯᠲᠠ ᠲᠠᠢ | ᠪᠤᠯᠭᠠᠬᠤ ᠪᠠᠷ ᠴᠢᠷᠮᠠᠶᠢᠨ᠎ᠠ᠃ | ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ | ᠪᠦᠭᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ | ᠂ ᠥᠪᠥᠷ ᠮᠣᠩᠭᠤᠯ ᠤᠨ ᠡᠨᠧᠷᠭᠢ ᠶᠢᠨ 500 ᠲᠦᠮᠡᠨ ᠺᠢᠯᠣᠸᠠᠲ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ 400 | ᠲᠦᠮᠡᠨ ᠺᠢᠯᠣᠸᠠᠲ ᠤᠨ ᠭᠡᠷᠡᠯ ᠤᠨ ᠡᠨᠧᠷᠭᠢ ᠪᠠᠷ ᠴᠠᠭᠢᠯᠭᠠᠨ ᠭᠠᠷᠭᠠᠬᠤ ᠵᠡᠷᠭᠡ ᠣᠷᠣᠨ ᠪᠦᠰᠡ ᠶᠢᠨ ᠬᠠᠮᠲᠤᠷᠠᠯᠴᠠᠭ᠎ᠠ | ᠪᠠ ᠲᠤᠬᠠᠢ ᠶᠢᠨ ᠭᠠᠵᠠᠷ ᠤᠨ ᠪᠠᠭᠲᠠᠭᠠᠨ ᠰᠢᠩᠭᠡᠭᠡᠬᠦ ᠲᠥᠷᠥᠯ ᠵᠦᠢᠯ ᠢ ᠭᠤᠣᠯᠳᠠᠯᠭ᠎ᠠ ᠲᠠᠢ ᠠᠳᠬᠤᠨ᠎ᠠ; | ᠪᠠᠶᠠᠨᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠢ | ᠲᠥᠯᠥᠪᠵᠢᠭᠦᠯᠦᠨ ᠪᠠᠶᠢᠭᠤᠯᠬᠤ ᠶᠢ ᠠᠭᠢᠭᠤᠯᠤᠨ᠎ᠠ; | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ | ᠳᠡᠯᠡᠬᠡᠢ ᠶᠢᠨ ᠲᠠᠰ ᠤᠨ ᠵᠢᠭᠤᠯᠴᠢᠯᠠᠯ ᠤᠨ ᠬᠠᠷᠠᠯᠲᠠᠲᠤ ᠣᠷᠣᠨ ᠢ ᠴᠣᠭᠴᠠᠯᠠᠨ ᠪᠠᠶᠢᠭᠤᠯᠬᠤ | ᠲᠣᠭᠤᠷᠢᠨ ᠳᠤ᠂ ᠳᠡᠭᠡᠳᠦ ᠲᠠᠰ ᠤᠨ ᠵᠢᠭᠤᠯᠴᠢᠯᠠᠯ ᠢ ᠲᠦᠷᠭᠡᠳᠬᠡᠨ ᠬᠥᠭᠵᠢᠭᠦᠯᠵᠦ᠂ ᠵᠤᠭᠠᠴᠠᠭᠰᠠᠳ ᠤᠨ | ᠬᠡᠮᠵᠢᠶ᠎ᠡ ᠶᠢ 1100 ᠲᠦᠮᠡᠨ ᠬᠥᠮᠥᠨ ᠤᠳᠠᠭ᠎ᠠ ᠶᠢ ᠳᠠᠪᠠᠭᠤᠯᠤᠨ᠂ ᠵᠢᠭᠤᠯᠴᠢᠯᠠᠯ ᠤᠨ ᠣᠷᠣᠯᠭ᠎ᠠ ᠶᠢ 110 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ;ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ | ᠵᠤᠭ᠎ᠠ ᠴᠡᠩᠭᠡᠯ ᠤᠨ ᠴᠢᠳᠠᠮᠵᠢ ᠶᠢ ᠲᠡᠭᠦᠯᠳᠡᠷᠵᠢᠭᠦᠯᠵᠦ᠂ ᠪᠠᠳᠠᠢ ᠶᠢᠨ ᠵᠢᠷᠠᠨ ᠡᠯᠡᠰᠦᠨ ᠤ ᠳᠡᠯᠡᠬᠡᠢ ᠶᠢᠨ ᠳᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ | ᠂ ᠴᠡᠭᠡ ᠪᠣᠭᠤᠮᠲᠠ ᠶᠢᠨ ᠤᠯᠤᠰ ᠤᠨ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠡᠭᠦᠳᠦᠨ | ᠪᠠᠶᠢᠭᠤᠯᠬᠤ ᠶᠢ ᠲᠦᠷᠭᠡᠳᠬᠡᠨ᠂ ᠲᠡᠭᠷᠢ ᠡᠯᠡᠰᠦᠨ ᠤ ᠵᠢᠭᠤᠯᠴᠢᠯᠠᠯ ᠠᠮᠠᠷᠠᠯᠲᠠ ᠶᠢᠨ ᠣᠷᠣᠨ ᠪᠠ ᠡᠯᠡᠰᠦ ᠮᠠᠩᠬᠠᠨ ᠤ | ᠲᠣᠣᠷᠠᠢ ᠶᠢᠨ ᠤᠢ ᠶᠢᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠢ ᠥᠪᠡᠷᠲᠡᠭᠡᠨ ᠵᠠᠰᠠᠬᠤ ᠣᠷᠣᠨ ᠤ ᠳᠡᠰ ᠤᠨ | ᠵᠢᠭᠤᠯᠴᠢᠯᠠᠯ ᠤᠨ ᠣᠷᠣᠨ ᠪᠣᠯᠭᠠᠨ ᠡᠭᠦᠳᠦᠨ ᠪᠠᠶᠢᠭᠤᠯᠬᠤ ᠶᠢ ᠲᠦᠷᠭᠡᠳᠬᠡᠨ᠎ᠡ᠃ ᠳᠡᠯᠡᠬᠡᠢ ᠶᠢᠨ ᠪᠠᠶᠢᠭᠠᠯᠢ ᠶᠢᠨ ᠥᠪ | ︽ᠪᠠᠳᠠᠢ ᠶᠢᠨ ᠵᠢᠷᠠᠨ ᠡᠯᠡᠰᠦ - ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ︾ ᠪᠣᠯᠣᠨ ᠡᠯᠡᠰᠦ ᠮᠠᠩᠬᠠᠨ ᠳᠤ | ᠬᠡᠭᠡᠷᠡᠯᠡᠨ ᠤᠷᠤᠯᠳᠤᠬᠤ ᠬᠠᠮᠤᠭ ᠲᠣᠮᠣ ᠦᠪᠡᠳᠡᠭᠰᠢ ᠴᠤᠭᠯᠠᠭᠠᠨ᠂ ᠬᠠᠮᠤᠭ ᠤᠨ ᠭᠤᠶᠣ ᠲᠣᠣᠷᠠᠢ ᠶᠢᠨ ᠤᠢ ᠶᠢᠨ | ᠵᠤᠭᠠᠴᠠᠯ ᠵᠡᠷᠭᠡ ᠨᠠᠷᠠᠲᠤ ᠲᠡᠮᠳᠡᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠢᠦᠢ ᠶᠠᠨ ᠤ ᠰᠣᠶᠣᠯ᠂ | ᠰᠠᠨᠰᠠᠷ ᠤᠨ ᠠᠶᠠᠯᠠᠯ ᠤᠨ ᠰᠣᠶᠣᠯ᠂ ᠬᠤᠪᠢᠰᠬᠠᠯ ᠤᠨ ᠰᠣᠶᠣᠯ ᠢ ᠭᠦᠨᠵᠡᠭᠡᠢ ᠠᠭᠤᠳᠠᠯᠯᠠᠨ᠎ᠠ᠃ | ᠳᠠᠯᠳᠠ ᠬᠦᠴᠦᠨ ᠲᠠᠢ ᠠᠵᠤ ᠦᠢᠯᠡᠰ ᠢ ᠲᠦᠷᠭᠡᠨ ᠬᠥᠭᠵᠢᠭᠦᠯᠦᠨ᠎ᠡ | ᠳᠣᠣᠷ᠎ᠠ ᠤᠬᠳᠠᠷᠠᠭᠤᠢ ᠶᠢᠨ ᠠᠵᠤ ᠠᠬᠤᠢ ᠶᠢᠨ ᠰᠢᠨ᠎ᠡ ᠵᠠᠮ ᠢ ᠵᠠᠪᠳᠤᠨ ᠡᠵᠡᠯᠡᠵᠦ᠂ ᠪᠦᠭᠦ ᠤᠯᠤᠰ ᠤᠨ | ᠠᠭᠠᠷ ᠤᠨ ᠠᠶᠠᠯᠠᠯ ᠤᠨ ᠵᠠᠭᠪᠤᠷ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ ᠳᠤᠮᠳᠠᠳᠤ ᠤᠯᠤᠰ ᠤᠨ | ᠵᠢᠯᠣᠭᠤᠴᠢ ᠦᠭᠡᠢ ᠨᠢᠰᠬᠡᠯ ᠤᠨ ᠤᠯᠤᠰ ᠤᠨ ᠠᠩᠭᠢ ᠶᠢᠨ ᠰᠢᠯᠭᠠᠷᠠᠭᠤᠯᠬᠤ ᠤᠷᠤᠯᠳᠤᠭᠠᠨ ᠵᠡᠷᠭᠡ ᠰᠢᠷᠢᠰ | ᠠᠵᠢᠯᠯᠠᠭ᠎ᠠ ᠶᠢ ᠡᠷᠭᠢᠯᠡᠵᠦ᠂ ᠪᠦᠭᠦ ᠣᠷᠣᠨ ᠤ ᠳᠣᠣᠷ᠎ᠠ ᠤᠬᠳᠠᠷᠠᠭᠤᠢ ᠶᠢᠨ ᠠᠵᠤ ᠠᠬᠤᠢ ᠶᠢ ᠤᠷᠢᠳᠠᠪᠠᠷ | ᠬᠥᠭᠵᠢᠭᠦᠯᠬᠦ ᠲᠤᠷᠰᠢᠯᠲᠠ ᠶᠢᠨ ᠣᠷᠣᠨ ᠪᠠ ᠠᠭᠠᠷ ᠤᠨ ᠠᠶᠠᠯᠠᠯ ᠤᠨ ᠠᠵᠤ ᠠᠬᠤᠢ ᠶᠢᠨ ᠲᠥᠪᠯᠡᠷᠡᠯ ᠤᠨ ᠣᠷᠣᠨ ᠢ | ᠬᠦᠴᠦᠯᠡᠨ ᠪᠠᠶᠢᠭᠤᠯᠵᠤ᠂ ᠳᠣᠣᠷ᠎ᠠ ᠣᠭᠲᠠᠷᠭᠤᠢ ᠶᠢᠨ ᠲᠡᠭᠡᠭᠡᠪᠦᠷᠢ᠂ ᠴᠠᠭ ᠠᠭᠤᠷ ᠤᠨ ᠦᠢᠯᠡᠴᠢᠯᠡᠭᠡ᠂ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠬᠦᠷᠢᠶᠡᠨ ᠳᠤ ᠦᠨᠡᠨ ᠪᠣᠳᠠᠲᠠᠢ ᠰᠢᠪᠲᠤᠯᠤᠯᠲᠠ ᠲᠠᠢ | ᠪᠤᠯᠭᠠᠬᠤ ᠪᠠᠷ ᠴᠢᠷᠮᠠᠶᠢᠨ᠎ᠠ;ᠬᠤᠳᠠᠯᠳᠤᠭᠠᠨ ᠤ ᠰᠠᠨᠰᠠᠷ ᠤᠨ ᠠᠶᠠᠯᠠᠯ ᠪᠠ ᠴᠡᠷᠢᠭ ᠠᠷᠠᠳ ᠤᠨ ᠬᠡᠷᠡᠭᠯᠡᠭᠡ ᠶᠢᠨ | ᠠᠭᠤᠰᠤᠯᠴᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠳ᠋ᠦᠩᠹᠧᠩ ᠰᠠᠨᠰᠠᠷ ᠤᠨ ᠬᠤᠲᠠ ᠶᠢᠨ | ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ ᠲᠠᠢ ᠢᠳᠡᠪᠬᠢᠲᠡᠢ | ᠠᠭᠤᠰᠤᠯᠴᠠᠬᠤ ᠶᠢ ᠠᠭᠢᠭᠤᠯᠤᠨ᠎ᠠ;ᠬᠠᠴᠢᠨ ᠴᠢᠯᠠᠭᠤᠨ ᠤ ᠠᠵᠤ ᠦᠢᠯᠡᠰ ᠢ ᠰᠡᠷᠭᠦᠭᠡᠨ ᠮᠠᠨᠳᠤᠭᠤᠯᠬᠤ ᠶᠢ | ᠠᠬᠢᠭᠤᠯᠵᠤ᠂ ᠡᠯᠡᠰᠦ ᠮᠠᠩᠬᠠᠨ ᠤ ᠬᠠᠴᠢᠨ ᠴᠢᠯᠠᠭᠤᠨ ᠤ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ | ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | 3᠂ ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠡᠪᠳᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠪᠠ ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠢᠨᠵᠧᠨᠧᠷᠢᠩ ᠢ ᠶᠡᠬᠡᠪᠡᠷ ᠠᠬᠢᠭᠤᠯᠤᠨ᠎ᠠ | ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠰᠢᠨ᠎ᠡ ᠠᠬᠢᠯᠲᠠ ᠲᠠᠢ | ᠪᠤᠯᠭᠠᠬᠤ ᠪᠠᠷ ᠴᠢᠷᠮᠠᠶᠢᠨ᠎ᠠ | 7 ᠵᠤᠷᠪᠤᠰ ᠵᠠᠰᠠᠮᠠᠯ ᠵᠠᠮ᠂ 4 ᠲᠡᠮᠦᠷ ᠵᠠᠮ ᠪᠣᠯᠣᠨ 1 ᠠᠷᠠᠳ ᠤᠨ ᠠᠭᠠᠷ ᠤᠨ ᠲᠡᠭᠡᠭᠡᠪᠦᠷᠢ ᠶᠢᠨ | ᠲᠥᠷᠥᠯ ᠵᠦᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ;ᠢᠷᠭᠠᠢ ᠠᠴᠠ ᠪᠠᠶᠠᠨᠬᠤᠲᠠ ᠬᠦᠷᠬᠦ ᠲᠡᠮᠦᠷ ᠵᠠᠮ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠯᠢᠨ ᠾᠧ ᠠᠴᠠ ᠬᠠᠮᠢ ᠬᠦᠷᠬᠦ ᠲᠡᠮᠦᠷ ᠵᠠᠮ᠂ ᠦᠬᠠᠢ ᠶᠢᠨ | ᠪᠠᠷᠠᠭᠤᠨ ᠦᠷᠳᠡᠭᠡ ᠠᠴᠠ ᠵᠢᠷᠠᠲᠠᠢ ᠬᠦᠷᠬᠦ ᠲᠡᠮᠦᠷ ᠵᠠᠮ ᠢ ᠥᠭᠡᠷᠡᠴᠢᠯᠡᠨ ᠰᠠᠶᠢᠵᠢᠷᠠᠭᠤᠯᠬᠤ ᠪᠠ ᠴᠠᠭᠠᠨᠳᠠᠷᠠᠰᠤ ᠠᠴᠠ | ᠪᠠᠶᠠᠨᠬᠤᠲᠠ ᠬᠦᠷᠬᠦ ᠲᠡᠮᠦᠷ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠂ | ᠪᠠᠶᠠᠨᠬᠤᠲᠠ ᠠᠴᠠ ᠳᠡᠷᠡᠰᠦᠨ ᠬᠦᠷᠬᠦ ᠲᠡᠮᠦᠷ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠰᠠᠶᠢᠲᠤᠷ ᠬᠢᠨ᠎ᠡ᠃ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠢ ᠥᠷᠭᠡᠳᠬᠡᠨ ᠪᠠᠶᠢᠭᠤᠯᠬᠤ ᠳᠦᠷᠦᠯ | ᠵᠦᠢᠯ ᠤᠨ ᠭᠤᠣᠯ ᠴᠣᠭᠴᠠ ᠶᠢᠨ ᠪᠠᠷᠢᠯᠭ᠎ᠠ ᠶᠢ ᠪᠡᠶᠡᠯᠡᠭᠦᠯᠬᠦ ᠪᠠᠷ ᠴᠢᠷᠮᠠᠶᠢᠨ᠎ᠠ;500 ᠺᠢᠯᠣᠸᠠᠲ ᠤᠨ ᠬᠦᠴᠦᠳᠡᠯ | ᠥᠭᠡᠷᠡᠴᠢᠯᠡᠬᠦ ᠳᠦᠷᠪᠡᠨ ᠶᠡᠭᠡ ᠢᠨᠵᠧᠨᠧᠷᠢᠩ ᠢ ᠡᠬᠢᠯᠡᠨ ᠪᠠᠶᠢᠭᠤᠯᠵᠤ᠂ ᠰᠢᠨ᠎ᠡ ᠡᠨᠧᠷᠭᠢ ᠶᠢᠨ ᠲᠣᠮᠣ ᠰᠠᠭᠤᠷᠢᠨ | ᠭᠠᠵᠠᠷ ᠯᠤᠭ᠎ᠠ ᠵᠣᠬᠢᠴᠠᠯᠳᠤᠭᠰᠠᠨ ᠣᠷᠣᠨ ᠪᠦᠰᠡ ᠶᠢᠨ ᠴᠠᠭᠢᠯᠭᠠᠨ ᠲᠣᠣᠷ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | | ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠢᠨᠵᠧᠨᠧᠷᠢᠩ ᠢ | ᠠᠬᠢᠭᠤᠯᠤᠨ᠎ᠠ | ᠤᠰᠤ ᠠᠷᠪᠢᠯᠠᠬᠤ ᠬᠠᠩᠭᠠᠯᠭ᠎ᠠ ᠶᠢ 1000 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠨ᠎ᠠ;ᠬᠤᠲᠠ ᠪᠠᠯᠭᠠᠰᠤ ᠶᠢᠨ ᠤᠰᠤ ᠠᠷᠪᠢᠯᠠᠬᠤ ᠨᠣᠷᠮ᠎ᠠ ᠶᠢ 310 ᠲᠦᠮᠡᠨ ᠪᠣᠰᠤᠭ᠎ᠠ | ᠳᠥᠷᠪᠡᠯᠵᠢᠨ ᠮᠧᠲᠷ ᠠᠴᠠ ᠳᠠᠪᠠᠭᠤᠯᠤᠨ᠎ᠠ;ᠬᠠᠲᠤᠨ ᠭᠤᠣᠯ ᠤᠨ ᠬᠤᠶᠠᠳᠤᠭᠠᠷ ᠬᠤᠭᠤᠴᠠᠭᠠᠨ ᠤ ᠠᠶᠢᠮᠠᠭ ᠬᠤᠲᠠ | ᠠᠯᠤᠰᠯᠠᠭᠰᠠᠨ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠬᠡᠯ ᠲᠤᠭ᠎ᠠ ᠶᠢ ᠴᠢᠷᠮᠠᠶᠢᠨ ᠣᠯᠵᠤ᠂ ᠬᠠᠲᠤᠨ | ᠭᠤᠣᠯ ᠤᠨ ᠤᠰᠤᠨ ᠤ ᠭᠦᠢᠴᠡᠳᠬᠡᠯ ᠲᠤᠭ᠎ᠠ ᠶᠢ 500 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠨ᠎ᠠ᠃ | 4. ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ | ᠦᠵᠡᠭᠦᠯᠭᠦ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠤᠨ᠂ ︽ᠨᠢᠭᠡ ᠴᠣᠭᠴᠠᠵᠢᠭᠤᠯᠬᠤ︾ ᠢᠨᠵᠧᠨᠧᠷᠢᠩ | ᠪᠠ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠬᠡᠷᠡᠭᠵᠢᠭᠦᠯᠦᠨ᠂ | ᠠᠮᠢ ᠠᠬᠤᠢ ᠶᠢᠨ ᠣᠷᠴᠢᠨ ᠲᠣᠭᠤᠷᠢᠨ ᠤ ︽ᠦᠷᠭᠦᠯᠵᠢᠯᠡᠨ ᠰᠠᠶᠢᠵᠢᠷᠠᠬᠤ︾ ᠶᠢ ᠠᠬᠢᠭᠤᠯᠤᠨ᠎ᠠ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠦᠨ᠎ᠡ | ︽ᠭᠤᠷᠪᠠᠨ ᠶᠡᠭᠡ ᠡᠯᠡᠰᠦ︾ ᠶᠢᠨ ᠪᠣᠭᠤᠮᠲᠠ ᠰᠢᠪᠲᠤᠯᠬᠤ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠣᠭᠤᠷᠢᠨ ᠳᠤ᠂ 30 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠪᠠᠳᠠᠢ ᠶᠢᠨ ᠵᠢᠷᠠᠨ ᠡᠯᠡᠰᠦᠨ ᠤ ᠭᠦᠪᠡᠭᠡ ᠵᠠᠬ᠎ᠠ ᠶᠢ ᠵᠠᠰᠠᠬᠤ ᠵᠡᠷᠭᠡ ᠠᠮᠢ | ᠠᠬᠤᠢ ᠶᠢᠨ ᠲᠦᠷᠦᠯ ᠵᠦᠢᠯ ᠢ ᠬᠡᠷᠡᠭᠵᠢᠭᠦᠯᠦᠨ᠂ ︽ᠥᠪᠥᠷ ᠮᠣᠩᠭᠤᠯ ᠭᠠᠨᠰᠤ ᠨᠢᠩᠰᠢᠶᠠ︾ ᠶᠢᠨ ᠬᠢᠯᠢ ᠶᠢᠨ | ᠵᠠᠭᠠᠭ ᠣᠷᠣᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠭᠤᠷᠪᠠᠨ ᠶᠡᠭᠡ | ᠡᠯᠡᠰᠦᠨ ᠤ ᠭᠦᠪᠡᠭᠡ ᠶᠢᠨ ᠨᠣᠭᠤᠭᠠᠷᠠᠭᠤᠯᠤᠯᠲᠠ ᠶᠢᠨ ᠪᠦᠰᠡ ᠶᠢ ︽ᠨᠡᠶᠢᠯᠡᠭᠦᠯᠬᠦ︾ ᠶᠢ ᠳᠦᠷᠭᠡᠳᠭᠡᠨ᠎ᠠ; | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠢᠨ᠎ᠡ ᠡᠨᠧᠷᠭᠢ᠂ ᠬᠢᠯᠢ ᠪᠠᠨ ᠰᠠᠬᠢᠨ ᠬᠠᠮᠠᠭᠠᠯᠠᠬᠤ ᠶᠢ ᠨᠢᠭᠡ | ᠴᠣᠭᠴᠠᠵᠢᠭᠤᠯᠤᠭᠰᠠᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ 29.6 ᠲᠦᠮᠡᠨ ᠮᠦ ᠡᠯᠡᠰᠦᠷᠬᠡᠭᠵᠢᠭᠰᠡᠨ | ᠭᠠᠵᠠᠷ ᠰᠢᠷᠣᠢ ᠶᠢ ᠵᠠᠰᠠᠨ᠎ᠠ;ᠨᠡᠶᠢᠭᠡᠮ ᠤᠨ ᠬᠦᠴᠦᠨ ᠣᠷᠤᠯᠴᠠᠬᠤ᠂ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ | ᠨᠢ ᠨᠡᠮᠡᠭᠳᠡᠭᠦᠯᠬᠦ᠂ ᠦᠷᠭᠦᠯᠵᠢᠯᠡᠭᠰᠡᠨ ᠬᠠᠮᠢᠶᠠᠷᠤᠯᠲᠠ ᠬᠠᠮᠠᠭᠠᠯᠠᠯᠲᠠ᠂ ᠪᠡᠯᠴᠢᠭᠡᠷ ᠤᠨ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ | ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠵᠢᠴᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ | ᠭᠦᠨᠵᠡᠭᠡᠶᠢᠷᠡᠭᠦᠯᠦᠨ ᠠᠬᠢᠭᠤᠯᠵᠤ᠂ ᠪᠣᠬᠢᠷᠳᠤᠯ ᠢ ᠰᠡᠷᠭᠡᠶᠢᠯᠡᠨ ᠵᠠᠰᠠᠬᠤ 44 ᠲᠥᠷᠥᠯ ᠵᠦᠢᠯ ᠢ ᠭᠡᠷᠡᠭᠵᠢᠭᠦᠯᠦᠨ᠎ᠠ; | ᠪᠣᠬᠢᠷᠳᠤᠯ ᠦᠭᠡᠢ ᠦᠢᠯᠡᠳᠪᠦᠷᠢ ᠠᠭᠤᠷᠬᠠᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | 5. ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠦᠨ᠂ ᠴᠢᠳᠠᠪᠤᠷᠢᠲᠠᠨ ᠰᠢᠨᠵᠢᠯᠡᠭᠡ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠵᠦ᠂ ᠨᠡᠭᠡᠭᠡᠯᠲᠡ ᠬᠢᠵᠦ | ᠬᠠᠮᠲᠤᠷᠠᠨ ᠠᠵᠢᠯᠯᠠᠬᠤ ᠢᠨᠵᠧᠨᠧᠷᠢᠩ ᠪᠠ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠤᠨ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ | ᠴᠢᠳᠠᠪᠤᠷᠢᠲᠠᠨ ᠰᠢᠨᠵᠢᠯᠡᠭᠡ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠨ᠎ᠡ | ᠣᠲᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠲᠡᠮᠡᠭᠡᠨ ᠤ ᠠᠵᠤ ᠦᠢᠯᠡᠰ᠂ | ᠠᠮᠢ ᠠᠬᠤᠢ ᠶᠢᠨ ᠡᠯᠡᠰᠦᠨ ᠤ ᠠᠵᠤ ᠦᠢᠯᠡᠰ᠂ ᠳᠣᠣᠷ᠎ᠠ ᠣᠭᠲᠠᠷᠭᠤᠢ ᠶᠢᠨ ᠠᠵᠤ ᠠᠬᠤᠢ ᠵᠡᠷᠭᠡ ᠬᠦᠷᠢᠶᠡᠨ ᠳᠤ | ᠨᠢᠭᠡ ᠪᠦᠯᠦᠭ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠢ | ᠰᠢᠪᠲᠤᠯᠵᠤ᠂ ᠨᠢᠭᠡ ᠪᠦᠯᠦᠭ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠯᠲᠡ ᠳᠤ ᠤᠷᠤᠭᠤᠯᠬᠤ ᠶᠢ | ᠠᠭᠢᠭᠤᠯᠤᠨ᠎ᠠ;︽ᠴᠢᠳᠠᠪᠤᠷᠢᠲᠠᠨ ᠢ ᠨᠠᠷᠢᠯᠢᠭ ᠣᠨᠣᠴᠠᠲᠠᠢ ᠪᠠᠷ ᠣᠷᠣᠭᠤᠯᠤᠨ ᠠᠪᠴᠢᠷᠠᠬᠤ︾ ᠲᠣᠭᠲᠠᠴᠠ ᠶᠢ | ᠪᠦᠷᠢᠨᠰᠢᠭᠦᠯᠦᠨ᠂ ᠡᠯ᠎ᠡ ᠲᠥᠷᠥᠯ ᠤᠨ ᠴᠢᠳᠠᠪᠤᠷᠢᠲᠠᠨ ᠢ ᠢᠷᠡᠬᠦ ᠳᠤᠷᠠᠲᠠᠢ᠂ ᠦᠯᠡᠳᠡᠭᠡᠵᠦ ᠳᠡᠶᠢᠯᠭᠦ᠂ | ᠬᠥᠭᠵᠢᠯᠲᠡ ᠲᠠᠢ ᠪᠤᠯᠭᠠᠬᠤ ᠶᠢ ᠪᠠᠲᠤᠯᠠᠨ᠎ᠠ᠃ | ᠨᠡᠭᠡᠭᠡᠯᠲᠡ ᠬᠢᠵᠦ ᠬᠠᠮᠲᠤᠷᠠᠯᠴᠠᠬᠤ ᠪᠠᠨ ᠴᠢᠩᠭᠠᠳᠬᠠᠨ᠎ᠠ | ᠴᠡᠭᠡ ᠪᠣᠭᠤᠮᠲᠠ ᠶᠢᠨ ᠪᠠᠷᠠᠭ᠎ᠠ ᠥᠩᠭᠡᠷᠡᠬᠦ ᠬᠡᠮᠵᠢᠶ᠎ᠡ ᠶᠢ 2600 ᠲᠦᠮᠡᠨ ᠲᠣᠨ ᠠᠴᠠ ᠳᠠᠪᠠᠭᠤᠯᠵᠤ᠂ | ᠭᠠᠳᠠᠭᠠᠳᠤ ᠠᠷᠠᠯᠵᠢᠶᠠᠨ ᠤ ᠬᠡᠮᠵᠢᠶ᠎ᠡ ᠶᠢ 6% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠥᠯᠵᠡᠢ | ᠪᠣᠭᠤᠮᠲᠠ ᠶᠢᠨ ᠵᠢᠩᠬᠢᠨᠢ ᠪᠠᠷ ᠪᠣᠭᠤᠮᠲᠠ ᠨᠡᠭᠡᠭᠡᠬᠦ ᠨᠥᠬᠦᠴᠡᠯ ᠢ ᠬᠦᠴᠦᠯᠡᠨ ᠠᠭᠢᠭᠤᠯᠤᠨ᠎ᠠ;ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠶᠢ ᠠᠬᠢᠭᠤᠯᠤᠨ᠂ ᠥᠪᠥᠷ ᠮᠣᠩᠭᠤᠯ ᠨᠢᠩᠰᠢᠶᠠ ᠶᠢᠨ ᠡᠨᠧᠷᠭᠢ ᠶᠢᠨ ᠬᠠᠮᠲᠤᠷᠠᠯᠴᠠᠭ᠎ᠠ᠂ | ᠹᠦᠵᠧᠦ ᠵᠡᠷᠭᠡ ᠨᠥᠭᠦᠷᠰᠡᠭ ᠭᠠᠵᠠᠷ ᠣᠷᠣᠨ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠡᠯᠡᠯᠴᠡᠭᠡᠷ ᠢ ᠨᠠᠶᠢᠳᠠᠪᠤᠷᠢᠵᠢᠭᠤᠯᠵᠤ᠂ ᠨᠠᠩ ᠣᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠣᠯᠬᠤ ᠪᠠᠷ ᠴᠢᠷᠮᠠᠶᠢᠨ᠎ᠠ; | ᠭᠦᠭᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠵᠡᠷᠭᠡ ᠠᠶᠢᠮᠠᠭ ᠬᠤᠲᠠ ᠯᠤᠭ᠎ᠠ ᠬᠤᠳᠠᠯᠳᠤᠭᠠᠨ ᠤ ᠰᠠᠨᠰᠠᠷ ᠤᠨ | ᠠᠶᠠᠯᠠᠯ᠂ ᠪᠣᠬᠢᠷᠳᠤᠯ ᠦᠭᠡᠢ ᠡᠨᠧᠷᠭᠢ ᠶᠢ ᠰᠢᠩᠭᠡᠭᠡᠬᠦ᠂ ᠠᠵᠤ ᠦᠢᠯᠡᠰ ᠤᠨ ᠲᠠᠰ ᠳᠡᠪᠰᠢᠬᠦ᠂ ᠡᠬᠢ ᠪᠠᠶᠠᠯᠢᠭ ᠤᠨ | ᠬᠦᠴᠦᠨ ᠵᠦᠢᠯ ᠵᠡᠷᠭᠡ ᠬᠦᠷᠢᠶᠡᠨ ᠳᠤ ᠬᠠᠮᠲᠤ ᠪᠠᠷ ᠠᠰᠢᠭ ᠭᠦᠷᠳᠡᠭᠦ ᠶᠢ ᠬᠦᠴᠦᠯᠡᠨ ᠠᠬᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | ᠠᠶᠢᠮᠠᠭ ᠤᠨ ᠨᠠᠮ ᠤᠨ ᠬᠤᠷᠢᠶ᠎ᠠ ᠶᠢᠨ ᠲᠣᠭᠲᠠᠭᠠᠭᠰᠠᠨ 150 ᠵᠦᠢᠯ ᠤᠨ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ︽ᠲᠠᠪᠤᠨ ᠶᠡᠭᠡ ᠡᠭᠦᠷᠭᠡ︾ ᠶᠢᠨ | ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠨᠢᠭᠡ ᠵᠢᠱᠢᠶ᠎ᠡ ᠦᠵᠡᠭᠦᠯᠭᠦ ᠠᠶᠢᠮᠠᠭ᠂ ᠲᠠᠪᠤᠨ ᠶᠡᠭᠡ ᠰᠠᠭᠤᠷᠢᠨ | ᠭᠠᠵᠠᠷ᠂ ᠲᠤᠯᠤᠭᠠᠨ ᠶᠡᠭᠡ ᠢᠨᠵᠧᠨᠧᠷᠢᠩ ᠢᠶᠠᠷ ᠨᠠᠩ ᠣᠯᠠᠨ ᠦᠷ᠎ᠡ ᠪᠦᠲᠦᠭᠡᠯ ᠭᠠᠷᠭᠠᠬᠤ ᠶᠢ ᠠᠭᠢᠭᠤᠯᠤᠨ᠎ᠠ;︽ | ᠣᠷᠣᠨ ᠪᠦᠰᠡ ᠶᠢᠨ ᠪᠣᠬᠢᠷᠳᠤᠯ ᠦᠭᠡᠢ ᠡᠨᠧᠷᠭᠢ ᠶᠢ ᠰᠢᠩᠭᠡᠭᠡᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ | ᠪᠠᠶᠠᠨᠬᠤᠲᠠ ᠶᠢᠨ ᠬᠤᠲᠠ ᠪᠠᠯᠭᠠᠰᠤᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ᠂ | ᠨᠡᠭᠦᠷᠡᠰᠦᠨ ᠤ ᠡᠬᠢ ᠪᠠᠶᠠᠯᠢᠭ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠠᠬᠢᠭᠤᠯᠬᠤ᠂ ᠰᠢᠯᠢᠳᠡᠭ ᠰᠤᠷᠭᠠᠨ | ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ᠂ ᠲᠠᠪᠴᠠᠩ ᠭᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢ | ᠪᠠᠶᠢᠭᠤᠯᠬᠤ︾ ᠵᠡᠷᠭᠡ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ | 6. ᠬᠤᠲᠠ ᠬᠥᠳᠡᠭᠡ ᠶᠢᠨ ᠣᠯᠠᠨ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ᠂ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠪᠠ ︽ᠰᠡᠳᠬᠢᠯ ᠢ ᠳᠤᠯᠠᠭᠠᠴᠠᠭᠤᠯᠬᠤ ᠢᠨᠵᠧᠨᠧᠷᠢᠩ︾ ᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠤᠨ᠎ᠠ | ᠵᠢᠱᠢᠶ᠎ᠡ ᠦᠵᠡᠭᠦᠯᠭᠦ ᠠᠶᠢᠮᠠᠭ ᠤᠨ ᠪᠠᠶᠢᠭᠤᠯᠤᠯᠲᠠ ᠶᠢ ᠪᠦᠭᠦ ᠬᠦᠴᠦᠨ ᠢᠶᠠᠷ ᠠᠬᠢᠭᠤᠯᠤᠨ᠎ᠠ | ᠭᠤᠣᠯ ᠱᠤᠭᠤᠮ ᠤᠨ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠭᠦ ᠶᠠᠪᠤᠴᠠ ᠳᠤ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠡᠶᠢᠭᠡᠮ ᠤᠨ ᠡᠯ᠎ᠡ ᠵᠦᠢᠯ ᠤᠨ ᠠᠵᠢᠯ | ᠦᠢᠯᠡᠰ ᠢ ᠨᠢᠭᠡᠳᠦᠯᠲᠡᠢ ᠲᠥᠯᠥᠪᠯᠡᠵᠦ ᠬᠥᠭᠵᠢᠭᠦᠯᠦᠨ᠂ ᠠᠷᠭ᠎ᠠ ᠪᠦᠭᠦᠨ ᠢ ᠰᠦᠪᠡᠭᠴᠢᠯᠡᠨ ᠠᠷᠠᠳ ᠣᠯᠠᠨ ᠤ | ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠡᠯ᠎ᠡ ᠦᠨᠳᠦᠰᠦᠲᠡᠨ ᠤ ᠣᠯᠠᠨ ᠲᠦᠮᠡᠨ ᠳᠤ ᠴᠢᠨᠠᠷ ᠰᠠᠶᠢᠲᠠᠢ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠭᠦ ᠪᠠᠷ ᠴᠢᠷᠮᠠᠶᠢᠨ᠎ᠠ;ᠨᠢᠭᠡ ᠪᠦᠯᠦᠭ ᠣᠨᠴᠠᠯᠢᠭᠲᠤ | ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠰᠣᠳᠣᠨ ᠤᠳᠬ᠎ᠠ ᠤᠷᠠᠯᠢᠭ ᠤᠨ ᠪᠦᠲᠦᠭᠡᠯ᠂ ᠣᠷᠣᠨ | ᠪᠦᠰᠡ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠤᠶ ᠪᠣᠯᠭᠠᠨ᠎ᠠ᠃ | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ | ᠠᠵᠢᠯ ᠣᠯᠭᠤᠬᠤ ᠠᠷᠭ᠎ᠠ ᠵᠠᠮ ᠢ ᠶᠡᠬᠡᠪᠡᠷ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ | ᠂ ᠮᠠᠯᠴᠢᠨ ᠲᠠᠷᠢᠶᠠᠴᠢᠨ᠂ ᠠᠵᠢᠯ ᠣᠯᠭᠤᠯᠲᠠ ᠦᠭᠡᠢ ᠭᠡᠷ ᠪᠦᠯᠢ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ | ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠠᠭᠢᠭᠤᠯᠤᠨ᠎ᠠ;2025 ᠣᠨ ᠳᠤ᠂ ᠪᠦᠭᠦ | ᠠᠶᠢᠮᠠᠭ ᠤᠨ ᠬᠤᠲᠠ ᠪᠠᠯᠭᠠᠰᠤᠨ ᠤ 2500 ᠬᠥᠮᠥᠨ ᠳᠤ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ | ᠪ᠊3000 ᠬᠥᠮᠥᠨ ᠳᠤ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠦᠨ᠎ᠡ᠃ | | ︽ᠰᠡᠳᠬᠢᠯ ᠢ ᠳᠤᠯᠠᠭᠠᠴᠠᠭᠤᠯᠬᠤ ᠢᠨᠵᠧᠨᠧᠷᠢᠩ︾ ᠢ ᠠᠬᠢᠭᠤᠯᠤᠨ᠎ᠠ | ᠡᠨᠡ ᠵᠢᠯ ᠣᠯᠠᠨ ᠲᠦᠮᠡᠨ ᠳᠤ 15 ᠪᠣᠳᠠᠲᠤ ᠶᠠᠪᠤᠳᠠᠯ ᠬᠢᠵᠦ ᠥᠭᠭᠦᠨ᠎ᠡ᠄ | 1. ᠠᠯᠠᠱᠠ ᠵᠡᠭᠦᠨ ᠬᠤᠰᠢᠭᠤᠨ ᠤ 5 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠪᠠᠶᠢᠭᠤᠯᠵᠤ᠂ ᠠᠯᠠᠱᠠ ᠪᠠᠷᠠᠭᠤᠨ ᠬᠤᠰᠢᠭᠤᠨ ᠤ ᠨᠥᠬᠦᠴᠡᠯ ᠳᠤ ᠨᠡᠶᠢᠴᠡᠬᠦ ᠣᠷᠣᠨ ᠰᠠᠭᠤᠴᠠ ᠶᠢᠨ ᠠᠰᠠᠷ ᠲᠤ | ᠴᠠᠭᠢᠯᠭᠠᠨ ᠱᠠᠲᠤ ᠨᠡᠮᠡᠵᠦ ᠪᠠᠶᠢᠭᠤᠯᠤᠨ᠎ᠠ᠃ | 2. ᠪᠠᠶᠠᠨᠬᠤᠲᠠ ᠶᠢᠨ ᠡᠮᠦᠨ᠎ᠡ ᠶᠡᠭᠡ ᠵᠡᠭᠡᠯᠢ᠂ ᠠᠶᠢᠮᠠᠭ ᠤᠨ ᠵᠣᠴᠢᠳ ᠤᠨ ᠪᠠᠭᠤᠳᠠᠯ ᠤᠨ ᠡᠮᠦᠨ᠎ᠡ ᠲᠠᠯ᠎ᠠ | ᠂ ᠬᠤᠱᠣᠳ ᠵᠠᠮ ᠤᠨ ᠵᠡᠭᠦᠨ ᠲᠠᠯ᠎ᠠ᠂ ᠤᠤᠯ ᠤᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠵᠠᠮ ᠤᠨ | ᠠᠭᠤᠯᠵᠠᠷ ᠤᠨ ᠪᠠᠷᠠᠭᠤᠨ ᠲᠠᠯ᠎ᠠ ᠵᠡᠷᠭᠡ ᠭᠠᠵᠠᠷ ᠤᠨ 14 ᠠᠰᠠᠷ ᠢ ᠥᠭᠡᠷᠡᠴᠢᠯᠡᠨ ᠪᠠᠶᠢᠭᠤᠯᠤᠨ᠎ᠠ᠃ | 3. ᠠᠯᠠᠱᠠ ᠵᠡᠭᠦᠨ ᠬᠤᠰᠢᠭᠤᠨ ᠤ ᠳᠣᠯᠣᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠲᠠᠯ᠎ᠠ᠂ | ᠠᠶᠢᠮᠠᠭ ᠤᠨ ᠵᠣᠴᠢᠳ ᠤᠨ ᠪᠠᠭᠤᠳᠠᠯ ᠤᠨ ᠡᠮᠦᠨ᠎ᠡ ᠲᠠᠯ᠎ᠠ ᠳᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ | ᠪᠠᠶᠢᠭᠤᠯᠵᠤ᠂ ᠬᠤᠲᠠ ᠶᠢᠨ ᠲᠣᠭᠤᠷᠢᠭ ᠤᠨ ᠠᠵᠤ ᠠᠬᠤᠶᠢᠯᠠᠯ᠂ ᠪᠠᠶᠢᠭᠤᠯᠭ᠎ᠠ ᠨᠢᠭᠡᠴᠢ ᠶᠢᠨ ᠲᠡᠷᠭᠡᠨ ᠵᠣᠭᠰᠣᠭᠠᠯ ᠢ | ᠨᠡᠶᠢᠭᠡᠮ ᠨᠡᠶᠢᠲᠡ ᠳᠤ ᠨᠡᠭᠡᠭᠡᠬᠦ ᠶᠢᠨ ᠬᠠᠮᠲᠤ᠂ ᠣᠯᠠᠨ ᠨᠡᠶᠢᠲᠡ ᠶᠢᠨ ᠲᠡᠷᠭᠡ ᠵᠣᠭᠰᠤᠭᠠᠬᠤ ᠣᠷᠣᠨ ᠳᠤ ᠨᠢᠭᠡ | ᠪᠦᠯᠦᠭ ᠴᠠᠭᠢᠯᠭᠠᠨ ᠴᠡᠨᠡᠭᠯᠡᠬᠦ ᠪᠠᠭᠠᠨ᠎ᠠ ᠨᠡᠮᠡᠵᠦ ᠤᠭᠰᠠᠷᠠᠨ᠎ᠠ᠃ | 4. ᠪᠠᠶᠠᠨᠬᠤᠲᠠ ᠶᠢᠨ ᠪᠠᠳᠠᠢ ᠶᠢᠨ ᠵᠢᠷᠠᠨ ᠵᠠᠮ ᠤᠨ 7.8 ᠺᠢᠯᠣᠮᠧᠲᠷ ᠵᠠᠮ ᠤᠨ ᠭᠠᠳᠠᠷᠭᠤ᠂ ᠶᠠᠪᠠᠭᠠᠨ | ᠬᠥᠮᠥᠨ ᠤ ᠵᠠᠮ᠂ ᠬᠤᠭᠤᠯᠠᠢ ᠶᠢᠨ ᠲᠣᠣᠷ ᠵᠢᠴᠢ ᠳᠠᠭᠠᠯᠲᠠ ᠲᠥᠬᠦᠭᠡᠷᠦᠮᠵᠢ ᠶᠢ ᠥᠭᠡᠷᠡᠴᠢᠯᠡᠨ ᠲᠠᠰ ᠳᠡᠪᠰᠢᠭᠦᠯᠦᠨ᠎ᠡ᠃ | | 5. 3 ᠵᠢᠯ ᠤᠨ ᠬᠤᠭᠤᠴᠠᠭ᠎ᠠ ᠶᠢ ᠬᠡᠷᠡᠭᠯᠡᠨ᠂ ᠪᠦᠭᠦ ᠠᠶᠢᠮᠠᠭ ᠤᠨ ᠭᠤᠣᠯ ᠪᠤᠯᠬᠤ ᠬᠤᠲᠠ | ᠪᠠᠯᠭᠠᠰᠤ ᠶᠢᠨ ᠪᠤᠶ ᠪᠦᠬᠦᠢ ᠮᠤᠬᠤᠷ ᠵᠠᠮ ᠢ ᠨᠡᠪᠲᠡᠷᠡᠭᠦᠯᠦᠨ᠎ᠡ᠃ | 6. ᠠᠯᠠᠱᠠ ᠵᠡᠭᠦᠨ ᠬᠤᠰᠢᠭᠤ 30 ᠣᠷᠣᠨ ᠰᠠᠭᠤᠴᠠ ᠶᠢᠨ ᠲᠣᠭᠤᠷᠢᠭ ᠪᠠ 6 ᠪᠠᠶᠢᠰᠢᠩ ᠭᠡᠷ ᠤᠨ | ᠲᠣᠭᠤᠷᠢᠭ ᠤᠨ ᠤᠰᠤ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠵᠦ᠂ ᠠᠯᠠᠱᠠ ᠪᠠᠷᠠᠭᠤᠨ ᠬᠤᠰᠢᠭᠤ 5 | ᠺᠢᠯᠣᠮᠧᠲᠷ ᠤᠰᠤ ᠬᠠᠩᠭᠠᠬᠤ ᠬᠤᠭᠤᠯᠠᠢ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠤᠨ᠎ᠠ; | ᠮᠠᠯᠵᠢᠬᠤ ᠲᠠᠷᠢᠶᠠᠯᠠᠬᠤ ᠣᠷᠣᠨ ᠳᠤ ᠤᠰᠤᠨ ᠰᠤᠷᠪᠤᠯᠵᠢ ᠶᠢᠨ ᠬᠤᠳᠳᠤᠭ᠂ ᠤᠰᠤ ᠬᠠᠳᠠᠭᠠᠯᠠᠬᠤ ᠴᠥᠭᠦᠷᠥᠮ 63 | ᠪᠠᠶᠢᠭᠤᠯᠵᠤ᠂ 50 ᠺᠢᠯᠣᠮᠧᠲᠷ ᠤᠰᠤ ᠬᠠᠩᠭᠠᠬᠤ ᠬᠤᠭᠤᠯᠠᠢ ᠶᠢᠨ ᠲᠣᠣᠷ ᠳᠡᠪᠢᠰᠦᠨ᠎ᠡ᠃ | 7. ᠪᠦᠭᠦ ᠠᠶᠢᠮᠠᠭ ᠤᠨ ᠭᠤᠣᠯ ᠪᠤᠯᠬᠤ ᠬᠤᠳᠠ ᠪᠠᠯᠭᠠᠰᠤᠨ ᠤ ᠬᠠᠭᠤᠷᠠᠢ ᠵᠣᠷᠯᠣᠩ ᠢ ᠪᠦᠭᠦᠨ ᠢ | ᠤᠰᠠᠳᠬᠠᠵᠤ᠂ ᠤᠰᠤ ᠪᠠᠷ ᠤᠬᠢᠶᠠᠬᠤ ᠭᠡᠯᠪᠡᠷᠢ ᠶᠢᠨ ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢ | ᠰᠢᠨ᠎ᠡ ᠪᠠᠷ ᠪᠠᠶᠢᠭᠤᠯᠤᠨ᠎ᠠ᠃ | 8. ᠪᠦᠭᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠮᠤᠷ ᠢ | ᠬᠠᠮᠠᠭᠠᠯᠠᠬᠤ ᠡᠩᠨᠡᠭᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ | 9. ᠪᠠᠶᠢᠭᠤᠯᠭ᠎ᠠ ᠨᠢᠭᠡᠴᠢ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ | ᠨᠡᠶᠢᠭᠡᠮ ᠳᠤ ᠨᠡᠭᠡᠭᠡᠬᠦ ᠶᠢ ᠡᠮᠬᠢ ᠵᠢᠷᠤᠮ ᠲᠠᠢ ᠠᠬᠢᠭᠤᠯᠵᠤ᠂ ᠨᠢᠭᠡ ᠪᠦᠯᠦᠭ ᠨᠡᠶᠢᠭᠡᠮ ᠲᠣᠭᠤᠷᠢᠭ ᠤᠨ ᠠᠵᠢᠯᠯᠠᠭᠠᠨ ᠤ | ᠲᠥᠬᠦᠭᠡᠷᠦᠮᠵᠢ ᠶᠢ ᠰᠠᠶᠢᠵᠢᠷᠠᠭᠤᠯᠤᠨ᠎ᠠ᠃ | 10. ᠬᠤᠲᠠ ᠶᠢᠨ ᠲᠣᠭᠤᠷᠢᠭ ᠤᠨ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠢ ᠥᠭᠡᠷᠡᠴᠢᠯᠡᠨ ᠲᠠᠰ | ᠳᠡᠪᠰᠢᠭᠦᠯᠦᠨ᠎ᠡ᠃ | 11. ᠪᠦᠭᠦ ᠠᠶᠢᠮᠠᠭ ᠤᠨ ᠣᠷᠣᠨ ᠰᠠᠭᠤᠴᠠ ᠶᠢᠨ ᠲᠣᠭᠤᠷᠢᠭ ᠢᠯᠠᠩᠭᠤᠶ᠎ᠠ ᠰᠠᠭᠤᠷᠢ ᠲᠥᠬᠦᠭᠡᠷᠦᠮᠵᠢ | ᠪᠦᠷᠢᠨ ᠪᠤᠰᠤ᠂ ᠪᠠᠷᠢᠯᠭ᠎ᠠ ᠳᠠᠭᠤᠰᠤᠭᠠᠳᠤᠢ ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 12. ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠰᠠᠴᠤᠷᠠᠭ ᠳᠦᠷᠰᠦ ᠶᠢᠨ ᠲᠥᠬᠦᠭᠡᠷᠦᠮᠵᠢ ᠶᠢ | ᠲᠠᠰ ᠳᠡᠪᠰᠢᠭᠦᠯᠦᠨ᠎ᠡ᠃ | 13᠂ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠴᠤ ᠠᠷᠠᠳ ᠲᠤ | ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ 3 ᠲᠦᠮᠡᠨ ᠡᠷᠦᠭᠡ ᠳᠤ ᠷᠠᠳᠢᠣ᠋ ᠲᠧᠯᠸᠢᠰ ᠤᠨ ᠦᠢᠯᠡᠴᠢᠯᠡᠭᠡ | ᠬᠠᠩᠭᠠᠨ᠎ᠠ᠃ | 14. ᠶᠠᠳᠠᠭᠤ ᠶᠢ ᠰᠡᠷᠭᠡᠶᠢᠯᠡᠬᠦ ᠳᠠᠭᠠᠳᠬᠠᠯ ᠠᠪᠤᠭᠰᠠᠨ ᠮᠠᠯᠴᠢᠨ ᠲᠠᠷᠢᠶᠠᠴᠢᠨ ᠳᠤ ᠳᠠᠭᠠᠳᠬᠠᠯ ᠤᠨ | ᠨᠥᠬᠦᠪᠦᠷᠢ ᠣᠯᠭᠤᠨ᠎ᠠ᠃ | 15. ᠡᠵᠡᠨ᠎ᠡ ᠭᠦᠭᠡᠬᠤᠲᠠ ᠶᠢᠨ ᠬᠤᠭᠤᠷᠤᠨᠳᠤᠭᠢ ᠡᠳᠦᠷ ᠪᠦᠷᠢ ᠶᠢᠨ ᠭᠠᠯᠲᠤ ᠲᠡᠷᠭᠡ ᠶᠢ | ᠨᠡᠪᠲᠡᠷᠡᠭᠦᠯᠦᠨ᠎ᠡ᠃ | 7. ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢᠨ ᠲᠣᠭᠤᠷᠢᠨ ᠳᠤ᠂ | ᠠᠶᠤᠯᠭᠦᠢ ᠦᠢᠯᠡᠳᠪᠦᠷᠢᠯᠡᠯ᠂ ᠠᠶᠤᠯ ᠲᠦᠭᠰᠢᠭᠦᠷᠢ ᠪᠣᠯᠣᠨ ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠪᠦᠭᠦ ᠠᠶᠢᠮᠠᠭ ᠤᠨ ᠶᠡᠭᠡ ᠲᠠᠯ᠎ᠠ ᠶᠢᠨ ︽ᠡᠶ᠎ᠡ ᠵᠣᠬᠢᠴᠠᠩᠭᠤᠢ ᠲᠣᠭᠲᠠᠭᠤᠨ︾ ᠢ ᠠᠬᠢᠭᠤᠯᠤᠨ᠎ᠠ | ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠨ᠎ᠠ | ᠠᠶᠤᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ | ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠭᠤᠣᠯᠳᠠᠯᠭ᠎ᠠ ᠲᠠᠢ ᠬᠦᠷᠢᠶᠡᠨ ᠤ ᠳᠠᠯᠳᠠ ᠭᠡᠮ ᠢ ᠪᠦᠭᠦ | ᠲᠠᠯ᠎ᠠ ᠪᠠᠷ ᠴᠡᠭᠴᠡᠯᠡᠨ ᠵᠠᠰᠠᠵᠤ᠂ ᠬᠢᠨᠠᠨ ᠬᠠᠮᠢᠶᠠᠷᠬᠤ ᠡᠩᠨᠡᠭᠡ ᠶᠢᠨ ᠴᠢᠳᠠᠪᠤᠷᠢ ᠬᠡᠪ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠦᠨ᠎ᠠ᠃ | ᠪᠦᠭᠦ ᠬᠦᠴᠦᠨ ᠢᠶᠠᠷ ᠢᠶᠠᠨ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ;ᠣᠷᠣᠨ | ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠭᠠᠬᠤ | ᠬᠤᠷᠢᠭ᠎ᠠ ᠱᠤᠭᠤᠮ ᠢ ᠪᠠᠲᠤ ᠰᠠᠬᠢᠨ᠎ᠠ᠃ | ᠵᠠᠰᠠᠯᠲᠠ ᠶᠢᠨ ᠦᠷ᠎ᠡ ᠪᠦᠲᠦᠮᠵᠢ ᠶᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ | ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ᠂ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | 8. ᠠᠷᠠᠳ ᠲᠦᠮᠡᠨ ᠤ ᠰᠡᠳᠬᠢᠯ ᠳᠤ ᠲᠠᠭᠠᠯᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠬᠤ ᠶᠢᠨ | ᠲᠣᠭᠤᠷᠢᠨ ᠳᠤ᠂ ᠤᠯᠤᠰ ᠲᠥᠷᠥ ᠶᠢᠨ ᠪᠠᠶᠢᠭᠤᠯᠤᠯᠲᠠ᠂ ᠬᠠᠤᠯᠢ ᠪᠠᠷ ᠵᠠᠰᠠᠬᠤ ᠪᠠᠶᠢᠭᠤᠯᠤᠯᠲᠠ᠂ ᠰᠠᠬᠢᠯᠭ᠎ᠠ ᠪᠠᠲᠤ | ᠣᠪᠣᠷ ᠰᠤᠷᠲᠠᠯ ᠪᠠ ᠦᠷ᠎ᠡ ᠪᠦᠲᠦᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠤ | ᠠᠵᠢᠯ ᠤᠨ ︽ᠪᠠᠷᠢᠮᠵᠢᠶ᠎ᠠ ᠶᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠬᠦ︾ ᠶᠢ ᠲᠦᠯᠬᠢᠨ ᠠᠬᠢᠭᠤᠯᠤᠨ᠎ᠠ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ | ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠨ᠂ ︽ᠨᠠᠢᠮᠠᠳᠤᠭᠠᠷ ᠲᠠᠪᠤᠨ ᠵᠢᠯ | ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠡᠷᠬᠡ ᠶᠢ | ᠢᠯᠡ ᠲᠣᠳᠣ᠂ ᠡᠷᠬᠡ ᠲᠡᠭᠰᠢ ᠲᠥᠪ ᠭᠤᠣᠯᠴᠢ ᠠᠵᠢᠯᠯᠠᠭᠤᠯᠤᠨ᠎ᠠ᠃ | ᠭᠦᠢᠴᠡᠳᠬᠡᠬᠦ ᠴᠢᠳᠠᠮᠵᠢ ᠶᠢ ᠨᠡᠮᠡᠭᠳᠡᠭᠦᠯᠦᠨ᠎ᠡ | ︽ᠳᠠᠷᠤᠶᠢᠬᠠᠨ ᠭᠦᠢᠴᠡᠳᠬᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ︾ ᠶᠢ ᠪᠠᠷᠢᠮᠲᠠᠯᠠᠵᠤ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯᠣᠨ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ | ᠵᠠᠯᠠᠷᠠᠭᠤᠯᠵᠤ᠂ ︽ᠠᠯᠵᠠᠭᠤ ᠵᠠᠯᠬᠠᠭᠤ ᠰᠤᠯᠠ ᠵᠠᠳᠠᠭᠠᠢ᠂ ᠤᠳᠠᠭᠠᠨ ᠪᠦᠳᠦᠭᠦᠯᠢᠭ ᠬᠠᠭᠤᠷᠮᠠᠭ︾ ᠠᠰᠠᠭᠤᠳᠠᠯ ᠢ | ᠴᠡᠭᠴᠡᠯᠡᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠺᠠᠳ᠋ᠷ ᠤᠨ ᠡᠩᠨᠡᠭᠡᠨ ᠤ ᠬᠥᠳᠡᠯᠭᠡᠬᠦ | ᠬᠦᠴᠦᠨ᠂ ᠪᠣᠳᠠᠲᠤ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠠ᠃ | ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ | ᠵᠠᠰᠠᠭ ᠤᠨ ᠣᠷᠳᠣᠨ ᠤ ᠰᠢᠰᠲ᠋ᠧᠮ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ | ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ︽ᠠᠷᠪᠢᠴᠢ | ᠭᠠᠮᠲᠠᠢ ᠠᠮᠢᠳᠤᠷᠠᠬᠤ︾ ᠳᠠᠳᠬᠠᠯ ᠢ ᠪᠦᠷᠢᠯᠳᠦᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ | ᠠᠬᠤᠢ ᠶᠢ ᠦᠷᠭᠦᠯᠵᠢᠯᠡᠨ ᠪᠠᠬᠢᠵᠢᠭᠦᠯᠦᠨ᠎ᠡ᠃ | |