| 4 ᠰᠠᠷ᠎ᠠ ᠶᠢᠨ 5 ᠤ ᠡᠳᠦᠷ᠂ ᠠᠯᠠᠱᠠ ᠵᠡᠭᠦᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠬᠠᠲᠠᠭᠤ | ᠬᠠᠷ᠎ᠠ ᠶᠢᠨ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠴᠣᠭᠲᠤᠬᠦ᠋ᠷᠢᠶ᠎ᠡ ᠰᠤᠮᠤᠨ ᠳᠤ ᠡᠬᠢᠯᠡᠵᠦ᠂ ᠮᠠᠰᠢ ᠣᠯᠠᠨ | ᠵᠤᠭᠠᠴᠠᠭᠰᠠᠳ ᠤᠨ ᠠᠩᠬᠠᠷᠤᠯ ᠢ ᠲᠠᠲᠠᠪᠠ᠃ | | | | | | | | | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠯᠠᠱᠠ ᠠᠶᠢᠮᠠᠭ ᠤᠨ ᠤᠯᠠᠭᠠᠨᠮᠥ᠋ᠴᠢᠷ ᠤᠨ ᠲᠣᠭᠯᠠᠭᠴᠢᠳ | ᠦᠨᠳᠦᠰᠦᠲᠡᠨ ᠤ ᠣᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠶᠢ ᠠᠪᠴᠢᠷᠠᠵᠤ᠂ ᠲᠤᠬᠠᠢ ᠶᠢᠨ ᠭᠠᠵᠠᠷ ᠤᠨ | ᠥᠪᠡᠷᠮᠢᠴᠡ ᠰᠣᠶᠣᠯ᠂ ᠵᠠᠩ ᠦᠢᠯᠡ ᠶᠢ ᠠᠮᠢᠳᠤᠯᠢᠭ ᠢᠶᠠᠷ ᠳᠡᠯᠭᠡᠨ ᠦᠵᠡᠭᠦᠯᠵᠡᠢ᠃ ᠮᠠᠯᠴᠢᠳ ᠤᠨ ᠨᠠᠭᠠᠳᠤᠮ ᠤᠨ | ᠬᠤᠷᠠᠯ ᠴᠤ ᠵᠡᠷᠭᠡ ᠪᠠᠷ ᠶᠠᠪᠤᠭᠳᠠᠵᠤ᠂ ᠪᠣᠷᠠᠨᠳᠠᠭ ᠲᠣᠮᠣᠬᠤ᠂ ᠪᠥᠬᠡ ᠪᠠᠷᠢᠯᠳᠤᠬᠤ᠂ ᠰᠤᠷ ᠬᠠᠷᠪᠤᠬᠤ ᠵᠡᠷᠭᠡ | ᠤᠯᠠᠮᠵᠢᠯᠠᠯᠲᠤ ᠤᠷᠤᠯᠳᠤᠭᠠᠨ ᠤ ᠲᠦᠷᠦᠯ ᠵᠦᠢᠯ ᠨᠢ ᠴᠦ ᠬᠦᠷ ᠬᠥᠭᠵᠢᠶᠡᠨ ᠲᠠᠢ ᠶᠠᠪᠣᠭᠳᠠᠪᠠ᠃ ᠤᠷᠠᠨ ᠰᠠᠶᠢᠬᠠᠨ | ᠦᠭᠡ ᠦᠭᠦᠯᠡᠪᠦᠷᠢ ᠪᠠᠷ ᠪᠦᠷᠢᠯᠳᠦᠭᠰᠡᠨ ᠵᠠᠮ ᠤᠨ ᠲᠡᠮᠳᠡᠭ ᠤᠨ ᠵᠢᠭᠠᠯᠲᠠ ᠫᠠᠶᠢᠰᠠ ᠨᠢ ᠵᠤᠭᠠᠴᠠᠭᠰᠠᠳ ᠤᠨ ᠠᠶᠠᠨ | ᠵᠠᠮ ᠳᠠᠭᠠᠨ ᠰᠢᠯᠦᠭ ᠤᠨ ᠭᠤᠸ᠎ᠠ ᠰᠠᠶᠢᠬᠠᠨ ᠢ ᠰᠣᠨᠢᠷᠬᠠᠭᠤᠯᠵᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ | ᠮᠡᠳᠡᠷᠡᠭᠦᠯᠪᠡ᠃ | |