ᠤᠯᠤᠰ ᠲᠦᠷᠦ ᠶᠢᠨ ᠵᠥᠪᠯᠡᠯᠭᠡᠨ ᠤ ᠠᠯᠠᠱᠠ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/30
                                        ᠬᠤᠸᠠᠩ ᠶᠠ ᠯᠢ   ᠪᠠᠢ ᠬᠠᠢ ᠯᠢᠨ   ᠸᠠᠩ ᠸᠧᠢ ᠳ᠋ᠦᠩ ᠬᠤᠷᠠᠯ ᠳᠤ ᠣᠷᠣᠯᠴᠠᠵᠤ ᠪᠠᠶᠠᠷ ᠬᠦᠷᠭᠡᠪᠡ             ᠯᠦ   ᠯᠢ   ᠮᠢᠩ       ᠪᠠᠶᠢᠩᠭᠤ ᠶᠢᠨ   ᠬᠤᠷᠢᠶᠠᠨ ᠤ ᠠᠵᠢᠯ ᠤᠨ      ᠢᠯᠡᠳᠬᠡᠯ      ᠬᠢᠪᠡ           ︵ ᠰᠤᠷᠪᠤᠯᠵᠢᠯᠠᠬᠴᠢ ᠮᠧᠩ ᠶᠠᠨ  ᠰᠠᠷᠠᠨ᠎ᠠ   ᠨᠠᠮᠢᠷᠠ︶        1 ᠰᠠᠷ᠎ᠠ ᠶᠢᠨ 21 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠠᠯᠠᠱᠠ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠪᠠᠶᠠᠨᠬᠤᠲᠠ ᠳᠤ ᠡᠬᠢᠯᠡᠪᠡ᠃          ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠳᠤ ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠶᠠᠷᠢᠶ᠎ᠠ ᠲᠠᠯᠪᠢᠪᠠ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠸᠠᠩ ᠸᠧᠢ ᠳ᠋ᠦᠩ ᠬᠤᠷᠠᠯ ᠳᠤ ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃          ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠦ ᠯᠢ ᠮᠢᠩ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃          ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠧ ᠮᠢᠩ ᠬᠤᠷᠠᠯ ᠢ ᠡᠷᠭᠢᠯᠡᠪᠡ ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠵᠢᠶᠦ᠋ᠨ ᠯᠠᠢ᠂ ᠬᠠᠰᠪᠠᠭᠠᠨ᠎ᠠ᠂ ᠬᠤ᠋ ᠲᠢᠶᠠᠨ ᠰᠢᠶᠠᠩ᠂ ᠹᠠᠨ ᠶᠢᠩ᠂ ᠸᠠᠩ ᠯᠢ ᠵᠢᠶᠦ᠋ᠨ ᠪᠣᠯᠣᠨ ᠨᠠᠷᠢᠨ ᠪᠢᠴᠢᠭ ᠤᠨ ᠳᠠᠷᠤᠭ᠎ᠠ ᠯᠢᠦ ᠬᠤᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃          ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠤᠯᠭ᠎ᠠ ᠳᠤ ᠪᠠᠰᠠ᠄ ᠶᠠᠩ ᠬᠠᠢ᠂ ᠯᠢᠦ ᡁᠢ ᠴᠢᠶᠠᠩ᠂ ᠸᠧᠢ ᡁᠢ ᠭᠦᠸᠧ᠂ ᠯᠧᠢ ᠬᠠᠢ᠂ ᠸᠠᠩ ᠹᠧᠩ᠂ ᠷᠧᠨ ᠯᠢ ᠬᠤᠸᠠ᠂ ᠸᠠᠩ ᠺᠧ ᠸᠧᠢ ᠵᠡᠷᠭᠡ ᠪᠤᠢ᠃          ᠲᠣᠰ ᠤᠳᠠᠭᠠᠨ ᠤ ᠬᠤᠷᠠᠯ ᠳᠤ ᠣᠷᠤᠯᠴᠠᠬᠤ ᠶᠣᠰᠣᠲᠠᠢ ᠭᠡᠰᠢᠭᠦᠨ 165 ᠬᠥᠮᠥᠨ᠂ ᠪᠣᠳᠠᠲᠠᠢ ᠣᠷᠣᠯᠴᠠᠬᠰᠠᠨ ᠭᠡᠰᠢᠭᠦᠨ 145 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃          ᠬᠤᠷᠠᠯ ᠠᠴᠠ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃              ᠬᠤᠸᠠᠩ ᠶᠠ ᠯᠢ ᠠᠶᠢᠮᠠᠭ ᠤᠨ ᠨᠠᠮ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠬᠦ ᠶᠢᠨ ᠬᠠᠮᠲᠤ᠂ ᠤᠯᠤᠰ ᠲᠥᠷᠥ ᠶᠢᠨ ᠵᠥᠪᠯᠡᠯᠭᠡᠨ ᠤ ᠪᠦᠭᠦ ᠭᠡᠰᠢᠭᠦᠨ ᠪᠣᠯᠣᠨ ᠬᠤᠷᠠᠯ ᠳᠤ ᠣᠷᠣᠯᠴᠠᠬᠰᠠᠨ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠥᠩᠭᠡᠷᠡᠭᠰᠡᠨ ᠨᠢᠭᠡ ᠵᠢᠯ ᠳᠤ᠂ ᠪᠦᠭᠦ ᠠᠶᠢᠮᠠᠭ ᠤᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠣᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠶᠢᠮᠠᠭ ᠤᠨ ᠨᠠᠮ ᠤᠨ ᠬᠤᠷᠢᠶ᠎ᠠ ᠲᠠᠢ ᠰᠡᠳᠬᠢᠯ ᠰᠠᠨᠠᠭ᠎ᠠ ᠪᠠᠨ ᠨᠢᠭᠡᠳᠬᠡᠨ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠦᠷᠤ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠤ ᠶᠢᠨ ᠵᠢᠯᠣᠭᠤᠳᠤᠯᠭ᠎ᠠ ᠬᠦᠴᠦᠨ ᠲᠡᠭᠦᠯᠳᠡᠷ᠂ ᠦᠷ᠎ᠡ ᠪᠦᠲᠦᠮᠵᠢᠲᠡᠢ᠂ ᠵᠥᠪᠯᠡᠯ ᠠᠷᠠᠳᠴᠢᠯᠠᠯ ᠣᠨᠴᠠᠯᠢᠭ ᠲᠠᠢ ᠪᠣᠯᠵᠤ᠂ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠨ᠂ ᠪᠦᠭᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠬᠡᠯᠡᠪᠡ᠃          ᠬᠤᠸᠠᠩ ᠶᠠ ᠯᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯ ᠬᠤᠷᠢᠶᠠᠬᠤ ᠵᠢᠯ ᠪᠥᠭᠡᠳ ︽ᠠᠷᠪᠠᠨ ᠲᠠᠪᠤᠳᠤᠭᠠᠷ ᠲᠠᠪᠤᠨ ᠵᠢᠯ︾  ᠢ ᠲᠥᠯᠥᠪᠵᠢᠭᠦᠯᠬᠦ ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠣᠨ ᠭᠡᠰᠢᠭᠦᠳ ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾  ᠢ ᠬᠡᠷᠡᠭᠵᠢᠭᠦᠯᠬᠦ ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠪᠠ ᠠᠶᠢᠮᠠᠭ ᠤᠨ ᠨᠠᠮ ᠤᠨ ᠬᠤᠷᠢᠶ᠎ᠠ ᠶᠢᠨ ︽157︾ ᠰᠡᠳᠬᠢᠴᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠢᠲᠡᠭᠡᠯ ᠵᠣᠷᠢᠭ ᠢᠶᠠᠨ ᠪᠠᠲᠤᠳᠬᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠬᠥᠮᠥᠰ ᠤᠨ ᠰᠡᠳᠬᠢᠯ ᠢ ᠳᠤᠯᠠᠭᠠᠴᠠᠭᠤᠯᠬᠤ᠂ ᠰᠡᠳᠬᠢᠯ ᠢᠶᠠᠨ ᠨᠢᠭᠡᠳᠬᠡᠬᠦ ᠳᠡᠭᠡᠷ᠎ᠡ ᠬᠦᠴᠦ ᠲᠠᠯᠪᠢᠵᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠬᠦᠴᠦ ᠪᠠᠨ ᠬᠠᠮᠲᠤᠳᠬᠠᠬᠤ ᠪᠠ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠭᠠᠷᠭᠠᠬᠤ ᠬᠡᠷᠡᠭᠲᠡᠢ᠃  ᠶᠡᠭᠡ ᠲᠠᠯ᠎ᠠ ᠶᠢᠨ ᠲᠣᠭᠤᠷᠢᠨ ᠳᠤ᠂ ᠵᠥᠪᠯᠡᠬᠦ ᠰᠡᠳᠦᠪ ᠤᠨ ᠰᠣᠩᠭᠤᠯᠲᠠ᠂ᠪᠠᠶᠢᠴᠠᠭᠠᠨ ᠰᠤᠳᠤᠯᠤᠯᠲᠠ᠂ ᠬᠠᠷᠢᠯᠴᠠᠭ᠎ᠠ ᠰᠣᠯᠢᠯᠴᠠᠭ᠎ᠠ᠂ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠠᠵᠢᠯ ᠢ ᠴᠢᠨᠠᠷ ᠰᠠᠶᠢᠲᠠᠢ ᠬᠢᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠦᠨ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠲᠠᠯ᠎ᠠ ᠪᠠᠷ ᠨᠡᠩ ᠤᠯᠠᠨ ︽ᠰᠠᠶᠢᠨ ᠠᠷᠭ᠎ᠠ︾ ᠲᠠᠢ ᠪᠠᠶᠢᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ︽ᠤᠯᠤᠰ ᠲᠦᠷᠦ ᠶᠢ ᠵᠥᠪᠯᠡᠬᠦ ᠶᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠵᠠᠰᠠᠭ ᠤᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠭᠢᠮᠯᠡᠭᠦ᠂ ᠵᠠᠩ ᠰᠤᠷᠲᠠᠯ ᠢ ᠴᠢᠬᠤᠯᠠᠴᠢᠯᠠᠬᠤ︾ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠤᠯᠬᠤ ᠪᠠᠷ ᠴᠢᠷᠮᠠᠶᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠭᠦ ᠲᠠᠯ᠎ᠠ ᠪᠠᠷ ᠨᠡᠩ ᠤᠯᠠᠨ ︽ᠵᠢᠩᠬᠢᠨᠢ ᠴᠢᠳᠠᠪᠤᠷᠢ︾ ᠲᠠᠢ ᠪᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠪᠦᠭᠦ ᠬᠦᠴᠦᠨ ᠢᠶᠠᠷ ᠳᠡᠮᠵᠢᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠤᠯᠤᠰ ᠲᠦᠷᠦ ᠶᠢᠨ ᠲᠠᠯ᠎ᠠ ᠪᠠᠷ ᠪᠠᠶᠢᠷᠢ ᠰᠠᠭᠤᠷᠢ ᠲᠠᠢ᠂ ᠰᠠᠨᠠᠯ ᠵᠥᠪᠯᠡᠯᠭᠡ ᠳᠤᠷᠠᠳᠬᠤ ᠲᠣᠭᠢᠶᠠᠯ ᠲᠠᠢ᠂ ᠠᠵᠢᠯ ᠬᠢᠬᠦ ᠳᠤ ᠲᠠᠪᠴᠠᠩ ᠲᠠᠢ᠂ ᠠᠵᠢᠯ ᠳᠠᠭᠠᠨ ᠠᠮᠵᠢᠯᠲᠠ ᠪᠦᠲᠦᠭᠡᠯ ᠲᠠᠢ ᠪᠠᠶᠢᠬᠤ ᠶᠢ ᠦᠨᠡᠨ ᠬᠦ  ᠪᠠᠲᠤᠯᠠᠨ᠂ ᠨᠠᠮ ᠤᠨ ᠬᠤᠷᠢᠶ᠎ᠠ ᠠᠴᠠ ᠴᠢᠬᠤᠯᠠᠴᠢᠯᠠᠭᠰᠠᠨ᠂ ᠵᠠᠰᠠᠭ ᠤᠨ ᠣᠷᠳᠣᠨ ᠳᠡᠮᠵᠢᠭᠰᠡᠨ᠂ ᠤᠯᠤᠰ ᠲᠦᠷᠦ ᠶᠢᠨ ᠵᠥᠪᠯᠡᠯᠭᠡᠨ ᠰᠠᠨᠠᠭᠠᠴᠢᠯᠠᠭ᠎ᠠ ᠲᠠᠢ᠂ ᠡᠯ᠎ᠡ ᠲᠠᠯ᠎ᠠ ᠶᠢᠨ ᠬᠢᠨ ᠬᠠᠮᠵᠢᠯᠴᠠᠭᠰᠠᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ ᠭᠡᠵᠦ ᠬᠡᠯᠡᠪᠡ᠃          ᠯᠦ ᠯᠢ ᠮᠢᠩ᠂ 2024 ᠣᠨ ᠳᠤ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠦᠴᠦᠲᠦ ᠵᠢᠯᠣᠭᠤᠳᠤᠯᠭ᠎ᠠ ᠪᠠ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠭᠤᠣᠯᠳᠠᠯᠭ᠎ᠠ ᠶᠢᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠳᠤ ᠡᠯᠪᠡᠭ ᠪᠠᠶᠠᠯᠢᠭ ᠦᠷ᠎ᠡ ᠪᠦᠲᠦᠮᠵᠢ ᠣᠯᠪᠠ ᠭᠡᠪᠡ᠃          ᠯᠦ ᠯᠢ ᠮᠢᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ  ᠬᠠᠷᠠᠯᠲᠠ ᠶᠢ ᠪᠦᠭᠦ ᠲᠠᠯ᠎ᠠ ᠪᠠᠷ ᠪᠡᠶᠡᠯᠡᠭᠦᠯᠬᠦ ᠡᠴᠦᠰ ᠤᠨ ᠵᠢᠯ ᠪᠥᠭᠡᠳ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠣᠯᠣᠨ᠎ᠠ᠃ ᠪᠦᠭᠦ ᠠᠶᠢᠮᠠᠭ ᠤᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠣᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠪᠦᠭᠦ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠨ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠵᠤ᠂ ᠪᠦᠭᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ ᠬᠠᠷᠢᠭᠤᠴᠠᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠦᠶᠯᠡ ᠠᠵᠢᠯᠯᠠᠭ᠎ᠠ ᠶᠢ ᠢᠯᠡᠷᠡᠭᠦᠯᠦᠨ᠂ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢ ᠨᠡᠮᠡᠷᠢᠯᠡᠨ᠎ᠡ ᠭᠡᠪᠡ᠃          ᠹᠠᠨ ᠶᠢᠩ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ  ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠶᠡᠭᠡ ᠬᠤᠷᠠᠯ ᠳᠤ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠢ ᠬᠠᠷᠢᠭᠤ ᠮᠡᠳᠡᠭᠦᠯᠪᠡ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ᠨᠠᠭᠠᠰᠢ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠨᠡᠶᠢᠲᠡ 142 ᠬᠤᠪᠢ ᠰᠠᠨᠠᠯ ᠳᠤᠷᠠᠳᠤᠯᠭ᠎ᠠ ᠶᠢ ᠭᠥᠯᠢᠶᠡᠨ ᠠᠪᠴᠤ᠂ 98 ᠬᠤᠪᠢ ᠰᠠᠨᠠᠯ ᠳᠤᠷᠠᠳᠤᠯᠭ᠎ᠠ ᠶᠢ ᠬᠡᠷᠡᠭ ᠪᠣᠯᠭᠠᠨ ᠳᠡᠩᠰᠡᠯᠡᠵᠦ᠂ ᠡᠯ᠎ᠡ ᠳᠠᠭᠠᠭᠠᠨ ᠰᠢᠢᠳᠪᠦᠷᠢᠯᠡᠬᠦ ᠰᠠᠯᠠᠭ᠎ᠠ ᠮᠥᠴᠢᠷ ᠤᠨ ᠢᠳᠡᠪᠬᠢᠲᠡᠢ ᠴᠢᠷᠮᠠᠶᠢᠯᠭ᠎ᠠ ᠪᠠ ᠨᠠᠷᠢᠨ ᠬᠢᠨᠠᠮᠠᠭᠠᠢ ᠰᠢᠢᠳᠪᠦᠷᠢᠯᠡᠬᠦ ᠪᠠᠷ ᠳᠡᠮᠵᠢᠨ᠂ ᠬᠡᠷᠡᠭ ᠪᠣᠯᠭᠠᠨ ᠳᠠᠩᠰᠠᠯᠠᠭᠰᠠᠨ ᠰᠠᠨᠠᠯ ᠳᠤᠷᠠᠳᠤᠯᠭ᠎ᠠ ᠪᠦᠭᠦᠨ ᠢ ᠨᠢᠭᠡᠨᠲᠡ ᠰᠢᠢᠳᠪᠦᠷᠢᠯᠡᠵᠦ ᠳᠠᠭᠤᠰᠬᠠᠪᠠ᠃          ᠶᠣᠣ ᠲᠤᠤ ᠶᠤᠸᠠᠨ᠂ ᠬᠠᠨ ᠴᠧᠩ ᠳ᠋ᠦᠩ᠂ ᠬᠤᠸᠠᠩ ᠯᠢ᠂ ᠯᠢ ᠰᠢᠨ ᠶᠤᠸᠠᠨ᠂ ᠵᠠᠩ ᠶᠢᠤ ᠴᠢᠩ᠂ ᠫᠠᠨ ᠸᠧᠢ ᠵᠡᠷᠭᠡ   6 ᠭᠡᠰᠢᠭᠦᠨ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃ ᠪᠠᠶᠠᠨᠬᠤᠲᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠬᠤᠰᠢᠭᠤ ᠣᠷᠣᠨ ᠤ ᠭᠤᠣᠯ ᠬᠠᠷᠢᠭᠤᠴᠠᠯᠭᠠᠲᠠᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠲᠥᠪ ᠬᠤᠷᠢᠶ᠎ᠠ ᠤᠨ ᠪᠠ ᠥᠪᠡᠷᠲᠡᠭᠡᠨ ᠵᠠᠰᠠᠬᠤ ᠣᠷᠣᠨ ᠤ ᠠᠶᠢᠮᠠᠭ ᠲᠤ ᠰᠠᠭᠤᠭ᠎ᠠ ᠡᠯ᠎ᠡ ᠨᠢᠭᠡᠴᠢ᠂ ᠪᠠᠶᠠᠨᠬᠤᠲᠠ ᠳᠤ ᠰᠠᠭᠤᠭ᠎ᠠ ᠴᠡᠷᠢᠭ ᠴᠠᠭᠳᠠᠭ᠎ᠠ ᠶᠢᠨ ᠠᠩᠭᠢ ᠶᠢᠨ ᠬᠠᠷᠢᠭᠤᠴᠠᠯᠭᠠᠲᠠᠨ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠵᠠᠯᠠᠭᠤ ᠠᠵᠢᠭᠯᠠᠭᠴᠢ ᠪᠠ ᠡᠮᠡᠭᠲᠡᠢ ᠠᠵᠢᠭᠯᠠᠭᠴᠢ ᠬᠤᠷᠠᠯ ᠳᠤ ᠰᠤᠯᠠ ᠣᠷᠣᠯᠴᠠᠪᠠ᠃                  
 
ᠢᠷᠡᠯᠲᠡ᠄ ᠠᠯᠠᠱᠠ ᠶᠢᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号