ᠠᠯᠠᠱᠠ ᠵᠡᠭᠦᠨ ᠬᠤᠰᠢᠭᠤ ᠵᠠᠬ᠎ᠠ ᠵᠡᠭᠡᠯᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠦᠴᠦᠯᠡᠨ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2025/4/30
                                      ᠤᠷᠭᠤᠭ᠎ᠠ   ᠴᠢᠮᠡᠭᠡᠯᠡᠭᠴᠢ ᠴᠡᠯᠡᠭᠡᠷ︶ ᠴᠠᠭᠠᠨ ᠰᠠᠷ᠎ᠠ ᠢᠷᠡᠬᠦ ᠲᠠᠰᠢᠷᠠᠮ ᠢᠶᠠᠷ᠂  ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠢᠨ ᠪᠠᠶᠠᠨᠬᠤᠲᠠ ᠶᠢᠨ ᠡᠯ᠎ᠡ ᠵᠠᠬ᠎ᠠ ᠵᠡᠭᠡᠯᠢ ᠪᠠᠷ ᠭᠦᠨᠵᠡᠭᠡᠶᠢᠷᠡᠨ ᠪᠠᠶᠢᠴᠠᠭᠠᠯᠲᠠ ᠥᠷᠨᠢᠭᠦᠯᠵᠦ᠂ ᠢᠳᠡᠭᠡᠨ ᠤᠮᠳᠠᠭᠠᠨ ᠤ ᠠᠮᠤᠷ ᠲᠦᠪᠰᠢᠨ ᠢ ᠬᠦᠴᠦᠯᠡᠨ ᠪᠠᠲᠤᠯᠠᠵᠤ ᠪᠤᠢ᠃          ᠲᠣᠰ ᠤᠳᠠᠭ᠎ᠠ ᠭᠤᠣᠯᠳᠠᠭᠤ ᠪᠦᠭᠦ ᠬᠤᠰᠢᠭᠤᠨ ᠤ ᠴᠠᠭᠠᠨ ᠰᠠᠷ᠎ᠠ ᠪᠠ ᠪᠢᠲᠡᠭᠦᠨ ᠤ ᠬᠤᠭᠤᠯᠠ ᠶᠢ ᠭᠥᠯᠢᠶᠡᠨ ᠠᠪᠤᠭᠰᠠᠨ ᠢᠳᠡᠭᠡᠨ ᠤᠮᠳᠠᠭᠠᠨ ᠤ ᠨᠢᠭᠡᠴᠢ ᠳᠤ ᠬᠢᠨᠠᠯᠲᠠ ᠲᠠᠯᠪᠢᠵᠤ ᠲᠤᠰᠬᠠᠢ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠬᠤ ᠶᠠᠪᠤᠴᠠ ᠳᠤ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ᠂ ᠢᠳᠡᠭᠡᠨ ᠵᠢᠴᠢ ᠲᠦᠭᠦᠬᠡᠢ ᠮᠠᠲ᠋ᠧᠷᠢᠶᠠᠯ ᠤᠨ ᠭᠡᠷᠡᠴᠢ ᠪᠠᠷᠢᠮᠲᠠ᠂ ᠢᠳᠡᠭᠡᠨ ᠤ ᠥᠯᠢᠭᠡᠷ ᠡᠳ᠋ ᠦᠯᠡᠳᠡᠭᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ᠂ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢᠨ  ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠬᠡᠷᠡᠭᠯᠡᠭᠴᠢᠳ ᠲᠤ ᠢᠳᠡᠭᠡᠨ ᠢ ᠪᠦᠷᠢᠯᠭᠡᠨ ᠰᠦᠢᠳᠬᠡᠬᠦ ᠦᠭᠡᠢ ᠪᠠᠶᠢᠬᠤ ᠶᠢ ᠰᠠᠨᠠᠭᠤᠯᠤᠨ᠂ ᠤᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠴᠢᠬᠤᠯᠠᠴᠢᠯᠠᠬᠤ ᠤᠬᠠᠮᠰᠠᠷ ᠢ ᠲᠡᠭᠡᠭᠰᠢᠯᠡᠭᠦᠯᠭᠦ ᠪᠠᠷ ᠵᠣᠷᠢᠭᠰᠠᠨ ᠪᠠᠶᠢᠨ᠎ᠠ᠃          ᠡᠭᠦᠨ ᠠᠴᠠ ᠭᠠᠳᠠᠨ᠎ᠠ᠂ ᠠᠯᠠᠱᠠ ᠵᠡᠭᠦᠨ ᠬᠤᠰᠢᠭᠤᠨ ᠤ ᠵᠠᠰᠠᠭ ᠤᠨ ᠲᠠᠯ᠎ᠠ ᠠᠴᠠ ᠲᠣᠮᠣ ᠭᠡᠯᠪᠡᠷᠢ ᠶᠢᠨ ᠬᠤᠭᠤᠯᠠᠨ ᠭᠡᠷ᠂ ᠢᠳᠡᠭᠡᠨ ᠤᠮᠳᠠᠭᠠᠨ ᠪᠤᠯᠪᠠᠰᠤᠷᠠᠭᠤᠯᠬᠤ ᠡᠵᠡᠩᠨᠡᠯᠲᠡ ᠶᠢᠨ ᠡᠷᠤᠭᠡ ᠵᠡᠷᠭᠡ ᠢᠳᠡᠭᠡᠨ ᠤᠮᠳᠠᠭᠠᠨ ᠤ ᠨᠢᠭᠡᠴᠢ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠢᠳᠡᠭᠡᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠪᠠ ᠠᠵᠢᠯᠯᠠᠭᠠᠨ ᠤ ᠵᠢᠷᠤᠮᠵᠢᠯ ᠢ ᠴᠢᠩᠭ᠎ᠠ ᠵᠢᠷᠤᠮᠯᠠᠵᠤ᠂ ᠬᠡᠷᠡᠭᠯᠡᠭᠴᠢᠳ ᠲᠤ ᠠᠮᠤᠷ ᠲᠦᠪᠰᠢᠨ ᠬᠤᠭᠤᠯᠠ ᠤᠮᠳᠠ ᠬᠠᠩᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃        
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号