ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2025/4/30
                   ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ                 - ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠢ ᠰᠤᠷᠪᠤᠯᠵᠢᠯᠠᠭᠰᠠᠨ ᠨᠢ                      ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠴᠧᠨ ᠹᠧᠢ ᠢᠦᠢ   ᠳ᠋ᠢᠩ ᡁᠢ ᠵᠢᠶᠦ᠋ᠨ          ᠥᠪᠥᠷ ᠮᠣᠩᠭᠤᠯ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠢ ᠴᠢᠩᠭ᠎ᠠ ᠡᠵᠡᠮᠳᠡᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠵᠤ ᠠᠬᠤᠢ ᠶᠢᠨ ᠬᠥᠭᠵᠢᠯᠲᠡ ᠳᠤ ᠪᠠᠶᠠᠷᠯᠠᠭᠤᠰᠢᠲᠠᠢ ᠦᠷ᠎ᠡ ᠪᠦᠲᠦᠭᠡᠯ ᠣᠯᠪᠠ᠃ ᠥᠪᠥᠷ ᠮᠣᠩᠭᠤᠯ ᠰᠢᠨ᠎ᠡ ᠨᠢᠭᠡ ᠵᠢᠯ ᠳᠤ  ᠠᠵᠢᠯ ᠢᠶᠠᠨ ᠬᠡᠷᠬᠢᠨ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠪᠤᠶ︖ ᠰᠤᠷᠪᠤᠯᠵᠢᠯᠠᠬᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠢ ᠰᠤᠷᠪᠤᠯᠵᠢᠯᠠᠪᠠ᠃          ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠣᠷᠴᠢᠯ ᠳᠤ ᠲᠦᠷᠭᠡᠨ ᠣᠷᠣᠨ᠎ᠠ          ᠰᠤᠷᠪᠤᠯᠵᠢᠯᠠᠬᠴᠢ᠄ ᠥᠪᠥᠷ ᠮᠣᠩᠭᠤᠯ ᠳᠤ ᠲᠦᠷᠭᠡᠨ ᠬᠥᠭᠵᠢᠬᠦ ᠬᠠᠨᠳᠤᠰᠢ ᠢᠯᠡᠷᠡᠵᠡᠢ᠂ ᠥᠪᠡᠷᠲᠡᠭᠡᠨ ᠵᠠᠰᠠᠬᠤ ᠣᠷᠣᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠶᠠᠮᠠᠷ ᠶᠠᠮᠠᠷ ᠴᠢᠬᠤᠯᠠ ᠠᠷᠭ᠎ᠠ ᠬᠡᠮᠵᠢᠶ᠎ᠡ ᠠᠪᠤᠭᠰᠠᠨ ᠪᠤᠢ︖ ᠶᠠᠮᠠᠷᠰᠢᠤ ᠲᠣᠪᠣᠶᠢᠮ᠎ᠠ ᠦᠷ᠎ᠡ ᠪᠦᠲᠦᠮᠵᠢ ᠣᠯᠣᠭᠰᠠᠨ ᠪᠤᠢ︖          ᠰᠦᠨ ᠱᠤᠤ ᠴᠧᠩ᠄ ᠶᠡᠷᠦᠩᠬᠡᠢ ᠱᠦᠵᠢ ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ ᠭᠡᠵᠦ ᠴᠢᠬᠤᠯᠠᠴᠢᠯᠠᠪᠠ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠬᠦᠴᠢᠷᠳᠡᠯ ᠪᠣᠯᠣᠨ ᠲᠣᠪᠣᠶᠢᠮ᠎ᠠ ᠳᠤᠲᠠᠭᠤᠳᠠᠯ ᠢ ᠰᠢᠢᠳᠪᠦᠷᠢᠯᠡᠬᠦ ᠲᠠᠯ᠎ᠠ ᠠᠴᠠ ᠭᠠᠷᠳᠠᠨ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠪᠠ᠃          ᠨᠢᠭᠡ ᠳᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ︽ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ︾ ᠴᠢᠬᠤᠯᠠ ᠱᠠᠭᠠᠷᠳᠠᠯᠭ᠎ᠠ ᠶᠣᠰᠣᠭᠠᠷ᠂ ᠪᠢᠳᠡ ᠤᠯᠠᠮᠵᠢᠯᠠᠯᠲᠤ ᠠᠵᠤ ᠦᠢᠯᠡᠰ ᠢ ᠲᠦᠷᠭᠡᠨ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠨᠡᠭᠦᠷᠡᠰᠦ᠂ ᠰᠢᠨ᠎ᠡ ᠡᠨᠧᠷᠭᠢ ᠵᠡᠷᠭᠡ ᠠᠵᠤ ᠦᠢᠯᠡᠰ ᠤᠨ ᠬᠥᠭᠵᠢᠯᠲᠡ ᠶᠢ ᠪᠦᠭᠦ ᠬᠡᠯᠬᠢᠶ᠎ᠡ ᠪᠠᠷ ᠠᠬᠢᠭᠤᠯᠤᠨ᠂ ᠨᠡᠭᠦᠷᠡᠰᠦ ᠬᠤᠳᠠᠯᠳᠤᠬᠤ ᠶᠢ ᠴᠠᠭᠢᠯᠭᠠᠨ ᠬᠦᠷᠭᠡᠬᠦ ᠪᠣᠯᠭᠠᠨ ᠬᠤᠪᠢᠷᠠᠭᠤᠯᠬᠤ᠂ ᠲᠦᠯᠡᠰᠢ ᠶᠢ ᠲᠦᠭᠦᠬᠡᠢ ᠮᠠᠲ᠋ᠧᠷᠢᠶᠠᠯ ᠪᠤᠯᠭᠠᠬᠤ᠂ ᠪᠣᠬᠢᠷᠳᠤᠯ ᠦᠭᠡᠢ ᠴᠠᠭᠢᠯᠭᠠᠨ ᠭᠠᠷᠭᠠᠬᠤ ᠶᠢ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ ᠪᠣᠬᠢᠷᠳᠤᠯ ᠦᠭᠡᠢ ᠠᠯᠺᠤᠣᠯ ᠪᠤᠯᠭᠠᠬᠤ ᠪᠠᠷ ᠴᠢᠷᠮᠠᠶᠢᠪᠠ᠃ ᠨᠡᠭᠦᠷᠡᠰᠦᠨ ᠠᠴᠠ ᠪᠣᠯᠪᠠᠰᠤᠷᠠᠭᠤᠯᠤᠭᠰᠠᠨ ᠴᠢᠯᠠᠭᠤᠨ ᠲᠣᠰᠣ᠂ ᠨᠡᠭᠦᠷᠡᠰᠦᠨ ᠠᠴᠠ ᠪᠣᠯᠪᠠᠰᠤᠷᠠᠭᠤᠯᠤᠭᠰᠠᠨ ᠰᠢᠲᠠᠮᠠᠬᠠᠢ ᠬᠡᠢ ᠶᠢᠨ ᠭᠠᠷᠤᠯᠲᠠ ᠲᠣᠭᠲᠠᠭᠤᠨ ᠢᠶᠠᠷ ᠨᠡᠮᠡᠭᠳᠡᠵᠦ᠂ ᠰᠢᠨ᠎ᠡ ᠡᠨᠧᠷᠭᠢ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠶᠢ ᠪᠠᠲᠤᠯᠠᠨ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠵᠤ᠂ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠬᠤᠶᠠᠷ ᠵᠢᠯ ᠳᠠᠷᠠᠭᠠᠯᠠᠨ ᠨᠡᠭᠦᠷᠡᠰᠦᠨ ᠤ ᠠᠵᠤ ᠦᠢᠯᠡᠰ ᠠᠴᠠ ᠳᠠᠪᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠪᠦᠷᠢᠯᠡᠯ ᠤᠨ ᠥᠷᠲᠡᠭ 1000 ᠳ᠋ᠦᠩᠰᠢᠭᠤᠷ ᠲᠥᠭᠦᠷᠢᠭ ᠢ ᠳᠠᠪᠠᠪᠠ᠃          ᠬᠤᠶᠠᠷ ᠲᠤ᠂ ᠬᠥᠭᠵᠢᠶᠡᠨᠲᠡᠢ ᠡᠵᠡᠩᠨᠡᠯᠲᠡ ᠶᠢᠨ ᠣᠷᠴᠢᠨ ᠨᠥᠬᠦᠴᠡᠯ ᠢ ᠪᠤᠢ ᠪᠣᠯᠭᠠᠪᠠ᠃ ᠡᠬᠢ ᠪᠠᠶᠠᠯᠢᠭ ᠤᠨ ᠳᠠᠪᠠᠭᠤᠯᠢᠭ ᠰᠠᠶᠢᠨ ᠪᠤᠯᠪᠠᠴᠤ ᠵᠠᠬ᠎ᠠ ᠳᠡᠯᠭᠡᠭᠦᠷ ᠤᠨ ᠬᠦᠴᠦᠨ ᠵᠦᠢᠯ ᠬᠦᠷᠦᠯᠴᠡᠬᠦ ᠦᠭᠡᠢ ᠪᠠᠶᠢᠭ᠎ᠠ ᠪᠣᠳᠠᠲᠤ ᠪᠠᠶᠢᠳᠠᠯ ᠠᠴᠠ ᠡᠭᠦᠰᠴᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠤᠨ ᠠᠪᠴᠢᠷᠠᠬᠤ ᠶᠢ ᠶᠡᠭᠡ ᠪᠠᠷ ᠠᠳᠬᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠡᠵᠡᠩᠨᠡᠯᠲᠡ ᠶᠢᠨ ᠣᠷᠴᠢᠨ ᠨᠥᠬᠦᠴᠡᠯ ᠪᠠ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠪᠠ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ  ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢ ᠪᠠᠶᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠪᠣᠭᠤᠮᠲᠠ ᠰᠢᠪᠲᠤᠯᠬᠤ︾ ᠠᠵᠢᠯᠯᠠᠭ᠎ᠠ ᠶᠢ ᠥᠷᠨᠢᠭᠦᠯᠦᠨ᠂ ᠲᠥᠷᠥ ᠶᠢᠨ ᠪᠣᠳᠣᠯᠭ᠎ᠠ ᠨᠤᠭᠤᠳ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠥᠪᠥᠷ ᠮᠣᠩᠭᠤᠯ ᠳᠤ ᠢᠷᠡᠵᠦ ᠠᠵᠢᠯ ᠬᠢᠵᠦ ᠦᠢᠯᠡᠰ ᠪᠣᠰᠬᠠᠬᠤ ᠶᠢ ᠲᠠᠲᠠᠪᠠ᠃ ᠣᠶᠢᠷ᠎ᠠ ᠶᠢᠨ ᠬᠤᠶᠠᠷ ᠵᠢᠯ ᠳᠤ 1 ᠲᠦᠮᠡᠨ ᠳ᠋ᠦᠩᠰᠢᠭᠤᠷ ᠲᠥᠭᠦᠷᠢᠭ ᠤᠨ ᠪᠣᠳᠠᠲᠠᠶᠢᠵᠢᠭᠤᠯᠤᠭᠰᠠᠨ ᠪᠡᠯᠡ ᠮᠥᠩᠭᠦ᠂ 1431 ᠨᠡᠷᠡᠰ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 2024 ᠣᠨ ᠳᠤ ᠪᠦᠭᠦ ᠣᠷᠣᠨ ᠤ ᠠᠷᠠᠳ ᠤᠨ ᠡᠵᠡᠩᠨᠡᠯᠲᠡ ᠶᠢᠨ ᠪᠡᠶᠡᠴᠢ ᠴᠣᠭᠴᠠ 16.4 ᠲᠦᠮᠡᠨ ᠡᠷᠦᠭᠡ ᠴᠡᠪᠡᠷ ᠨᠡᠮᠡᠭᠳᠡᠨ᠂ 6.4% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠶᠡᠷᠦᠩᠬᠡᠢ ᠲᠤᠭ᠎ᠠ 9.3% ᠪᠠᠷ ᠨᠡᠮᠡᠭᠳᠡᠵᠦ᠂ ᠠᠵᠤ ᠠᠬᠤᠶᠢᠯᠠᠯ ᠤᠨ ᠬᠥᠭᠵᠢᠶᠡᠨᠲᠦ ᠬᠡᠮᠵᠢᠶ᠎ᠡ 70% ᠠᠴᠠ ᠳᠡᠭᠡᠭᠰᠢ ᠪᠤᠯᠲᠠᠯ᠎ᠠ ᠳᠡᠭᠡᠭᠰᠢᠯᠡᠪᠡ᠃          ᠭᠤᠷᠪᠠ ᠳᠤ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠪᠠ᠃ ᠡᠯ᠎ᠡ ᠱᠠᠲᠤᠨ ᠤ ᠬᠢᠨ ᠢ ᠬᠥᠲᠥᠯᠥᠨ ᠵᠢᠯᠤᠭᠤᠳᠴᠤ ᠪᠠᠶᠢᠭᠠᠳ ︽ᠡᠬᠢ ᠪᠠᠶᠠᠯᠢᠭ ᠡᠯᠪᠡᠭ ᠪᠤᠯᠪᠠᠴᠤ ᠵᠢᠭᠠᠬᠠᠨ ᠴᠤ ᠪᠦᠷᠢᠯᠭᠡᠨ ᠰᠦᠢᠳᠬᠡᠵᠦ ᠪᠤᠯᠬᠤ ᠦᠭᠡᠢ︾ ᠭᠡᠬᠦ ᠤᠬᠠᠮᠰᠠᠷ ᠢ ᠨᠢ ᠴᠢᠩᠭᠠᠷᠠᠭᠤᠯᠤᠨ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠠᠯᠪᠠᠳᠠᠯᠭ᠎ᠠ ᠪᠠᠷ ︽ᠲᠣᠭᠲᠠᠭᠠᠵᠤ︾᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ ᠵᠡᠷᠭᠡ ᠶᠢ ᠠᠷᠪᠢᠲᠠᠢ ᠡᠷᠴᠢᠮᠯᠢᠭ ᠠᠰᠢᠭᠯᠠᠬᠤ ᠶᠢ ᠪᠦᠭᠦ ᠲᠠᠯ᠎ᠠ ᠪᠠᠷ ᠠᠬᠢᠭᠤᠯᠤᠨ᠂ 2024 ᠣᠨ ᠳᠤ ᠳᠠᠷᠤᠢ ᠲᠠᠷᠢᠶᠠᠯᠠᠩ ᠤᠨ ᠤᠰᠤ ᠠᠷᠪᠢᠯᠠᠭᠰᠠᠨ ᠬᠡᠮᠵᠢᠶ᠎ᠡ ᠶᠢ 3.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃          ᠣᠷᠣᠨ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ᠂ ᠥᠪᠥᠷ ᠮᠣᠩᠭᠤᠯ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ 3 ᠵᠢᠯ ᠳᠠᠷᠠᠭᠠᠯᠠᠨ ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠤ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠡᠳ᠋ ᠤᠨ ᠵᠠᠰᠠᠭ ᠤᠨ ᠣᠷᠣᠯᠭ᠎ᠠ ᠶᠢᠨ ᠡᠵᠡᠯᠡᠬᠦ ᠬᠤᠪᠢ ᠶᠢᠨ ᠵᠢᠩ᠂ ᠡᠳ᠋ ᠤᠨ ᠵᠠᠰᠠᠭ ᠤᠨ ᠣᠷᠣᠯᠭ᠎ᠠ ᠳᠠᠬᠢ ᠭᠠᠶᠢᠯᠢ ᠶᠢᠨ ᠣᠷᠣᠯᠭ᠎ᠠ ᠶᠢᠨ ᠡᠵᠡᠯᠡᠬᠦ ᠬᠤᠪᠢ ᠶᠢᠨ ᠵᠢᠩ 10% ᠪᠠ 70% ᠠᠴᠠ ᠳᠡᠭᠡᠭᠰᠢ ᠪᠠᠶᠢᠬᠤ ᠶᠢ ᠪᠠᠲᠤᠯᠠᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠣᠷᠴᠢᠯ ᠳᠤ ᠲᠦᠷᠭᠡᠨ ᠣᠷᠣᠵᠤ ᠪᠠᠶᠢᠨ᠎ᠠ᠃          ᠦᠵᠡᠰᠬᠦᠯᠡᠩᠲᠦ ᠰᠠᠶᠢᠬᠠᠨ ᠬᠢᠭᠡᠳ ᠥᠷᠨᠢᠩᠭᠦᠢ ᠬᠥᠭᠵᠢᠯᠲᠡ ᠶᠢᠨ ᠬᠤᠣᠰ ᠠᠮᠵᠢᠯᠲᠠ ᠶᠢ ᠴᠢᠷᠮᠠᠶᠢᠨ ᠪᠡᠶᠡᠯᠡᠭᠦᠯᠦᠨ᠎ᠡ          ᠰᠤᠷᠪᠤᠯᠵᠢᠯᠠᠬᠴᠢ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ ︽ᠤᠮᠠᠷᠠᠲᠤ ᠶᠢᠨ ᠭᠤᠷᠪᠠᠨ ᠣᠷᠣᠨ︾ ᠤ  ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠴᠢᠬᠤᠯᠠ ᠦᠷ᠎ᠡ ᠪᠦᠲᠦᠭᠡᠯ ᠣᠯᠬᠤ ᠶᠢ ᠠᠬᠢᠭᠤᠯᠵᠤ᠂ ︽ᠡᠯᠡᠰᠦ ᠭᠤᠪᠢ ᠴᠦᠯᠯᠡᠷᠭᠡᠭ ᠭᠠᠵᠠᠷ︾ ᠤᠨ ᠰᠢᠨ᠎ᠡ ᠡᠨᠧᠷᠭᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠦ ᠳᠤᠷᠠᠳᠪᠠ᠃ ᠥᠪᠥᠷ ᠮᠣᠩᠭᠤᠯ ᠪᠣᠬᠢᠷᠳᠤᠯ ᠦᠭᠡᠢ ᠬᠥᠭᠵᠢᠯᠲᠡ ᠶᠢ ᠬᠡᠷᠬᠢᠨ ᠲᠥᠯᠥᠪᠵᠢᠭᠦᠯᠦᠭᠰᠡᠨ ᠪᠤᠢ︖ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠬᠢᠷᠢ ᠵᠡᠷᠭᠡ ᠪᠤᠶ︖ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ ᠨᠢ ᠶᠠᠭᠤ ᠪᠤᠢ︖          ᠰᠦᠨ ᠱᠤᠤ ᠴᠧᠩ᠄ ᠪᠣᠬᠢᠷᠳᠤᠯ ᠦᠭᠡᠢ ᠪᠣᠯ ᠥᠪᠥᠷ ᠮᠣᠩᠭᠤᠯ ᠤᠨ ᠳᠡᠪᠢᠰᠬᠡᠷ ᠥᠩᠭᠡ ᠪᠠ ᠦᠨ᠎ᠡ ᠦᠷᠳᠡᠭ ᠪᠣᠯᠣᠨ᠎ᠠ᠂ ᠡᠭᠦᠨ ᠢ ᠦᠢᠯᠡᠳᠦᠯᠭᠡ ᠶᠠᠪᠤᠬᠤ ᠳᠤᠳᠤᠮ ᠭᠡᠷᠡᠴᠢᠯᠡᠵᠦ ᠪᠤᠢ᠃ ᠪᠢᠳᠡ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠬᠥᠭᠵᠢᠯᠲᠡ ᠶᠢᠨ ᠪᠦᠭᠦ ᠶᠠᠪᠤᠴᠠ ᠳᠤ ᠲᠤᠭᠤᠰᠢᠯᠠᠭᠤᠯᠤᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ︽ᠦᠵᠡᠰᠬᠦᠯᠡᠩᠲᠦ ᠰᠠᠶᠢᠬᠠᠨ ᠬᠢᠭᠡᠳ ᠥᠷᠨᠢᠩᠭᠦᠢ ᠬᠥᠭᠵᠢᠯᠲᠡ ᠶᠢᠨ ᠬᠤᠣᠰ ᠠᠮᠵᠢᠯᠲᠠ︾ ᠶᠢ ᠴᠢᠷᠮᠠᠶᠢᠨ ᠪᠡᠶᠡᠯᠡᠭᠦᠯᠵᠦ ᠪᠤᠢ᠃                   ᠨᠢᠭᠡ ᠲᠠᠯ᠎ᠠ ᠪᠠᠷ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠠᠳᠬᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠳᠦᠷ ᠳᠤᠮᠳᠠᠴᠢ 6 ᠲᠦᠮᠡᠨ ᠮᠦ ᠶᠢᠨ ᠬᠤᠷᠳᠤᠴᠠ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠠᠬᠢᠭᠤᠯᠵᠤ᠂ ᠨᠢᠳᠤᠨᠤᠨ ᠪᠦᠭᠦ ᠣᠷᠣᠨ ᠤ ᠡᠯᠡᠰᠦ ᠶᠢ 1954 ᠲᠦᠮᠡᠨ ᠮᠦ ᠵᠠᠰᠠᠵᠤ᠂ 659 ᠲᠦᠮᠡᠨ ᠮᠦ ᠣᠶᠢᠵᠢᠭᠤᠯᠤᠨ᠂ 1923 ᠲᠦᠮᠡᠨ ᠮᠦ ᠡᠪᠡᠰᠦ ᠳᠠᠷᠢᠵᠤ᠂ ᠬᠠᠲᠤᠨ ᠭᠤᠣᠯ ᠤᠨ ᠶᠡᠭᠡ ᠲᠣᠬᠤᠢ ᠣᠷᠣᠨ ᠳᠠᠬᠢ ᠬᠥᠪᠴᠢ ᠶᠢᠨ ᠡᠯᠡᠰᠦᠨ ᠳᠤ ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠪᠦᠰᠡ᠂ ᠵᠠᠬ᠎ᠠ ᠶᠢ ᠨᠢ ᠪᠤᠷᠤᠤᠯᠠᠬᠤ ᠣᠶ ᠰᠢᠭᠤᠢ ᠵᠡᠷᠭᠡ ᠳᠥᠷᠪᠡᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ ᠥᠩᠭᠡᠷᠡᠭᠰᠡᠨ ᠳᠤ᠂ ᠣᠷᠳᠣᠰ ᠤᠨ ᠬᠠᠷᠢᠶᠠᠨ ᠳᠣᠲᠣᠷᠠᠬᠢ ︽ᠠᠷᠪᠠᠨ ᠶᠡᠭᠡ ᠬᠥᠨᠳᠡᠢ︾ ᠵᠢᠯ ᠪᠦᠷᠢ ᠬᠠᠳᠤᠨ ᠭᠤᠣᠯ ᠳᠤ 2700 ᠭᠠᠷᠤᠢ ᠲᠦᠮᠡᠨ ᠲᠣᠨ ᠡᠯᠡᠰᠦ ᠶᠡᠭᠦᠯᠡᠳᠡᠭ ᠪᠠᠶᠢᠭᠰᠠᠨ ᠠᠴᠠ ᠪᠠᠨ ᠤᠳᠤ ᠨᠢᠭᠡᠨᠲᠡ 400 ᠭᠠᠷᠤᠢ ᠲᠦᠮᠡᠨ ᠲᠣᠨ ᠪᠣᠯᠣᠨ ᠪᠠᠭᠤᠷᠠᠵᠤ ᠂ 2030 ᠣᠨ ᠪᠤᠯᠬᠤ ᠳᠤ 100 ᠲᠦᠮᠡᠨ ᠲᠣᠨ ᠠᠴᠠ ᠳᠣᠷᠣᠭᠰᠢ ᠪᠤᠯᠭᠠᠬᠤ ᠪᠠᠷ ᠴᠢᠷᠮᠠᠶᠢᠵᠤ ᠪᠠᠶᠢᠨ᠎ᠠ᠃          ᠨᠦᠭᠦᠭᠡ ᠲᠠᠯ᠎ᠠ ᠪᠠᠷ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠬᠤ ᠶᠢ ᠠᠬᠢᠭᠤᠯᠤᠨ᠎ᠠ ᠃ ᠶᠡᠷᠦᠩᠬᠡᠢ ᠱᠦᠵᠢ ᠰᠢ ᠶᠢᠨ ᠫᠢᠩ ᠤᠨ ︽ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ︾ ᠴᠢᠬᠤᠯᠠ ᠱᠠᠭᠠᠷᠳᠠᠯᠭ᠎ᠠ ᠶᠣᠰᠣᠭᠠᠷ᠂ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠨᠢᠳᠤᠨᠤᠨ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1.35 ᠳ᠋ᠦᠩᠰᠢᠭᠤᠷ ᠺᠢᠯᠣᠸᠠᠲ ᠲᠤ ᠬᠦᠷᠴᠦ᠂ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ 1000 ᠲᠦᠮᠡᠨ ᠺᠢᠯᠣᠸᠠᠲ ᠢ ᠳᠠᠪᠠᠵᠤ᠂ ᠪᠣᠬᠢᠷᠳᠤᠯ ᠦᠭᠡᠢ ᠴᠠᠭᠢᠯᠭᠠᠨ ᠤ ᠬᠡᠷᠡᠭᠯᠡᠭᠡ ᠨᠢ ᠴᠠᠭᠢᠯᠭᠠᠨ ᠬᠡᠷᠡᠭᠯᠡᠬᠦ ᠬᠡᠮᠵᠢᠶ᠎ᠡ ᠶᠢᠨ 30% ᠰᠢᠬᠠᠮ ᠪᠣᠯᠪᠠ᠃ ᠪᠢᠳᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ 2727 ᠲᠦᠮᠡᠨ ᠺᠢᠯᠣᠸᠠᠲ ᠪᠠᠶᠢᠭᠤᠯᠵᠤ᠂ 238 ᠲᠦᠮᠡᠨ ᠮᠦ ᠡᠯᠡᠰᠦ ᠶᠢ ᠲᠥᠭᠦᠷᠵᠢᠭᠦᠯᠦᠨ ᠵᠠᠰᠠᠪᠠ᠃ ᠬᠥᠪᠴᠢ ᠶᠢᠨ ᠡᠯᠡᠰᠦᠨ ᠳᠤ 400 ᠺᠢᠯᠣᠮᠧᠲᠷ ᠤᠷᠳᠤ᠂ 5 ᠺᠢᠯᠣᠮᠧᠲᠷ ᠥᠷᠭᠡᠨ ᠭᠡᠷᠡᠯᠴᠢ ᠴᠡᠨᠡᠭ ᠤᠨ ᠡᠯᠡᠰᠦ ᠶᠢ ᠵᠠᠰᠠᠬᠤ ᠠᠵᠤ ᠦᠢᠯᠡᠰ ᠤᠨ ᠪᠦᠰᠡ ᠶᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠭᠠᠳᠠᠭᠠᠳᠤ ᠶᠢᠨ ᠵᠠᠷᠢᠮ ᠵᠠᠭᠤᠴᠢᠯᠠᠭᠤᠷ ᠤᠨ ᠬᠢᠨ ᠡᠨᠡ ᠲᠤᠬᠠᠢ ᠳᠤᠮᠳᠠᠳᠤ ᠤᠯᠤᠰ ᠣᠲᠣ ᠶᠠᠭ ᠥᠭᠡᠷ᠎ᠡ ᠨᠢᠭᠡ ︽ᠣᠷᠳᠣ ᠴᠠᠭᠠᠨ ᠬᠡᠷᠡᠮ︾ ᠢ ᠪᠠᠶᠢᠭᠤᠯᠵᠤ ᠪᠠᠶᠢᠨ᠎ᠠ᠂ ᠡᠨᠡ  ᠨᠢ ︽ᠳᠤᠮᠳᠠᠳᠤ ᠤᠯᠤᠰ ᠨᠢᠭᠡᠨ ᠴᠡᠪᠡᠷ ᠡᠨᠧᠷᠭᠢ ᠲᠠᠢ ᠢᠷᠡᠭᠡᠳᠦᠢ ᠲᠡᠶᠢᠰᠢ ᠤᠷᠤᠭᠰᠢᠯᠠᠬᠤ ᠬᠤᠷᠳᠤᠴᠠ︾ ᠶᠢ ᠲᠥᠯᠥᠭᠡᠯᠡᠵᠦ ᠪᠠᠶᠢᠨ᠎ᠠ ᠭᠡᠵᠦ ᠮᠡᠳᠡᠭᠡᠯᠡᠪᠡ᠃          ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠥᠷᠭᠡᠨ ᠠᠭᠤᠳᠠᠮ ᠪᠠᠶᠢᠨ᠎ᠠ᠃ ᠡᠨᠡ ᠵᠢᠯ ᠤᠨ ᠬᠠᠷᠠᠯᠲᠠ ᠪᠣᠯ 4000 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠶᠢ ᠰᠢᠨ᠎ᠡ ᠪᠠᠷ ᠨᠡᠮᠡᠭᠳᠡᠭᠦᠯᠵᠦ᠂ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢᠨ ᠲᠦᠷᠦᠯ ᠵᠦᠢᠯ ᠢ 1000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠠᠵᠢᠯ ᠡᠬᠢᠯᠡᠭᠦᠯᠵᠦ᠂ ᠤᠰᠤᠲᠥ᠋ᠷᠥᠭᠴᠢ ᠡᠨᠧᠷᠭᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 20 ᠲᠦᠮᠡᠨ ᠲᠣᠨ ᠳᠤ ᠬᠦᠷᠭᠡᠵᠦ᠂ ᠭᠠᠳᠠᠭᠰᠢ ᠬᠦᠷᠭᠡᠬᠦ ᠪᠣᠬᠢᠷᠳᠤᠯ ᠦᠭᠡᠢ ᠴᠠᠭᠢᠯᠭᠠᠨ ᠢ 800 ᠳ᠋ᠦᠩᠰᠢᠭᠤᠷ ᠺᠢᠯᠣᠸᠠᠲ ᠴᠠᠭ ᠠᠴᠠ ᠳᠡᠭᠡᠭᠰᠢ ᠪᠣᠯᠭᠠᠨ᠎ᠠ᠃          ᠨᠡᠭᠡᠭᠡᠯᠲᠡ ᠬᠢᠵᠦ ᠬᠠᠮᠲᠤᠷᠠᠯᠴᠠᠬᠤ ᠥᠷᠭᠡᠴᠡ ᠪᠠ ᠭᠦᠨᠴᠡ ᠶᠢ ᠢᠳᠡᠪᠬᠢᠲᠡᠢ ᠥᠷᠭᠡᠳᠬᠡᠨ᠎ᠡ          ᠰᠤᠷᠪᠤᠯᠵᠢᠯᠠᠬᠴᠢ᠄ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠣᠨ᠎ᠠ᠂ ᠦᠢᠯᠡᠳᠦᠯᠭᠡ ᠶᠢᠨ ᠳᠤᠮᠳᠠ ᠨᠡᠭᠡᠭᠡᠯᠲᠡ ᠬᠢᠵᠦ ᠬᠠᠮᠲᠤᠷᠠᠯᠴᠠᠬᠤ ᠶᠢ ᠬᠡᠷᠬᠢᠨ ᠠᠬᠢᠭᠤᠯᠬᠤ ᠪᠤᠶ          ᠰᠦᠨ ᠱᠤᠤ ᠴᠧᠩ᠄ ᠥᠪᠥᠷ ᠮᠣᠩᠭᠤᠯ ᠣᠷᠣᠨ ᠪᠠᠶᠢᠷᠢ ᠪᠠᠷ ᠥᠪᠡᠷᠮᠢᠴᠡ ᠳᠠᠪᠠᠭᠤᠯᠢᠭ ᠲᠠᠢ᠂ ᠣᠶᠢᠷ᠎ᠠ  ᠶᠢᠨ ᠬᠤᠶᠠᠷ ᠵᠢᠯ ᠳᠤ ᠪᠢᠳᠡ ᠨᠡᠭᠡᠭᠡᠯᠲᠡ ᠬᠢᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢ ᠴᠣᠭᠴᠠᠯᠠᠬᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠵᠢᠷᠭᠤᠭ᠎ᠠ ᠶᠢ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠣᠯᠣᠨ ︽ᠳᠦᠷᠪᠡᠨ ᠵᠦᠢᠯ ᠤᠨ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠣᠲᠣᠭᠠᠳᠤ ᠭᠠᠳᠠᠭᠠᠳᠤ ᠨᠡᠭᠡᠭᠡᠯᠲᠡ ᠳᠤ ᠰᠢᠨ᠎ᠡ ᠪᠠᠶᠢᠳᠠᠯ ᠢᠯᠡᠷᠡᠪᠡ᠃ ᠨᠢᠳᠤᠨᠤᠨ᠂ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠠᠮᠵᠢᠯᠲᠠ ᠲᠠᠢ ᠪᠠᠷ ᠵᠥᠪᠰᠢᠶᠡᠷᠡᠭᠳᠡᠵᠦ᠂ ᠪᠦᠭᠦ ᠣᠷᠣᠨ ᠤ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1.2 ᠳ᠋ᠦᠩᠰᠢᠭᠤᠷ ᠲᠣᠨ ᠢ ᠳᠠᠪᠠᠵᠤ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠮᠵᠢᠶ᠎ᠡ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ᠂ ᠬᠢᠯᠢ ᠪᠠᠷ ᠣᠷᠣᠵᠤ ᠭᠠᠷᠬᠤ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠲᠣᠰ ᠲᠣᠰ 113%᠂ 68.3%᠂ 53% ᠪᠠᠷ ᠨᠡᠮᠡᠭᠳᠡᠪᠡ᠃ ᠥᠪᠥᠷ ᠮᠣᠩᠭᠤᠯ ᠤᠨ ᠦᠢᠯᠡᠳᠬᠦᠨ ᠢᠶᠠᠨ ᠪᠡᠭᠡᠵᠢᠩ ᠳᠤ ᠪᠣᠷᠣᠯᠠᠭᠤᠯᠤᠭᠰᠠᠨ ᠲᠤᠭ᠎ᠠ᠂ ᠪᠡᠭᠡᠵᠢᠩ ᠤᠨ ᠪᠡᠯᠡ ᠮᠥᠩᠭᠦ ᠥᠪᠥᠷ ᠮᠣᠩᠭᠤᠯ ᠳᠤ ᠢᠷᠡᠵᠦ ᠪᠡᠯᠡ ᠣᠷᠣᠭᠤᠯᠤᠭᠰᠠᠨ ᠲᠤᠭ᠎ᠠ ᠶᠡᠭᠡ ᠪᠠᠷ ᠨᠡᠮᠡᠭᠳᠡᠪᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠲᠦᠷᠭᠡᠨ ᠡᠭᠦᠳᠦᠨ ᠪᠠᠶᠢᠭᠤᠯᠵᠤ᠂ ᠤᠯᠤᠰ ᠤᠨ ᠳᠠᠪᠬᠤᠷᠭ᠎ᠠ ᠶᠢᠨ ᠳᠦᠷᠢᠮ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ 223 ᠵᠦᠢᠯ ᠳᠠᠭᠤᠷᠢᠶᠠᠨ ᠳᠡᠯᠭᠡᠷᠡᠭᠦᠯᠪᠡ᠃          ᠡᠨᠡ ᠵᠢᠯ᠂ ᠪᠢᠳᠡ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠳᠠᠭᠠᠳᠤ ᠲᠠᠢ᠂ ᠳᠣᠲᠣᠭᠠᠳᠤ ᠳᠠᠭᠠᠨ ᠬᠠᠮᠲᠤᠷᠠᠯᠴᠠᠬᠤ ᠪᠠ ᠣᠷᠣᠨ ᠤ ᠳᠣᠲᠣᠷᠠᠬᠢ ᠡᠯ᠎ᠡ ᠠᠶᠢᠮᠠᠭ ᠬᠤᠳᠠ ᠶᠢᠨ ᠬᠠᠮᠵᠢᠯᠴᠠᠭ᠎ᠠ ᠶᠢ ᠰᠢᠨ᠎ᠡ ᠲᠦᠪᠰᠢᠨ ᠳᠤ ᠭᠦᠷᠲᠡᠯ᠎ᠡ ᠳᠡᠭᠡᠭᠰᠢᠯᠡᠭᠦᠯᠭᠦ ᠪᠠᠷ ᠴᠢᠷᠮᠠᠶᠢᠨ᠎ᠠ᠃ ᠭᠠᠳᠠᠭᠠᠳᠤ ᠯᠤᠭ᠎ᠠ᠂ ᠭᠤᠣᠯᠳᠠᠭᠤ ᠣᠷᠣᠰ ᠮᠣᠩᠭᠤᠯ ᠳᠤ ᠨᠡᠭᠡᠭᠡᠯᠲᠡ ᠬᠢᠬᠦ ᠶᠢ ᠥᠷᠭᠡᠳᠬᠡᠵᠦ᠂ ︽ᠭᠠᠷᠭᠠᠬᠤ︾ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠣᠷᠣᠭᠤᠯᠤᠭᠰᠠᠨ︾ ᠦᠢᠯᠡᠳᠬᠦᠨ ᠢ ᠰᠠᠶᠢᠲᠤᠷ ᠬᠡᠷᠡᠭᠯᠡᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠠᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ;ᠳᠣᠲᠣᠭᠠᠳᠤ ᠳᠠᠭᠠᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠪᠠᠷ ᠬᠠᠮᠲᠤᠷᠠᠯᠴᠠᠬᠤ ᠥᠷᠭᠡᠴᠡ ᠪᠠ ᠭᠦᠨᠴᠡ ᠶᠢ ᠥᠷᠭᠡᠳᠬᠡᠨ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠤ ᠦᠢᠯᠡᠴᠢᠯᠡᠬᠦ ᠪᠠ ᠠᠭᠤᠰᠤᠯᠴᠠᠬᠤ ᠳᠤᠮᠳᠠ ᠲᠣᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠦᠨ᠎ᠡ᠃ ᠣᠷᠣᠨ ᠤ ᠳᠣᠲᠣᠨ᠎ᠠ᠂ ᠭᠤᠣᠯᠳᠠᠯᠭ᠎ᠠ ᠪᠠᠨ ᠵᠡᠭᠦᠨ ᠬᠡᠰᠡᠭ ᠤᠨ ᠭᠠᠵᠠᠷ ᠣᠷᠣᠨ᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠭᠠᠵᠠᠷ ᠣᠷᠣᠨ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠬᠤᠯᠪᠤᠭᠠᠯᠠᠨ ᠬᠥᠳᠡᠯᠦᠯᠴᠡᠵᠦ ᠬᠥᠭᠵᠢᠬᠦ᠂ ᠵᠦᠷᠢᠶᠡᠴᠢᠯᠡᠨ ᠵᠣᠬᠢᠴᠠᠩᠭᠤᠢ ᠬᠥᠭᠵᠢᠬᠦ ᠶᠢ ᠠᠬᠢᠭᠤᠯᠤᠨ᠎ᠠ᠂ ᠪᠢᠳᠡ ᠲᠣᠰ ᠲᠣᠰ ᠬᠤᠷᠠᠯ ᠬᠤᠷᠠᠯᠳᠤᠭᠤᠯᠵᠤ ᠨᠢᠭᠡᠳ ᠨᠢᠭᠡ ᠪᠠᠷ ᠰᠤᠳᠤᠯᠤᠨ ᠪᠠᠶᠢᠷᠢᠯᠠᠭᠤᠯᠤᠨ᠎ᠠ᠃          ᠤᠬᠠᠮᠰᠠᠷ ᠠᠴᠠ ᠪᠠᠨ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠢᠶᠠᠷ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ          ᠰᠤᠷᠪᠤᠯᠵᠢᠯᠠᠬᠴᠢ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠤᠯ ᠶᠠᠮᠠᠷ ᠭᠠᠵᠠᠷ ᠲᠤ ᠭᠤᠣᠯᠳᠠᠯᠭ᠎ᠠ ᠪᠠᠨ ᠲᠠᠯᠪᠢᠨ ᠬᠦᠴᠦᠯᠡᠬᠦ ᠪᠤᠢ︖          ᠰᠦᠨ ᠱᠤᠤ ᠴᠧᠩ᠄ ᠥᠪᠥᠷ ᠮᠣᠩᠭᠤᠯ ᠤᠨ ᠬᠥᠭᠵᠢᠯᠲᠡ ᠳᠤᠮᠳᠠ ᠬᠠᠮᠤᠭ ᠤᠨ ᠲᠤᠯᠭᠠᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠣᠯ ᠵᠠᠬ᠎ᠠ ᠳᠡᠯᠭᠡᠭᠦᠷ ᠤᠨ ᠤᠬᠠᠮᠰᠠᠷ ᠴᠢᠩᠭ᠎ᠠ ᠪᠤᠰᠤ ᠪᠠᠶᠢᠬᠤ ᠠᠰᠠᠭᠤᠳᠠᠯ ᠪᠣᠯᠣᠨ᠎ᠠ᠃ ᠪᠢᠳᠡᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠶᠢᠨ ᠭᠤᠣᠯᠳᠠᠯᠭ᠎ᠠ ᠨᠢ ᠡᠯ᠎ᠡ ᠱᠠᠲᠤᠨ ᠤ ᠤᠬᠠᠮᠰᠠᠷ ᠠᠴᠠ ᠪᠠᠨ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠢᠶᠠᠷ ︽ᠭᠤᠷᠪᠠᠨ ᠲᠦᠪᠰᠢᠨ︾ ᠢ ᠳᠡᠭᠡᠭᠰᠢᠯᠡᠭᠦᠯᠭᠦ ᠶᠢ ᠠᠬᠢᠭᠤᠯᠬᠤ ᠶᠠᠪᠤᠳᠠᠯ ᠪᠣᠯᠣᠨ᠎ᠠ᠃          ᠨᠢᠭᠡ ᠳᠤ᠂ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠢ ᠶᠢᠨ ᠠᠵᠢᠯᠯᠠᠭ᠎ᠠ ᠶᠢ ᠥᠷᠨᠢᠭᠦᠯᠬᠦ ᠳᠡᠭᠡᠨ ᠡᠷᠬᠡᠪᠰᠢ ᠠᠵᠤ ᠠᠬᠤᠢ ᠶᠢᠨ ᠵᠢᠮ᠎ᠡ ᠶᠣᠰᠣ ᠪᠠᠷ ᠠᠵᠢᠯᠯᠠᠵᠤ᠂ ᠵᠠᠬ᠎ᠠ ᠳᠡᠯᠭᠡᠭᠦᠷ ᠲᠤ ᠲᠤᠰᠢᠶᠠᠨ ᠥᠭᠴᠦ ᠪᠤᠯᠬᠤ ᠶᠢ  ᠨᠢ ᠵᠠᠬ᠎ᠠ ᠳᠡᠯᠭᠡᠭᠦᠷ ᠲᠤ ᠲᠤᠰᠢᠶᠠᠨ ᠥᠭᠴᠦ᠂ ᠠᠯᠢ ᠴᠢᠳᠠᠬᠤ ᠪᠠᠷ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠬᠡᠷᠡᠭᠲᠡᠢ᠃ ᠡᠭᠦᠨ ᠤ ᠲᠤᠯᠠᠳᠠ ᠪᠢᠳᠡ᠂ ᠦᠷ᠎ᠡ ᠠᠰᠢᠭ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠵᠤ᠂ ᠨᠠᠷᠢᠯᠢᠭ ᠪᠤᠳᠤᠬᠤ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠶᠢ ᠪᠠᠲᠤᠯᠠᠬᠤ ᠪᠠ ᠲᠡᠭᠦᠨ ᠳᠤ ᠦᠢᠯᠡᠴᠢᠯᠡᠬᠦ ᠤᠷᠢᠲᠠᠯ ᠤᠨ ᠳᠣᠣᠷ᠎ᠠ᠂ ᠡᠨᠧᠷᠭᠢ᠂ ᠴᠠᠭᠢᠯᠭᠠᠨ ᠬᠦᠴᠦ᠂ ᠭᠠᠵᠠᠷ ᠰᠢᠷᠣᠢ᠂ ᠳ᠋ᠠᠶᠢᠲ᠋ᠠ ᠵᠡᠷᠭᠡ ᠡᠯᠧᠮᠧᠨ᠋ᠲ ᠢ ᠪᠦᠭᠦᠨ ᠢ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠭᠡᠯᠪᠡᠷᠢ ᠪᠠᠷ ᠲᠣᠬᠢᠷᠠᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠨᠢᠳᠤᠨᠤᠨ ᠪᠦᠭᠦ ᠣᠷᠣᠨ ᠳᠤ ᠫᠠᠶᠢᠰᠠ ᠡᠯᠭᠦᠬᠦ᠂ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ ᠵᠡᠷᠭᠡ ᠭᠡᠯᠪᠡᠷᠢ ᠪᠠᠷ 66 ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠬᠤᠳᠠᠯᠳᠤᠵᠤ᠂ 762 ᠳ᠋ᠦᠩᠰᠢᠭᠤᠷ ᠺᠢᠯᠣᠸᠠᠲ ᠴᠠᠭ ᠤᠨ ᠪᠣᠬᠢᠷᠳᠤᠯ ᠦᠭᠡᠢ ᠴᠠᠭᠢᠯᠭᠠᠨ ᠢ ᠠᠷᠠᠯᠵᠢᠶᠠᠯᠠᠵᠤ᠂ ᠬᠡᠪᠴᠢᠶᠡᠵᠢᠯ ᠨᠢ ᠪᠦᠭᠦ ᠤᠯᠤᠰ ᠲᠤ ᠲᠦᠷᠦᠭᠦᠯᠡᠪᠡ᠃          ᠬᠤᠶᠠᠷ ᠲᠤ᠂ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠳᠤ ᠲᠦᠰᠢᠭᠯᠡᠨ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠲᠥᠪ ᠭᠤᠣᠯᠴᠢ ᠡᠮᠬᠢ ᠵᠢᠷᠤᠮ ᠲᠠᠢ ᠨᠡᠶᠢᠭᠡᠮ ᠤᠨ ᠣᠷᠴᠢᠨ ᠨᠥᠬᠦᠴᠡᠯ ᠢ ᠪᠤᠢ ᠪᠤᠯᠭᠠᠬᠤ ᠳᠤ ᠵᠥᠪᠭᠡᠨ ᠵᠠᠰᠠᠭ ᠵᠠᠬᠢᠷᠭᠠᠨ ᠤ ᠠᠷᠭ᠎ᠠ ᠪᠠᠷᠢᠯ ᠢᠶᠠᠷ ︽ᠬᠠᠮᠢᠶᠠᠷᠴᠤ︾ ᠪᠤᠯᠬᠤ ᠦᠭᠡᠢ᠂ ᠪᠠᠰᠠ ᠵᠠᠬ᠎ᠠ ᠳᠡᠯᠭᠡᠭᠦᠷ ᠤᠨ ᠲᠣᠭᠲᠠᠴᠠ ᠪᠠᠷ ︽ᠵᠢᠯᠤᠭᠤᠳᠬᠤ︾ ᠬᠡᠷᠡᠭᠲᠡᠢ᠃ ᠥᠩᠭᠡᠷᠡᠭᠰᠡᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠪᠡᠯᠴᠢᠭᠡᠷ ᠢ ᠠᠮᠠᠷᠠᠭᠤᠯᠬᠤ ᠨᠥᠬᠦᠪᠦᠷᠢ ᠣᠯᠭᠤᠬᠤ ᠶᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠲᠠᠢ ᠬᠤᠯᠪᠣᠭᠳᠠᠭᠤᠯᠬᠤ ᠦᠭᠡᠢ ᠪᠠᠶᠢᠵᠤ᠂ ᠵᠠᠷᠢᠮ ᠨᠢ ᠨᠥᠬᠦᠪᠦᠷᠢ ᠶᠢ ᠲᠡᠷᠡ ᠬᠡᠪ ᠢᠶᠠᠷ ᠨᠢ ᠠᠪᠴᠤ᠂ ᠬᠡᠲᠦᠷᠡᠲᠡᠯ᠎ᠡ ᠮᠠᠯᠵᠢᠬᠤ ᠨᠢ ᠲᠡᠷᠡ ᠬᠡᠪ ᠢᠶᠠᠷ ᠢᠶᠠᠨ ᠪᠠᠶᠢᠪᠠ᠃ ᠨᠢᠳᠤᠨᠤᠨ ᠪᠢᠳᠡ ᠡᠨᠡ ᠬᠦ ᠪᠠᠶᠢᠳᠠᠯ ᠢ ᠬᠤᠪᠢᠷᠠᠭᠤᠯᠵᠤ᠂ ᠳᠠᠭᠠᠭᠠᠴᠠ ᠠᠴᠠ ᠬᠡᠲᠦᠷᠡᠲᠡᠯ᠎ᠡ ᠮᠠᠯᠵᠢᠭᠰᠠᠳ ᠲᠤ ᠨᠥᠬᠦᠪᠦᠷᠢ ᠥᠭᠬᠦ ᠦᠭᠡᠢ ᠪᠠᠷ ᠪᠠᠷᠠᠬᠤ ᠦᠭᠡᠢ ᠪᠠᠰᠠ ᠲᠣᠷᠭᠠᠭᠤᠯᠢ ᠥᠭᠭᠦᠭᠰᠡᠨ ᠠᠴᠠ ᠦᠷ᠎ᠡ ᠨᠥᠯᠥᠭᠡ ᠨᠢ ᠲᠡᠷᠡ ᠳᠣᠣᠷ᠎ᠠ ᠪᠠᠨ ᠠᠳᠠᠯᠢ ᠦᠭᠡᠢ ᠪᠣᠯᠵᠤ᠂ 17 ᠲᠤᠷᠰᠢᠯᠲᠠ ᠶᠢᠨ ᠬᠤᠰᠢᠭᠤ ᠰᠢᠶᠠᠨ ᠤ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ ᠴᠥᠮ 10% ᠠᠴᠠ ᠳᠣᠷᠣᠭᠰᠢ ᠪᠣᠯᠭᠠᠪᠠ᠃ ᠵᠠᠯᠭᠠᠭᠠᠳ ᠪᠢᠳᠡ ᠡᠯ᠎ᠡ ᠬᠦᠷᠢᠶᠡᠨ ᠳᠤ ᠡᠶᠢᠮᠦᠷᠬᠦᠦ ᠠᠷᠭ᠎ᠠ ᠶᠢ ᠬᠡᠷᠡᠭᠵᠢᠭᠦᠯᠵᠦ᠂ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠨ ᠨᠡᠶᠢᠭᠡᠮ ᠤᠨ ᠡᠮᠬᠢ ᠵᠢᠷᠤᠮ ᠢ ᠰᠢᠯᠢᠳᠡᠭᠵᠢᠭᠦᠯᠦᠨ᠎ᠡ᠃          ᠭᠤᠷᠪᠠ ᠳᠤ᠂ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠳᠤ ᠲᠦᠰᠢᠭᠯᠡᠨ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠦᠨ᠎ᠠ᠃ ᠪᠢ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠮᠠᠰᠢ ᠣᠯᠠᠨ ᠵᠦᠢᠯᠡᠰ ᠠᠴᠠ ᠰᠦᠢᠳᠬᠡᠯ ᠬᠤᠷᠢᠶᠠᠬᠤ ᠦᠭᠡᠢ ᠪᠣᠯᠤᠭᠰᠠᠨ ᠪᠤᠯᠪᠠᠴᠤ ᠪᠠᠰᠠ ᠬᠠᠮᠢᠶᠠᠷᠬᠤ ᠬᠥᠮᠥᠨ ᠦᠭᠡᠢ ᠠᠴᠠ ᠪᠣᠯᠵᠤ ᠵᠠᠷᠢᠮ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠵᠤ ᠴᠢᠳᠠᠬᠤ ᠦᠭᠡᠢ ᠪᠠᠶᠢᠬᠤ ᠶᠢ ᠣᠯᠵᠤ ᠢᠯᠡᠷᠡᠭᠦᠯᠵᠡᠢ᠃ ᠪᠢᠳᠡ ᠶᠠᠭ ︽ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ︾ ᠤᠨ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠲᠡᠭᠦᠯᠳᠡᠷᠵᠢᠭᠦᠯᠵᠦ᠂ ᠨᠠᠩ ᠣᠯᠠᠨ ᠡᠵᠡᠩᠨᠡᠯᠲᠡ ᠶᠢᠨ ᠪᠡᠶᠡᠴᠢ ᠴᠣᠭᠴᠠ ᠶᠢ ᠲᠠᠲᠠᠵᠤ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠰ ᠲᠤ ᠪᠡᠯᠡ ᠣᠷᠣᠭᠤᠯᠵᠤ᠂ ᠣᠯᠠᠨ ᠲᠦᠮᠡᠨ ᠤ ᠴᠢᠨᠠᠷ ᠰᠠᠶᠢᠲᠠᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ ᠪᠠᠶᠢᠨ᠎ᠠ᠃                   ︵ᠤᠭ ᠵᠣᠬᠢᠶᠠᠯ ᠢ ︽ᠠᠷᠠᠳ ᠤᠨ ᠡᠳᠦᠷ ᠤᠨ ᠰᠣᠨᠢᠨ︾ ᠤ 2025              ᠣᠨ ᠤ 1 ᠰᠠᠷ᠎ᠠ ᠶᠢᠨ 17 ᠤ ᠬᠤᠶᠠᠳᠤᠭᠠᠷ ᠨᠢᠭᠤᠷ ᠲᠤ ᠨᠡᠶᠢᠲᠡᠯᠡᠪᠡ︶        
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号