| ᠲᠣᠪᠴᠢ ᠨᠠᠮᠲᠠᠷ | ᠯᠢᠦ ᠵᠢᠢ᠂ ᠡᠷᠡᠭᠲᠡᠢ᠂ ᠬᠢᠲᠠᠳ ᠦᠨᠳᠦᠰᠦᠲᠡᠨ᠂ 1990 ᠣᠨ ᠤ 9 ᠰᠠᠷ᠎ᠠ ᠳᠤ ᠲᠦᠷᠦᠵᠠᠢ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ | ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ | | ᠠᠵᠢᠯ ᠤᠨ ᠬᠤᠪᠢᠶᠠᠷᠢᠯᠠᠯ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠠᠵᠢᠯ ᠢ ᠬᠠᠪᠰᠤᠷᠴᠤ᠂ | ᠪᠥᠬᠦ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ | ᠬᠥᠭᠵᠢᠯᠲᠡ ᠵᠢᠴᠢ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠪᠣᠶᠢᠵᠢᠭᠤᠯᠬᠤ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ | ᠳᠡᠯᠭᠡᠷᠡᠭᠦᠯᠦᠯᠲᠡ ᠵᠢᠴᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ | ᠲᠣᠪᠴᠢᠶᠠᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠲᠠᠷᠢᠶᠠᠯᠠᠩ ᠤᠨ ᠶᠡᠷᠦᠩᠬᠡᠶᠢᠯᠡᠨ | ᠨᠡᠭᠡᠭᠡᠨ ᠬᠥᠭᠵᠢᠭᠦᠯᠬᠦ ᠲᠠᠰᠤᠭ᠂ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠠᠰᠤᠭ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠰᠤᠭ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠢ | ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠢ | ᠦᠢᠯᠡᠳᠪᠦᠷᠢᠯᠡᠯ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠵᠠᠬᠢᠳᠠᠯ ᠰᠣᠷᠪᠤᠯᠵᠢᠯᠠᠭ᠎ᠠ ᠪᠠᠷ | ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃ | | |