ᠶᠠᠩ ᠯᠢᠩ ᠶᠤᠸᠠᠨ᠄ ᠨᠢᠭᠡ ᠰᠡᠳᠬᠢᠯ ᠢᠶᠠᠷ ᠰᠤᠷᠭᠠᠨ ᠬᠥᠮᠦᠵᠢᠯ ᠤᠨ ᠦᠢᠯᠡᠰ ᠲᠤ  ᠵᠢᠳᠬᠦᠵᠦ ᠰᠤᠷᠤᠬᠴᠢᠳ ᠲᠠᠭᠠᠨ ᠬᠠᠮᠤᠭ ᠤᠨ ᠰᠠᠶᠢᠨ ᠬᠥᠮᠦᠵᠢᠯ ᠬᠦᠷᠲᠡᠭᠡᠨ᠎ᠡ
ᠨᠡᠶᠢᠲᠡᠯᠡᠭᠰᠡᠨ ᠴᠠᠭ᠄
2025/4/7
ᠨᠠᠷᠠᠨ᠎ᠠ᠂ ᠡᠷᠳᠡᠨᠢᠬᠦᠦ                    ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠢ ᠹᠦ᠋ ᠬᠤᠲᠣᠩ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠤ ᠬᠢᠴᠢᠶᠡᠯ ᠤᠨ ᠲᠠᠩᠬᠢᠮ ᠳᠤ ᠣᠷᠣᠬᠤ ᠳᠤ᠂ ᠲᠣᠭᠠᠨ ᠤ ᠤᠬᠠᠭᠠᠨ ᠤ ᠬᠢᠴᠢᠶᠡᠯᠯᠡᠭᠡ ᠶᠠᠪᠤᠭᠳᠠᠵᠤ ᠪᠠᠶᠢᠯ᠎ᠠ᠃ ᠬᠢᠴᠢᠶᠡᠯ ᠤᠨ ᠭᠡᠷ ᠤᠨ ᠬᠠᠮᠤᠭ ᠠᠷᠤ ᠶᠢᠨ ᠰᠠᠭᠤᠳᠠᠯ ᠳᠤ ᠨᠢᠭᠡᠨ ᠪᠠᠭᠰᠢ ᠬᠢᠴᠢᠶᠡᠯ ᠰᠣᠨᠣᠰᠴᠤ ᠨᠠᠷᠢᠨ ᠬᠢᠨᠠᠮᠠᠭᠠᠢ ᠲᠡᠮᠳᠡᠭᠯᠡᠯ ᠬᠢᠵᠦ ᠪᠠᠶᠢᠪᠠ᠃ ᠡᠨᠡ ᠪᠠᠭᠰᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ᠠᠯᠠᠱᠠ ᠵᠡᠭᠦᠨ ᠬᠤᠰᠢᠭᠤᠨ ᠤ ᠪᠠᠭᠰᠢ ᠶᠢ ᠪᠤᠯᠪᠠᠰᠤᠷᠠᠭᠤᠯᠬᠤ ᠬᠢᠭᠡᠳ ᠵᠢᠭᠠᠬᠤ ᠶᠢ ᠰᠤᠳᠤᠯᠬᠤ ᠲᠥᠪ ᠤᠨ ᠨᠠᠮ ᠤᠨ ᠡᠭᠦᠷ ᠤᠨ ᠱᠦᠵᠢ᠂ ᠡᠷᠭᠢᠯᠡᠭᠴᠢ ᠶᠠᠩ ᠯᠢᠩ ᠶᠤᠸᠠᠨ ᠪᠣᠯᠣᠨ᠎ᠠ᠃          ᠶᠠᠩ ᠯᠢᠩ ᠶᠤᠸᠠᠨ ᠰᠤᠷᠭᠠᠨ ᠬᠥᠮᠦᠵᠢᠯ ᠤᠨ ᠹᠷᠣᠨᠲ ᠲᠤ ᠤᠯᠠᠨ ᠵᠢᠯ ᠠᠵᠢᠯᠯᠠᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠭᠠᠨ ᠤ ᠤᠬᠠᠭᠠᠨ ᠢ 17 ᠵᠢᠯ ᠵᠢᠭᠠᠭᠰᠠᠨ ᠶᠤᠮ᠃ ︽2021 ᠣᠨ ᠳᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠤ ᠲᠠᠷᠠᠭ᠎ᠠ᠂ ᠲᠤᠰᠢᠶᠠᠯ ᠬᠠᠷᠢᠭᠤᠴᠠᠯᠭ᠎ᠠ ᠪᠠᠨ ᠨᠠᠩ ᠰᠠᠶᠢᠨ ᠭᠦᠢᠴᠡᠳᠬᠡᠬᠦ ᠶᠢᠨ ᠲᠥᠯᠥᠭᠡ᠂ ᠪᠢ ᠰᠠᠨᠠᠭᠠᠴᠢᠯᠠᠭ᠎ᠠ ᠠᠴᠠ ᠪᠠᠨ ᠡᠯ᠎ᠡ ᠰᠢᠨᠵᠢᠯᠡᠬᠦ ᠤᠬᠠᠭᠠᠨ ᠤ ᠳᠤᠭᠤᠶᠢᠯᠠᠩ᠂ ᠬᠢᠴᠢᠶᠡᠯ ᠪᠡᠯᠡᠳᠬᠡᠬᠦ ᠲᠠᠰᠤᠭ ᠲᠤ ᠭᠦᠨᠵᠡᠭᠡᠶᠢᠷᠡᠵᠦ᠂ ᠨᠢᠭᠡᠳᠦᠭᠡᠷ ᠹᠷᠣᠨᠲ ᠤᠨ ᠪᠠᠭᠰᠢ ᠲᠠᠢ ᠵᠣᠭᠤᠭᠳᠠᠨ᠂ ᠵᠢᠭᠠᠨ ᠰᠤᠷᠭᠠᠯᠲᠠ ᠶᠢᠨ ᠳᠤᠮᠳᠠᠬᠢ ᠬᠦᠴᠢᠷᠳᠡᠯ ᠤᠨ ᠲᠤᠬᠠᠢ ᠶᠠᠷᠢᠯᠴᠠᠵᠤ᠂ ᠣᠯᠠᠨ ᠤ ᠦᠵᠡᠯ ᠪᠤᠳᠤᠯ ᠢ ᠰᠣᠨᠣᠰᠤᠭᠰᠠᠨ ᠶᠤᠮ᠃ ᠰᠤᠷᠭᠠᠨ ᠬᠥᠮᠦᠵᠢᠯ ᠤᠨ ᠴᠢᠳᠠᠪᠤᠷᠢᠲᠠᠨ ᠳᠤᠲᠠᠭᠳᠠᠬᠤ᠂ ᠵᠠᠷᠢᠮ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠬᠤᠴᠤᠷᠤᠩᠭᠤᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠪᠢ ᠤᠯᠠᠨ ᠵᠦᠢᠯ ᠤᠨ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠲᠠᠭᠤᠨ ᠢ ᠳᠡᠭᠡᠳᠦ ᠱᠠᠲᠤᠨ ᠳᠤ ᠳᠠᠮᠵᠢᠭᠤᠯᠤᠭᠰᠠᠨ ᠶᠤᠮ︾ ᠭᠡᠵᠦ ᠶᠠᠩ ᠯᠢᠩ ᠶᠤᠸᠠᠨ ᠶᠠᠷᠢᠨ᠎ᠠ᠃          ᠶᠠᠩ ᠯᠢᠩ ᠶᠤᠸᠠᠨ ᠰᠢᠨ᠎ᠡ ᠬᠢᠴᠢᠶᠡᠯ ᠤᠨ ᠪᠠᠷᠢᠮᠵᠢᠶ᠎ᠠ ᠶᠢ ᠨᠠᠷᠢᠨ ᠬᠢᠨᠠᠮᠠᠭᠠᠢ ᠰᠤᠳᠤᠯᠤᠨ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠯᠥᠪᠯᠡᠭᠡ ᠶᠢ ᠨᠠᠷᠢᠨ ᠲᠣᠭᠲᠠᠭᠠᠵᠤ᠂ ᠰᠤᠷᠤᠬᠴᠢᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠬᠦ ᠪᠠᠷ ᠭᠤᠣᠯᠳᠠᠯᠭ᠎ᠠ ᠪᠣᠯᠭᠠᠨ᠂ ︽ᠪᠡᠯᠡᠳᠬᠡᠬᠦ᠂ ᠵᠢᠭᠠᠬᠤ᠂ ᠰᠤᠷᠤᠯᠴᠠᠬᠤ᠂ ᠦᠨᠡᠯᠡᠬᠦ︾ ᠎ ᠶᠢ ᠨᠢᠭᠡ ᠴᠣᠭᠴᠠᠵᠢᠭᠤᠯᠤᠭᠰᠠᠨ ᠵᠢᠭᠠᠨ ᠰᠤᠷᠭᠠᠯᠲᠠ ᠶᠢᠨ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠪᠡ᠃ ᠲᠡᠷᠡ ᠣᠯᠠᠨ ᠤᠳᠠᠭ᠎ᠠ ᠰᠠᠨᠠᠯ ᠵᠥᠪᠯᠡᠯᠭᠡ ᠳᠤᠷᠠᠳᠤᠨ᠂ ᠪᠦᠭᠦ ᠬᠤᠰᠢᠭᠤᠨ ᠤ ᠬᠡᠪᠴᠢᠶᠡᠨ ᠳᠤ ︽ᠲᠣᠮᠣ ᠨᠢᠭᠡᠴᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ︾ ᠎ ᠶᠢᠨ ᠦᠵᠡᠭᠦᠯᠭᠡ ᠶᠢᠨ ᠠᠵᠢᠯᠯᠠᠭ᠎ᠠ ᠥᠷᠨᠢᠭᠦᠯᠵᠦ᠂ ᠪᠠᠭᠰᠢ ᠨᠠᠷ ᠤᠨ ᠬᠠᠷᠢᠯᠴᠠᠨ ᠰᠤᠷᠤᠯᠴᠠᠵᠦ ᠰᠣᠯᠢᠯᠴᠠᠬᠤ ᠲᠠᠪᠴᠠᠩ ᠢ ᠪᠠᠶᠢᠭᠤᠯᠵᠠᠢ᠃          ᠲᠤᠰᠬᠠᠢ ᠮᠡᠷᠭᠡᠵᠢᠯ ᠤᠨ ᠬᠡᠪ ᠴᠢᠨᠠᠷ ᠢᠶᠠᠷ ᠴᠢᠩᠭ᠎ᠠ᠂ ᠮᠣᠷᠠᠯ ᠰᠤᠷᠲᠠᠯ ᠰᠢᠯᠢᠳᠡᠭ ᠪᠠᠭᠰᠢ ᠶᠢᠨ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠶᠠᠩ ᠯᠢᠩ ᠶᠤᠸᠠᠨ ︽ᠨᠠᠮ ᠤᠨ ᠭᠡᠰᠢᠭᠦᠨ ᠤ ᠵᠢᠱᠢᠶ᠎ᠡ ᠦᠵᠡᠭᠦᠯᠭᠦ ᠬᠢᠴᠢᠶᠡᠯ︾᠂ ︽ᠪᠠᠭᠰᠢ ᠱᠠᠪᠢ ᠪᠠᠷᠢᠯᠳᠤᠬᠤ︾ ᠠᠵᠢᠯᠯᠠᠭ᠎ᠠ ᠶᠢ ᠥᠷᠨᠢᠭᠦᠯᠵᠦ᠂ ᠨᠠᠮ ᠤᠨ ᠲᠡᠷᠢᠭᠦᠨ ᠤ ᠴᠢᠨᠠᠷ ᠢ ᠵᠢᠭᠠᠨ ᠰᠤᠷᠭᠠᠯᠲᠠ ᠶᠢᠨ ᠴᠡᠭ ᠲᠤ ᠠᠭᠤᠰᠬᠠᠨ᠂ ᠵᠠᠯᠠᠭᠤ ᠪᠠᠭᠰᠢ ᠶᠢᠨ ᠣᠨᠣᠯ ᠤᠨ ᠪᠣᠯᠪᠠᠰᠤᠷᠠᠯ ᠪᠠ ᠵᠢᠭᠠᠨ ᠰᠤᠷᠭᠠᠯᠲᠠ ᠶᠢ ᠰᠤᠳᠤᠯᠬᠤ ᠳᠤ ᠣᠷᠤᠯᠴᠠᠬᠤ ᠶᠢ ᠵᠣᠷᠢᠭᠵᠢᠭᠤᠯᠪᠠ᠃ ︽ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ︾ ᠎ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠪᠠᠭᠰᠢ ᠨᠠᠷ ᠲᠤ ᠵᠢᠭᠠᠨ ᠰᠤᠷᠭᠠᠯᠲᠠ ᠶᠢᠨ ᠪᠣᠳᠠᠲᠤ ᠲᠡᠮᠳᠡᠭᠯᠡᠯ᠂ ᠵᠢᠭᠠᠨ ᠰᠤᠷᠭᠠᠯᠲᠠ ᠶᠢᠨ ᠲᠥᠯᠥᠪᠯᠡᠭᠡ᠂ ᠳᠠᠰᠬᠠᠯ ᠤᠨ ᠲᠥᠯᠥᠪᠯᠡᠭᠡ ᠵᠡᠷᠭᠡ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠠᠩᠭᠠᠵᠤ ᠥᠭᠪᠡ᠃ ᠰᠤᠷᠤᠬᠴᠢᠳ ᠤᠨ ᠰᠤᠷᠤᠯᠴᠠᠬᠤ ᠬᠡᠷᠡᠭᠴᠡᠭᠡ ᠱᠠᠭᠠᠷᠳᠠᠯᠭ᠎ᠠ ᠪᠠ ᠬᠥᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠢᠴᠢᠶᠡᠯ ᠤᠨ ᠰᠢᠰᠲ᠋ᠧᠮ ᠢᠶᠠᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠰᠢᠨ᠎ᠡ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠪᠠ ᠵᠢᠭᠠᠨ ᠰᠤᠷᠭᠠᠯᠲᠠ ᠶᠢᠨ ᠠᠷᠭ᠎ᠠ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠬᠢᠴᠢᠶᠡᠯ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠪᠠ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠤᠭᠰᠠᠨ ᠪᠠᠶᠢᠨ᠎ᠠ᠃          ᠶᠠᠩ ᠯᠢᠩ ᠶᠤᠸᠠᠨ ᠣᠯᠠᠨ ᠵᠢᠯ ᠤᠨ ᠲᠤᠷᠰᠢ ᠰᠤᠷᠭᠠᠨ ᠬᠥᠮᠦᠵᠢᠯ ᠤᠨ ᠦᠢᠯᠡᠰ ᠲᠤ ᠪᠦᠭᠦ ᠬᠦᠴᠦᠨ ᠢᠶᠠᠷ ᠵᠢᠳᠬᠦᠨ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠲᠣᠭᠠᠨ ᠤ ᠤᠬᠠᠭᠠᠨ ᠤ ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠬᠢᠴᠢᠶᠡᠯ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ᠂ ᠪᠦᠭᠦ ᠤᠯᠤᠰ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠭᠠᠨ ᠤ ᠤᠬᠠᠭᠠᠨ ᠤ ᠵᠠᠯᠠᠭᠤ ᠪᠠᠭᠰᠢ ᠶᠢᠨ ᠳᠡᠯᠭᠡᠨ ᠦᠵᠡᠭᠦᠯᠭᠡ ᠶᠢᠨ ᠠᠵᠢᠯᠯᠠᠭ᠎ᠠ ᠶᠢᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠦ᠂ ᠲᠡᠭᠦᠨ ᠤ ᠡᠷᠭᠢᠯᠡᠵᠦ ᠪᠠᠶᠢᠭ᠎ᠠ ᠠᠩᠭᠢ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠯᠢᠳᠡᠭ ᠠᠩᠭᠢ ᠨᠢᠭᠡᠴᠢ ᠪᠠᠷ ᠦᠨᠡᠯᠡᠭᠳᠡᠵᠦ ᠥᠩᠭᠡᠷᠡᠪᠡ᠃          ᠶᠠᠩ ᠯᠢᠩ ᠶᠤᠸᠠᠨ᠄ ︽ᠨᠠᠮ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠰᠤᠷᠤᠯᠴᠠᠯᠭ᠎ᠠ ᠪᠠᠨ ᠴᠢᠩᠭᠠᠳᠬᠠᠨ᠂ ᠲᠤᠰᠬᠠᠢ ᠮᠡᠷᠭᠡᠵᠢᠯ ᠤᠨ ᠮᠡᠳᠡᠯᠭᠡ ᠪᠠ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠬᠠᠮᠤᠭ ᠤᠨ ᠰᠢᠨ᠎ᠡ ᠪᠠᠶᠢᠳᠠᠯ ᠪᠠ ᠰᠤᠳᠤᠯᠭᠠᠨ ᠤ ᠦᠷ᠎ᠡ ᠪᠦᠲᠦᠭᠡᠯ ᠢ ᠠᠩᠬᠠᠷᠤᠨ᠂ ᠰᠤᠷᠤᠬᠴᠢᠳ ᠤᠨ ᠮᠣᠷᠠᠯ ᠪᠣᠯᠪᠠᠰᠤᠷᠠᠯ᠂ ᠰᠢᠨ᠎ᠡ ᠶᠢ ᠡᠭᠦᠳᠬᠦ ᠰᠡᠳᠬᠢᠬᠦᠢ ᠪᠠ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠬᠦ ᠶᠢ ᠠᠩᠬᠠᠷᠴᠤ᠂ ᠣᠳᠣᠬᠠᠨ ᠤ ᠰᠤᠷᠭᠠᠨ ᠬᠥᠮᠦᠵᠢᠯ ᠤᠨ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠳᠤ ᠬᠠᠨᠳᠤᠭᠤᠯᠤᠨ ᠦᠷᠭᠦᠯᠵᠢᠯᠡᠨ ᠪᠠᠶᠢᠴᠠᠭᠠᠨ ᠰᠤᠳᠤᠯᠤᠯᠲᠠ ᠬᠢᠵᠦ᠂ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠪᠡᠶᠡᠯᠡᠭᠦᠯᠦᠨ᠎ᠡ︾ ᠭᠡᠵᠦ ᠢᠲᠡᠭᠡᠯ ᠲᠡᠭᠦᠯᠳᠡᠷ ᠶᠠᠷᠢᠨ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号