| | ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠨᠠᠷ ᠬᠤᠷᠠᠯ ᠳᠤ ᠣᠷᠣᠯᠴᠠᠵᠤ | ᠪᠠᠶᠠᠷ ᠬᠦᠷᠭᠡᠪᠡ ᠵᠠᠩ ᠶᠠᠨ ᠺᠦᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠵᠡᠢ | ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ᠪᠠᠢ ᠳ᠋ᠠᠨ ᠯᠢ ᠬᠠᠨ︶ 1 ᠰᠠᠷ᠎ᠠ ᠶᠢᠨ 13 ᠤ | ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ | ᠭᠤᠷᠪᠠᠳᠤᠭᠠᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ | ᠬᠤᠷᠠᠯ ᠳᠤ ᠣᠷᠣᠯᠴᠠᠨ ᠪᠠᠶᠠᠷ ᠬᠦᠷᠭᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ | ᠸᠠᠩ ᠯᠢ ᠰᠢᠶᠠ ᠬᠤᠷᠠᠯ ᠳᠤ ᠣᠷᠣᠯᠴᠠᠨ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ | ᠮᠥᠷ ᠲᠤ ᠰᠠᠭᠠᠲᠠᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠤᠯᠤᠰ ᠲᠥᠷᠥ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠸᠧᠢ | ᠳ᠋ᠦᠩ ᠡᠭᠢᠯᠡᠯᠲᠡ ᠶᠢᠨ ᠶᠡᠭᠡ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ | ᠯᠧᠢ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ ᠪᠣᠯᠣᠨ ᠨᠠᠷᠢᠨ ᠪᠢᠴᠢᠭ ᠤᠨ ᠳᠠᠷᠤᠭ᠎ᠠ ᠶᠠᠩ ᠯᠢ | ᠮᠢᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠪᠠᠰᠠ᠄ ᠯᠢᠦ ᠱᠤᠸᠠᠩ | ᠂ ᠪᠦᠦ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ | ᡁᠢ ᠴᠢᠶᠠᠩ᠂ ᠯᠢ ᠢᠦᠢ ᠭᠠᠩ᠂ ᠬᠦᠦᠳᠠᠭᠤᠯᠠ᠂ ᠢᠦᠢ ᠯᠢ ᠰᠢᠨ᠂ ᠯᠢᠨ ᠱᠤᠤ ᠴᠦᠨ᠂ ᠵᠠᠩ ᠱᠤᠤ ᠴᠦᠨ᠂ | ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠴᠢ᠊ ᠪᠠᠲᠤ᠂ ᠪᠦᠦ ᠰᠢᠶᠠᠨ ᠬᠤᠸᠠ᠂ | ᠶᠣᠣ ᠶᠦᠩ ᠪᠦᠸᠧ᠂ ᠳᠠᠶᠢᠴᠢᠨ᠂ ᠶᠠᠩ ᠭᠦᠸᠧ ᠠᠨ᠂ ᠴᠧᠨ ᠯᠦ ᠱᠧᠩ᠂ ᠵᠠᠩ ᠵᠢᠶᠦ᠋ᠨ ᠨᠠᠷ ᠪᠤᠢ᠃ | ᠲᠤᠰ ᠤᠳᠠᠭ᠎ᠠ ᠶᠢᠨ ᠬᠤᠷᠠᠯ ᠳᠤ ᠣᠷᠤᠯᠴᠠᠬᠤ ᠶᠣᠰᠣᠲᠠᠢ ᠭᠡᠰᠢᠭᠦᠨ 523 ᠬᠥᠮᠥᠨ᠂ ᠬᠤᠷᠠᠯ ᠳᠤ | 491 ᠬᠥᠮᠥᠨ ᠤᠷᠤᠯᠴᠠᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠶᠡᠭᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ | ᠪᠠᠲᠤᠯᠠᠪᠠ᠃ | ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠮᠦᠨ᠎ᠡ ᠠᠴᠠ ᠶᠡᠭᠡ | ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠤᠯᠤᠰ ᠲᠦᠷᠦ ᠶᠢᠨ ᠵᠥᠪᠯᠡᠯᠭᠡᠨ ᠤ ᠪᠦᠭᠦ | ᠭᠡᠰᠢᠭᠦᠨ ᠪᠣᠯᠣᠨ ᠬᠤᠷᠠᠯ ᠳᠤ ᠣᠷᠣᠯᠴᠠᠬᠰᠠᠨ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠲᠡᠷᠡ᠂ ᠥᠩᠭᠡᠷᠡᠭᠰᠡᠨ ᠨᠢᠭᠡ ᠵᠢᠯ ᠪᠣᠯ ᠥᠪᠥᠷ ᠮᠣᠩᠭᠤᠯ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ | ᠦᠢᠯᠡᠰ ᠤᠨ ᠰᠢᠨ᠎ᠡ ᠶᠢ ᠡᠭᠦᠳᠦᠨ ᠬᠥᠭᠵᠢᠭᠰᠡᠨ ᠨᠢᠭᠡ ᠵᠢᠯ ᠪᠣᠯᠣᠨ᠎ᠠ᠂ ᠪᠦᠭᠦ ᠣᠷᠣᠨ ᠤ ᠡᠯ᠎ᠡ ᠱᠠᠲᠤᠨ ᠤ ᠤᠯᠤᠰ | ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠠᠢ ᠨᠢᠭᠡ ᠰᠡᠳᠬᠢᠯ ᠨᠢᠭᠡ ᠴᠢᠭᠯᠡᠯ ᠢᠶᠠᠷ᠂ ᠲᠠᠭᠤ | ᠨᠢᠭᠡᠲᠡᠢ ᠠᠯᠬᠤᠭ᠎ᠠ ᠢᠵᠢᠯ ᠤᠷᠤᠭᠰᠢᠯᠠᠨ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ | ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠤᠰᠢᠶᠠᠯ ᠬᠠᠷᠢᠭᠤᠴᠠᠯᠭ᠎ᠠ | ᠪᠠᠨ ᠨᠠᠷᠢᠨ ᠬᠢᠨᠠᠮᠠᠭᠠᠢ ᠭᠦᠢᠴᠡᠳᠬᠡᠨ᠂ ᠤᠯᠤᠰ ᠲᠥᠷᠥ ᠶᠢᠨ ᠵᠢᠯᠣᠭᠤᠳᠤᠯᠭ᠎ᠠ ᠶᠢ ᠰᠢᠨ᠎ᠡ ᠶᠢ ᠡᠭᠦᠳᠦᠨ | ᠴᠢᠩᠭᠠᠳᠬᠠᠵᠤ᠂ ᠶᠡᠭᠡ ᠲᠠᠯ᠎ᠠ ᠳᠤ ᠦᠢᠯᠡᠴᠢᠯᠡᠬᠦ ᠠᠵᠢᠯ ᠰᠢᠨ᠎ᠡ ᠦᠷ᠎ᠡ ᠪᠦᠲᠦᠮᠵᠢ ᠲᠠᠢ ᠪᠣᠯᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠂ ᠲᠤᠰ ᠪᠡᠶ᠎ᠡ ᠶᠢᠨ | ᠪᠠᠶᠢᠭᠤᠯᠤᠯᠲᠠ ᠳᠤ ᠰᠢᠨ᠎ᠡ ᠳᠦᠷᠰᠦ ᠪᠠᠶᠢᠳᠠᠯ ᠢᠯᠡᠷᠡᠪᠡ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠠᠴᠠ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠵᠢᠯᠴᠠᠭ᠎ᠠ | ᠳᠤ ᠬᠦᠴᠦᠨ ᠨᠡᠮᠡᠷᠢᠯᠡᠬᠦ ᠠᠵᠢᠯ ᠲᠠᠰᠤᠷᠠᠯᠲᠠ ᠦᠭᠡᠢ ᠭᠦᠨᠵᠡᠭᠡᠶᠢᠷᠡᠨ ᠥᠷᠭᠡᠵᠢᠵᠦ᠂ ︽ᠵᠢᠷᠭᠤᠭ᠎ᠠ ᠶᠢ ᠳᠠᠭᠢᠨ ᠢᠶᠠᠷ | ᠨᠡᠮᠡᠭᠳᠡᠭᠦᠯᠬᠦ︾ ᠲᠥᠯᠥᠪᠯᠡᠭᠡ ᠪᠠ ︽ᠳᠥᠷᠪᠡᠨ ᠵᠦᠢᠯ ᠤᠨ ᠠᠵᠢᠯᠯᠠᠭ᠎ᠠ︾ ᠶᠢ ᠠᠬᠢᠭᠤᠯᠤᠨ ᠦᠯᠡᠮᠵᠢ ᠦᠷ᠎ᠡ | ᠪᠦᠲᠦᠭᠡᠯ ᠣᠯᠵᠤ᠂ ᠪᠦᠭᠦ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠰᠠᠶᠢᠨ ᠰᠠᠶᠢᠬᠠᠨ ᠳᠦᠷᠰᠦ | ᠪᠠᠶᠢᠳᠠᠯ ᠢ ᠢᠯᠡᠷᠡᠭᠦᠯᠵᠡᠢ ᠭᠡᠪᠡ᠃ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ | ᠬᠠᠯᠠᠮᠵᠢᠯᠠᠯ ᠳᠣᠣᠷ᠎ᠠ᠂ ᠪᠦᠭᠦ ᠣᠷᠣᠨ ᠤ ᠡᠯ᠎ᠡ ᠱᠠᠲᠤᠨ ᠤ ᠬᠢᠨ ᠠᠵᠠ ᠲᠣᠭᠢᠶᠠᠯ ᠢ ᠠᠮᠵᠢᠵᠤ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠡᠯ᠎ᠡ ᠵᠦᠢᠯ ᠤᠨ ᠠᠵᠢᠯ ᠦᠢᠯᠡᠰ ᠬᠥᠮᠥᠰ ᠢ ᠵᠣᠷᠢᠭᠵᠢᠭᠤᠯᠤᠭᠰᠠᠨ ᠬᠢᠷᠢ | ᠪᠦᠲᠦᠮᠵᠢ ᠣᠯᠵᠤ᠂ ᠠᠵᠤ ᠠᠬᠤᠢ ᠶᠢᠨ ᠬᠥᠭᠵᠢᠯᠲᠡ ᠰᠢᠨ᠎ᠡ ᠠᠯᠬᠤᠮ ᠠᠯᠬᠤᠨ᠂ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠰᠠᠶᠢᠨ ᠪᠠᠶᠢᠳᠠᠯ ᠢᠶᠠᠨ ᠪᠠᠲᠤᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠣᠭᠤᠮᠲᠠ ᠰᠢᠪᠲᠤᠯᠬᠤ ᠲᠠᠯ᠎ᠠ ᠪᠠᠷ ᠬᠤᠷᠳᠤᠴᠠ ᠪᠠᠨ ᠲᠦᠷᠭᠡᠳᠬᠡᠨ᠂ ᠨᠡᠭᠡᠭᠡᠯᠲᠡ ᠬᠢᠵᠦ ᠬᠠᠮᠲᠤᠷᠠᠯᠴᠠᠬᠤ ᠲᠠᠯ᠎ᠠ ᠪᠠᠷ | ᠲᠦᠷᠭᠡᠨ ᠬᠥᠭᠵᠢᠯᠲᠡ ᠶᠢᠨ ᠵᠠᠮ ᠳᠤ ᠣᠷᠣᠵᠤ᠂ ᠤᠮᠠᠷᠠᠲᠤ ᠬᠢᠯᠢ ᠶᠢᠨ ᠰᠣᠶᠣᠯ ᠰᠢᠨ᠎ᠡ ᠠᠮᠢᠵᠢᠷᠠᠯ ᠤᠨ | ᠬᠦᠴᠦᠨ ᠢᠶᠠᠨ ᠪᠠᠳᠠᠷᠠᠭᠤᠯᠤᠨ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠰᠠᠶᠢᠨ ᠰᠠᠶᠢᠬᠠᠨ ᠢᠷᠡᠭᠡᠳᠦᠢ ᠶᠢ ᠢᠯᠡᠷᠡᠭᠦᠯᠪᠡ᠃ ᠡᠯ᠎ᠡ ᠱᠠᠲᠤᠨ ᠤ ᠤᠯᠤᠰ ᠲᠥᠷᠤ ᠶᠢᠨ ᠵᠥᠪᠯᠡᠯᠭᠡᠨ ᠤ ᠵᠣᠬᠢᠶᠠᠨ | ᠪᠠᠶᠢᠭᠤᠯᠤᠯᠲᠠ ᠪᠣᠯᠣᠨ ᠥᠷᠭᠡᠨ ᠤᠯᠠᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠨ ᠪᠦᠭᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠭᠢᠯᠪᠠᠷ ᠪᠤᠰᠤ ᠪᠠᠷ ᠣᠯᠣᠭᠰᠠᠨ ᠰᠠᠶᠢᠨ ᠬᠢᠷᠢ | ᠪᠦᠲᠦᠮᠵᠢ ᠰᠠᠶᠢᠨ ᠪᠠᠶᠢᠳᠠᠯ ᠢ ᠬᠤᠪᠢ ᠲᠠᠭᠢᠨ ᠨᠠᠨᠳᠢᠩᠨᠠᠵᠤ᠂ ᠵᠥᠪᠯᠡᠯᠭᠡ ᠬᠢᠬᠦ ᠪᠠᠷ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ᠂ ᠬᠠᠮᠲᠤ ᠶᠢᠨ ᠲᠠᠨᠢᠯᠲᠠ ᠪᠠᠷ ᠪᠦᠯᠬᠦᠮᠳᠡᠯ ᠢ ᠪᠠᠬᠢᠵᠢᠭᠦᠯᠬᠦ᠂ ᠪᠦᠯᠬᠦᠮᠳᠡᠯ ᠢᠶᠠᠷ ᠬᠥᠭᠵᠢᠯᠲᠡ ᠶᠢ | ᠠᠬᠢᠭᠤᠯᠬᠤ ᠶᠢ ᠪᠠᠷᠢᠮᠲᠠᠯᠠᠨ᠂ ᠢᠲᠡᠭᠡᠯ ᠵᠣᠷᠢᠭ ᠢᠶᠠᠨ ᠪᠠᠲᠤᠳᠬᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ | ᠬᠥᠮᠥᠰ ᠤᠨ ᠰᠡᠳᠬᠢᠯ ᠢ ᠳᠤᠯᠠᠭᠠᠴᠠᠭᠤᠯᠬᠤ᠂ ᠰᠡᠳᠬᠢᠯ ᠢ ᠨᠢᠭᠡᠳᠬᠡᠬᠦ ᠳᠡᠭᠡᠷ᠎ᠡ ᠢᠯᠡᠭᠦᠬᠡᠨ ᠬᠦᠴᠦ ᠲᠠᠯᠪᠢᠵᠤ᠂ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠤ ᠬᠠᠮᠵᠢᠨ ᠲᠥᠷᠤ ᠶᠢᠨ ᠪᠣᠳᠣᠯᠭ᠎ᠠ ᠶᠢ ᠤᠬᠠᠭᠤᠯᠬᠤ᠂ | ᠡᠷᠡᠭᠡᠯᠵᠡᠭᠡ ᠶᠢ ᠠᠯᠳᠠᠷᠠᠭᠠᠨ ᠮᠠᠳᠠᠭ ᠲᠠᠢ ᠵᠦᠢᠯ ᠢ ᠲᠠᠶᠢᠯᠪᠤᠷᠢᠯᠠᠬᠤ᠂ ᠵᠥᠷᠢᠴᠡᠯ ᠢ ᠠᠷᠢᠯᠭᠠᠬᠤ ᠵᠡᠷᠭᠡ ᠠᠵᠢᠯ ᠢ | ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ | ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠪᠣᠯ ᠣᠷᠣᠨ ᠳᠠᠶᠠᠭᠠᠷ ᠤᠨ ᠬᠠᠮᠲᠤ ᠶᠢᠨ ᠡᠭᠦᠷᠭᠡ | ᠪᠤᠯᠬᠤ ᠶᠢ ᠭᠦᠨᠵᠡᠭᠡᠢ ᠲᠠᠨᠢᠵᠤ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠴᠢᠳᠠᠪᠤᠷᠢᠲᠠᠨ | ᠴᠤᠭᠯᠠᠷᠠᠭᠰᠠᠨ᠂ ᠣᠶᠤᠨ ᠤᠬᠠᠭᠠᠨ ᠲᠥᠪᠯᠡᠷᠡᠭᠰᠡᠨ᠂ ᠬᠠᠷᠢᠯᠴᠠᠭ᠎ᠠ ᠥᠷᠭᠡᠨ ᠳᠡᠯᠭᠡᠷ ᠵᠡᠷᠭᠡ ᠳᠠᠪᠠᠭᠤᠯᠢᠭ ᠢᠶᠠᠨ | ᠭᠦᠢᠴᠡᠳ ᠪᠠᠳᠠᠷᠠᠭᠤᠯᠤᠨ᠂ ᠣᠨᠣᠴᠠᠲᠠᠢ ᠵᠥᠪᠯᠡᠯᠭᠡ ᠬᠢᠵᠦ ᠲᠥᠷᠥ ᠶᠢᠨ ᠶᠠᠪᠤᠳᠠᠯ ᠢ ᠵᠥᠪᠯᠡᠨ᠂ ︽ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢ ᠨᠡᠮᠡᠷᠢᠯᠡᠬᠦ︾ ᠶᠢ | ᠭᠦᠨᠵᠡᠭᠡᠶᠢᠷᠡᠭᠦᠯᠦᠨ ᠠᠬᠢᠭᠤᠯᠵᠤ᠂ ᠡᠯ᠎ᠡ ᠡᠲᠡᠭᠡᠳ ᠢᠯᠭᠠᠯ ᠢ ᠵᠣᠬᠢᠶᠠᠨ ᠪᠠᠶᠢᠭᠤᠯᠵᠤ ᠪᠠᠶᠢᠳᠠᠯ ᠪᠠ ᠡᠭᠦᠷᠭᠡ ᠶᠢᠨ | ᠲᠣᠭᠤᠷᠢᠨ ᠳᠤ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠂ ᠭᠤᠣᠯ ᠠᠵᠢᠯ ᠤᠨ ᠲᠣᠭᠤᠷᠢᠨ ᠳᠤ | ᠢᠳᠡᠪᠬᠢᠲᠡᠢ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠢᠯᠢᠳᠡᠭ ᠬᠢᠷᠢ | ᠪᠦᠳᠦᠮᠵᠢ ᠪᠦᠬᠦᠢ ︽ᠤᠯᠤᠰ ᠲᠥᠷᠥ ᠶᠢᠨ ᠵᠥᠪᠯᠡᠯᠭᠡᠨ ᠤ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ | ᠲᠤᠰᠢᠶᠠᠬᠤ ᠬᠡᠷᠡᠭᠲᠡᠢ᠃ ᠵᠥᠪᠯᠡᠬᠦ ᠮᠠᠶ᠋ᠢᠭ ᠤᠨ ᠬᠢᠨᠠᠯᠲᠠ ᠲᠠᠯᠪᠢᠬᠤ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ | ᠬᠢᠨᠠᠯᠲᠠ ᠲᠠᠯᠪᠢᠬᠤ ᠠᠷᠭ᠎ᠠ ᠭᠡᠯᠪᠡᠷᠢ ᠪᠠᠨ ᠰᠠᠶᠢᠵᠢᠷᠠᠭᠤᠯᠤᠨ᠂ ᠬᠢᠨᠠᠯᠲᠠ ᠲᠠᠯᠪᠢᠬᠤ ᠲᠦᠪᠰᠢᠨ ᠢᠶᠠᠨ | ᠳᠡᠭᠡᠭᠰᠢᠯᠡᠭᠦᠯᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ | ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ | ᠭᠡᠪᠡ᠃ | ᠰᠦᠨ ᠱᠤᠤ ᠴᠧᠩ᠂ ᠤᠯᠤᠰ ᠲᠦᠷᠦ ᠶᠢᠨ ᠵᠥᠪᠯᠡᠯᠭᠡᠨ ᠤ ᠠᠵᠢᠯ ᠪᠣᠯ ᠨᠠᠮ ᠤᠨ ᠠᠵᠢᠯ ᠤᠨ ᠴᠢᠬᠤᠯᠠ | ᠪᠦᠷᠢᠯᠳᠦᠭᠦᠨ ᠬᠡᠰᠡᠭ ᠮᠥᠨ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤᠯᠤᠰ | ᠲᠦᠷᠦ ᠶᠢᠨ ᠵᠥᠪᠯᠡᠯᠭᠡᠨ ᠤ ᠠᠵᠢᠯ ᠦᠢᠯᠡᠰ ᠤᠨ ᠬᠥᠭᠵᠢᠯᠲᠡ ᠶᠢ ᠢᠮᠠᠭᠲᠠ ᠴᠢᠬᠤᠯᠠᠴᠢᠯᠠᠨ᠂ ᠬᠠᠯᠠᠮᠵᠢᠯᠠᠨ ᠳᠡᠮᠵᠢᠵᠦ | ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠪᠦᠭᠦ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ | ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ | ᠂ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ | ᠨᠥᠬᠦᠴᠡᠯ ᠢ ᠪᠦᠷᠢᠯᠳᠦᠭᠦᠯᠦᠨ ᠥᠭᠴᠦ᠂ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | ᠵᠠᠩ ᠶᠠᠨ ᠺᠦᠨ᠂ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ | ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ | ᠳᠣᠣᠷ᠎ᠠ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ | ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠠᠵᠢᠯ ᠤᠨ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠵᠥᠪᠯᠡᠯᠭᠡᠨ ᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠤᠬᠠᠭᠠᠯᠠᠨ ᠲᠥᠯᠥᠪᠯᠡᠵᠦ ᠠᠬᠢᠭᠤᠯᠤᠨ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠴᠦ᠂ ᠪᠦᠯᠬᠦᠮᠳᠡᠨ ᠤᠷᠤᠭᠰᠢᠯᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ | ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠣᠯᠵᠠᠢ ᠭᠡᠪᠡ᠃ | ᠵᠠᠩ ᠶᠠᠨ ᠺᠦᠨ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠮᠥᠨ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠮᠥᠨ᠃ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ | ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠭᠤᠣᠯ ᠠᠵᠢᠯ ᠤᠨ ᠲᠣᠭᠤᠷᠢᠨ ᠳᠤ | ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠭᠤᠣᠯ ᠠᠵᠢᠯ ᠳᠤ ᠣᠷᠣᠯᠴᠠᠨ᠂ ᠬᠥᠭᠵᠢᠯᠲᠡ ᠳᠤ ᠬᠦᠴᠦᠨ | ᠨᠡᠮᠡᠷᠢᠯᠡᠵᠦ᠂ ᠭᠤᠣᠯ ᠠᠵᠢᠯ ᠳᠤ ᠠᠭᠤᠰᠤᠯᠴᠠᠨ᠂ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠎ᠠ᠃ ︽ᠲᠠᠪᠤᠨ ᠶᠡᠭᠡ ᠡᠭᠦᠷᠭᠡ ︾ ᠶᠢ ᠭᠦᠨᠵᠡᠭᠡᠢ | ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠪᠠᠬᠢᠵᠢᠭᠦᠯᠦᠨ ᠳᠡᠭᠡᠭᠰᠢᠯᠡᠭᠦᠯᠭᠦ᠂ ︽ᠵᠢᠷᠭᠤᠭᠠᠨ | ᠠᠵᠢᠯᠯᠠᠭ᠎ᠠ ︾ ᠶᠢ ᠪᠦᠲᠦᠮᠵᠢᠲᠡᠶ ᠬᠡᠷᠡᠭᠵᠢᠭᠦᠯᠬᠦ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠤᠯᠤᠰ | ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢ ᠨᠡᠮᠡᠷᠢᠯᠡᠬᠦ︾ ᠵᠡᠷᠭᠡ ᠭᠤᠣᠯᠳᠠᠯᠭ᠎ᠠ ᠲᠠᠢ ᠡᠭᠦᠷᠭᠡ ᠶᠢ | ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠤᠰ ᠲᠥᠷᠥ ᠶᠢᠨ ᠵᠥᠪᠯᠡᠯᠭᠡᠨ ᠤ | ᠬᠤᠪᠢ ᠨᠡᠮᠡᠷᠢ ᠶᠢ ᠦᠵᠡᠭᠦᠯᠦᠨ᠎ᠡ᠃ ᠲᠠᠪᠤᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ ᠄ ᠨᠢᠭᠡ ᠳᠤ | ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠰᠡᠳᠬᠢᠯ ᠢ ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠬᠠᠮᠲᠤ ᠶᠢᠨ | ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ ᠴᠣᠬᠴᠠᠯᠠᠨ᠎ᠠ;ᠬᠤᠶᠠᠷ ᠲᠤ᠂ ᠨᠠᠮ ᠤᠨ ᠬᠤᠷᠢᠶ᠎ᠠ ᠶᠢᠨ | ᠭᠤᠣᠯ ᠠᠵᠢᠯ ᠤᠨ ᠲᠣᠭᠤᠷᠢᠨ ᠳᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ | ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠶᠢ ᠪᠠᠷᠢᠮᠳᠠᠯᠠᠨ᠎ᠠ;ᠭᠤᠷᠪᠠ ᠳᠤ᠂ ᠬᠠᠮᠲᠤ ᠶᠢᠨ ᠲᠠᠨᠢᠯᠲᠠ ᠶᠢ | ᠨᠢᠭᠲᠠᠷᠠᠭᠤᠯᠤᠨ ᠪᠦᠯᠬᠦᠮᠳᠡᠯ ᠢ ᠠᠬᠢᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠬᠠᠮᠤᠭ ᠤᠨ ᠶᠡᠭᠡ ᠢᠵᠢᠯᠢ | ᠲᠥᠪᠲᠦ ᠲᠣᠭᠤᠷᠢᠭ ᠢ ᠴᠢᠷᠮᠠᠶᠢᠨ ᠵᠢᠷᠤᠬᠯᠠᠨ᠎ᠠ;ᠳᠥᠷᠪᠡ ᠳᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠲᠤᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠦᠨ᠎ᠠ;ᠲᠠᠪᠤ ᠳᠤ᠂ ᠨᠠᠮ ᠤᠨ | ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ | ᠵᠥᠪᠯᠡᠯᠭᠡᠨ ᠤ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠨ᠎ᠠ ᠭᠡᠪᠡ᠃ | ᠴᠡᠴᠡᠭ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠶᠡᠭᠡ | ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ | ᠪᠠᠶᠢᠳᠠᠯ ᠢ ᠮᠡᠳᠡᠭᠦᠯᠪᠡ᠃ | ᠵᠠᠩ ᠶᠦᠩ ᠴᠢᠶᠠᠩ᠂ ᠯᠢᠩ ᠶᠦᠨ᠂ ᠬᠤᠸᠠᠩ ᠱᠤᠸᠠᠩ ᠶᠠᠨ᠂ ᠶᠠᠩ ᠵᠢᠢ ᠫᠧᠩ᠂ ᠴᠧᠨ ᠬᠤ᠋ ᠨᠠᠨ᠂ | ᠶᠤᠸᠠᠢ ᠶᠠᠨ ᠮᠧᠢ ᠵᠡᠷᠭᠡ 6 ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠶᠡᠭᠡ ᠬᠤᠷᠠᠯ ᠳᠡᠭᠡᠷ᠎ᠡ ᠦᠭᠡ ᠬᠡᠯᠡᠪᠡ᠃ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠤᠷᠢᠯᠭ᠎ᠠ ᠪᠠᠷ | ᠬᠤᠷᠠᠯ ᠳᠤ ᠰᠤᠯᠠ ᠣᠷᠣᠯᠴᠠᠪᠠ᠃ | | |