ᠮᠠᠨ ᠤ ᠠᠶᠢᠮᠠᠭ ᠤᠨ ᠲᠥᠯᠥᠭᠡᠯᠡᠭᠴᠢ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ︽ᠲᠥᠯᠥᠭᠡᠯᠡᠭᠴᠢᠳ ᠤᠨ ᠰᠣᠷᠪᠤᠯᠵᠢᠯᠠᠭ᠎ᠠ ᠬᠦᠯᠢᠶᠡᠬᠦ ᠵᠠᠮ︾᠎ ᠳᠤ ᠰᠣᠷᠪᠤᠯᠵᠢᠯᠠᠭ᠎ᠠ ᠬᠦᠯᠢᠶᠡᠵᠡᠢ
ᠨᠡᠶᠢᠲᠡᠯᠡᠭᠰᠡᠨ ᠴᠠᠭ᠄
2025/4/7
                    ᠪᠦᠦ ᠶᠦᠨ ᠹᠧᠩ︶ 1 ᠰᠠᠷ᠎ᠠ ᠶᠢᠨ 14᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠠᠩᠬᠠᠳᠠᠭᠴᠢ ︽ᠲᠥᠯᠥᠭᠡᠯᠡᠭᠴᠢᠳ ᠤᠨ ᠰᠣᠷᠪᠤᠯᠵᠢᠯᠠᠭ᠎ᠠ ᠬᠦᠯᠢᠶᠡᠬᠦ ᠵᠠᠮ︾ ᠨᠡᠭᠡᠭᠡᠭᠳᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠎ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠪᠦᠭᠡ ᠴᠡᠭᠡ ᠪᠣᠭᠤᠮᠲᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠣᠭᠤᠮᠲᠠ ᠶᠢ ᠪᠦᠲᠦᠭᠡᠨ ᠪᠠᠶᠢᠭᠤᠯᠬᠤ ᠳᠤᠮᠳᠠ ᠬᠡᠷᠬᠢᠨ ᠬᠦᠴᠦ ᠨᠡᠮᠡᠷᠢ ᠪᠠᠨ ᠡᠷᠭᠦᠬᠦ ᠲᠤᠬᠠᠢ ᠰᠣᠷᠪᠤᠯᠵᠢᠯᠠᠭ᠎ᠠ ᠶᠢ ᠬᠦᠯᠢᠶᠡᠭᠰᠡᠨ ᠪᠠᠶᠢᠨ᠎ᠠ᠃          ᠪᠦᠭᠡ᠂ ᠣᠶᠢᠷ᠎ᠠ ᠶᠢᠨ ᠵᠢᠯ ᠠᠴᠠ ᠴᠡᠭᠡ ᠪᠣᠭᠤᠮᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠢᠮᠠᠭᠲᠠ ᠪᠠᠷᠢᠮᠲᠠᠯᠠᠨ᠂ ᠰᠢ ᠶᠢᠨ ᠫᠢᠩ ᠶᠡᠷᠦᠩᠬᠡᠢ ᠱᠦᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠭᠡᠷᠡᠴᠢᠯᠡᠯᠲᠡ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢ ᠪᠠᠶᠢᠷᠢᠯᠠᠭᠤᠯᠤᠯᠲᠠ ᠵᠢᠴᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠥᠭᠡᠷᠡᠴᠢᠯᠡᠯᠲᠡ ᠶᠢᠨ ᠡᠯ᠎ᠡ ᠵᠦᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠪᠣᠭᠤᠮᠲᠠ ᠶᠢᠨ ᠬᠥᠭᠵᠢᠯᠲᠡ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠭᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠪᠦᠭᠦ ᠬᠦᠴᠦᠨ ᠢᠶᠠᠷ ᠰᠢᠢᠳᠪᠦᠷᠢᠯᠡᠪᠡ ᠭᠡᠪᠡ᠃           ᠪᠦᠭᠡ᠂ ᠴᠡᠭᠡ ᠪᠣᠭᠤᠮᠲᠠ ᠶᠢᠨ ᠣᠷᠣᠨ ᠪᠠᠶᠢᠷᠢ ᠥᠪᠡᠷᠮᠢᠴᠡ᠂ ᠡᠬᠢ ᠪᠠᠶᠠᠯᠢᠭ ᠡᠯᠪᠡᠭ ᠪᠥᠭᠡᠳ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠬᠤᠶᠠᠳᠤᠭᠠᠷ ᠲᠣᠮᠣ ᠪᠣᠭᠤᠮᠲᠠ ᠪᠣᠯᠣᠨ᠎ᠠ᠂ ᠭᠠᠳᠠᠭᠰᠢ ᠪᠠᠨ ᠮᠣᠩᠭᠤᠯ ᠤᠯᠤᠰ ᠤᠨ ᠡᠮᠦᠨᠡᠭᠤᠪᠢ ᠠᠶᠢᠮᠠᠭ ᠤᠨ ᠰᠢᠪᠡᠭᠡ ᠬᠦᠷᠡᠩ ᠪᠣᠭᠤᠮᠲᠠ ᠲᠠᠢ ᠨᠡᠪᠲᠡᠷᠡᠯᠴᠡᠵᠦ᠂ ᠮᠣᠩᠭᠤᠯ ᠤᠯᠤᠰ ᠤᠨ ᠮᠠᠯ ᠤᠨ ᠠᠰᠢᠭ ᠰᠢᠮ᠎ᠡ ᠪᠠ ᠠᠭᠤᠷᠬᠠᠢ ᠶᠢᠨ ᠡᠬᠢ ᠪᠠᠶᠠᠯᠢᠭ ᠢᠶᠠᠷ ᠨᠡᠯᠢᠶᠡᠳ ᠡᠯᠪᠡᠭ 5 ᠠᠶᠢᠮᠠᠭ ᠢ ᠬᠠᠮᠤᠷᠤᠨ᠂ ᠥᠪᠡᠷᠲᠡᠭᠡᠨ ᠵᠠᠰᠠᠬᠤ ᠣᠷᠣᠨ ᠪᠣᠯᠣᠨ ᠱᠠᠨᠰᠢ᠂ ᠭᠠᠨᠰᠤ᠂ ᠨᠢᠩᠰᠢᠶᠠ᠂ ᠬᠥᠬᠡᠨᠠᠭᠤᠷ ᠬᠠᠮᠲᠤ ᠪᠠᠷ ᠡᠵᠡᠮᠰᠢᠵᠦ ᠪᠠᠶᠢᠭ᠎ᠠ ᠬᠠᠭᠤᠷᠠᠢ ᠵᠠᠮ ᠤᠨ ᠪᠣᠭᠤᠮᠲᠠ ᠪᠣᠯᠣᠨ᠎ᠠ᠃ ᠥᠩᠭᠡᠷᠡᠭᠰᠡᠨ ᠳᠤ᠂ ᠴᠡᠭᠡ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠶᠢ ᠵᠥᠪᠭᠡᠨ ᠲᠤᠬᠠᠢ ᠶᠢᠨ ᠭᠠᠵᠠᠷ ᠤᠨ ᠬᠥᠮᠥᠷᠭᠡ ᠳᠤ ᠬᠠᠳᠠᠭᠠᠯᠠᠭᠰᠠᠨ ᠤ ᠳᠠᠷᠠᠭ᠎ᠠ ᠪᠦᠭᠦ ᠤᠯᠤᠰ ᠤᠨ ᠡᠯ᠎ᠡ ᠭᠠᠵᠠᠷ ᠲᠤ ᠵᠥᠭᠡᠭᠡᠪᠦᠷᠢᠯᠡᠨ᠂ ᠴᠡᠭᠡ ᠪᠣᠭᠤᠮᠲᠠ ᠵᠦᠪᠭᠡᠨ ︽ᠳᠠᠮᠵᠢᠭᠤᠯᠬᠤ ᠦᠷᠳᠡᠭᠡ︾᠎ ᠶᠢᠨ ᠦᠢᠯᠡᠳᠦᠯ ᠢ ᠦᠵᠡᠭᠦᠯᠵᠦ ᠪᠠᠶᠢᠪᠠ᠃ᠣᠶᠢᠷ᠎ᠠ ᠶᠢᠨ ᠵᠢᠯ ᠠᠴᠠ᠂ ᠴᠡᠭᠡ ᠪᠣᠭᠤᠮᠲᠠ ᠎ ᠶᠢᠨ ᠬᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠪᠦᠰᠡ ᠨᠢᠭᠡ ᠵᠠᠮ︾᠎ ᠤᠨ ᠪᠠᠶᠢᠷᠢᠰᠢᠯ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠠᠭᠤᠰᠤᠯᠴᠠᠨ᠂ ᠠᠯᠠᠱᠠ ᠶᠢᠨ ᠭᠠᠳᠠᠭᠠᠳᠤ ᠨᠡᠭᠡᠭᠡᠯᠲᠡ ᠪᠣᠯᠣᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠠᠵᠤ ᠠᠬᠤᠢ ᠶᠢ ᠬᠥᠭᠵᠢᠭᠡᠬᠦ᠂ ᠨᠢᠭᠡ ᠭᠠᠵᠠᠷ ᠤᠨ ᠤᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠢ ᠨᠡᠮᠡᠭᠳᠡᠭᠦᠯᠬᠦ᠂ ᠪᠠ ᠨᠢᠭᠡ ᠬᠤᠳᠠ ᠪᠠᠯᠭᠠᠰᠤ ᠶᠢ ᠴᠡᠴᠡᠭᠯᠡᠭᠦᠯᠦᠨ ᠬᠥᠭᠵᠢᠭᠦᠯᠬᠦ ᠳᠤ ᠴᠢᠬᠤᠯᠠ ᠦᠢᠯᠡᠳᠦᠯ ᠦᠵᠡᠭᠦᠯᠪᠡ᠃          ᠪᠦᠭᠡ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠠᠳᠬᠤᠵᠤ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠶᠡᠭᠡ ᠪᠠᠷ ᠥᠷᠭᠡᠳᠬᠡᠨ᠂ ᠪᠣᠭᠤᠮᠲᠠ ᠶᠢᠨ ᠴᠢᠳᠠᠪᠬᠢ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ ᠴᠡᠭᠡ ᠪᠣᠭᠤᠮᠲᠠ ᠨᠡᠭᠡᠭᠡᠯᠲᠡ ᠬᠢᠭᠰᠡᠨ 32 ᠵᠢᠯ ᠤᠨ ᠲᠤᠷᠰᠢ᠂ ᠲᠦᠷ ᠴᠠᠭ ᠪᠠᠷᠠᠭ᠎ᠠ ᠥᠩᠭᠡᠷᠡᠬᠦ ᠠᠴᠠ ᠤᠯᠠᠷᠢᠯ ᠤᠨ ᠴᠢᠨᠠᠷᠲᠠᠢ ᠪᠣᠭᠤᠮᠲᠠ ᠭᠦᠷᠲᠡᠯ᠎ᠡ᠂ ᠳᠠᠭᠢᠭᠠᠳ ᠤᠯᠤᠰ ᠤᠨ ᠵᠢᠯ ᠲᠤᠷᠰᠢ ᠨᠡᠭᠡᠭᠡᠯᠲᠡ ᠬᠢᠭᠰᠡᠨ ᠪᠣᠭᠤᠮᠲᠠ ᠭᠦᠷᠲᠡᠯ᠎ᠡ᠂ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠨᠢᠭᠡᠨᠲᠡ ᠳᠤᠮᠳᠠᠳᠤ ᠮᠣᠩᠭᠤᠯ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢᠨ ᠴᠢᠬᠤᠯᠠ ᠬᠥᠭᠦᠷᠭᠡ ᠪᠣᠯᠤᠭᠰᠠᠨ ᠪᠠᠶᠢᠨ᠎ᠠ ᠭᠡᠪᠡ᠃          ᠴᠡᠭᠡ ᠪᠣᠭᠤᠮᠲᠠ ᠳᠤ ᠣᠳᠣᠬᠠᠨ ᠨᠡᠭᠦᠷᠡᠰᠦ ᠤᠬᠢᠶᠠᠵᠤ ᠰᠢᠯᠢᠬᠦ 12 ᠠᠵᠤ ᠠᠬᠤᠶᠢᠯᠠᠯ ᠲᠠᠢ᠃ 2024 ᠣᠨ ᠳᠤ᠂ ᠴᠡᠭᠡ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ 2400 ᠲᠦᠮᠡᠨ ᠲᠣᠨ ᠢ ᠳᠠᠪᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ 150 ᠳ᠋ᠦᠩᠰᠢᠭᠤᠷ ᠲᠥᠭᠦᠷᠢᠭ ᠲᠤ ᠬᠦᠷᠴᠦ᠂ ᠪᠣᠭᠤᠮᠲᠠ ᠨᠡᠭᠡᠭᠡᠭᠰᠡᠨ ᠠᠴᠠ ᠨᠠᠭᠠᠰᠢᠬᠢ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠴᠡᠢ᠃ ᠡᠭᠦᠨ ᠤ ᠳᠣᠲᠣᠷ᠎ᠠ᠂ ᠭᠠᠳᠠᠭᠠᠳᠤ ᠠᠴᠠ ᠣᠷᠣᠭᠤᠯᠤᠭᠰᠠᠨ 850 ᠭᠠᠷᠤᠢ ᠲᠦᠮᠡᠨ ᠲᠣᠨ ᠨᠡᠭᠦᠷᠡᠰᠦ ᠶᠢ ᠠᠵᠤ ᠠᠬᠤᠶᠢᠯᠠᠯ ᠤᠨ ᠡᠳ᠋ᠰᠢᠭᠦᠯᠦᠨ ᠦᠷᠳᠡᠭ ᠤᠨ ᠨᠡᠮᠡᠭᠳᠡᠯ ᠳᠤ ᠣᠷᠣᠭᠤᠯᠤᠭᠰᠠᠨ ᠤ ᠲᠠᠷᠠᠭ᠎ᠠ ᠪᠦᠭᠦ ᠤᠯᠤᠰ ᠤᠨ ᠡᠯ᠎ᠡ ᠭᠠᠵᠠᠷ ᠲᠤ ᠵᠥᠭᠡᠭᠡᠪᠦᠷᠢᠯᠡᠭᠳᠡᠨ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 35 ᠳ᠋ᠦᠩᠰᠢᠭᠤᠷ ᠲᠥᠭᠦᠷᠢᠭ ᠢ ᠳᠠᠪᠠᠵᠤ᠂ 5 ᠵᠢᠯ ᠤᠨ ᠡᠮᠦᠨᠡᠬᠢ ᠲᠠᠢ ᠬᠠᠷᠢᠴᠠᠭᠤᠯᠪᠠᠯ ᠨᠢᠭᠡ ᠲᠠᠭᠢᠨ ᠨᠡᠮᠡᠭᠳᠡᠪᠡ᠂ ᠡᠨᠡ ᠨᠢ ᠪᠣᠭᠤᠮᠲᠠ ᠶᠢᠨ ᠠᠵᠤ ᠠᠬᠤᠢ ᠪᠣᠯᠣᠨ ᠳᠣᠲᠣᠷ᠎ᠠ ᠭᠠᠵᠠᠷ ᠤᠨ ᠠᠵᠤ ᠠᠬᠤᠢ ᠶᠢᠨ ᠬᠤᠯᠪᠣᠯᠳᠤᠯ ᠢ ᠲᠦᠷᠭᠡᠳᠬᠡᠵᠡᠢ᠃           ︽ᠳᠠᠷᠠᠭᠠᠴᠢ ᠶᠢᠨ ᠠᠯᠬᠤᠮ ᠳᠤ᠂ ᠪᠢᠳᠡ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠯᠢ ᠤᠯᠠᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠠᠰᠢᠭᠯᠠᠨ ᠠᠮᠢᠳᠤᠯᠢᠭ ᠢᠶᠠᠷ ᠬᠡᠷᠡᠭᠯᠡᠵᠦ᠂ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠳᠡᠯᠡᠬᠡᠶᠢᠵᠢᠭᠰᠡᠨ ᠣᠳᠣᠬᠢᠴᠢᠯᠠᠭᠰᠠᠨ ᠪᠣᠭᠤᠮᠲᠠ ᠶᠢᠨ ︽ᠠᠵᠢᠯ︾᠎ ᠢ ᠰᠠᠶᠢᠲᠤᠷ ᠬᠢᠵᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠣᠭᠤᠮᠲᠠ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠦᠷᠭᠦᠯᠵᠢᠯᠡᠨ ᠡᠷᠭᠦᠨ᠎ᠡ︾ ᠭᠡᠵᠦ ᠪᠦᠭᠡ ᠬᠡᠯᠡᠪᠡ᠃                
 
ᠢᠷᠡᠯᠲᠡ᠄ ᠠᠯᠠᠱᠠ ᠶᠢᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号