ᠤᠯᠠᠭ᠎ᠠ ᠪᠤᠳᠠᠷᠠᠬᠰᠠᠨ ᠤᠯᠠᠭᠠᠨ ᠳᠤᠭᠤᠷᠴᠤᠬᠳᠤ ᠮᠥᠭᠦ
ᠨᠡᠶᠢᠲᠡᠯᠡᠭᠰᠡᠨ ᠴᠠᠭ᠄
2025/4/7
                       ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶᠡᠨ ᠪ᠊ ᠮᠡᠳᠡᠭᠡᠯᠡᠭᠰᠡᠨ ᠢᠶᠠᠷ᠂ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠴᠢᠩ ᠾᠧ ᠪᠠᠯᠭᠠᠰᠤ ᠶᠢᠨ ᠪᠠᠷᠠᠭᠤᠨ ᠵᠢᠶᠠᠩ ᠵᠢᠶᠠ ᠸᠧ ᠫᠦ᠋ ᠲᠤᠰᠬᠤᠨ ᠤ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠤᠯᠠᠭᠠᠨ ᠲᠤᠭᠤᠷᠴᠤᠬᠳᠥ ᠮᠥᠭᠦ ᠎ ᠶᠢᠨ ᠳᠤᠯᠠᠭᠠᠨ ᠬᠦᠯᠡᠮᠵᠢ ᠳᠤ ᠣᠷᠣᠪᠠᠯ᠂ ᠴᠢᠭᠢᠭᠯᠢᠭ ᠬᠠᠯᠠᠭᠤᠨ ᠠᠭᠤᠷ ᠠᠮᠢᠰᠬᠤᠯ  ᠥᠭᠡᠳᠡ ᠠᠴᠠ ᠢᠪᠡᠷᠡᠨ ᠪᠦᠭᠦ ᠪᠡᠶ᠎ᠡ ᠶᠢ ᠨᠢᠯ ᠬᠢᠯᠭᠡᠨ᠎ᠡ᠃ ᠬᠦᠯᠡᠮᠵᠢ ᠳᠤ ᠪᠥᠭᠡᠮ ᠪᠥᠭᠡᠮ ᠤᠯᠠᠭᠠᠨ ᠲᠤᠭᠤᠷᠴᠤᠬᠳᠤ ᠮᠥᠭᠦ ᠴᠤᠬᠤᠶᠢᠨ ᠤᠷᠭᠤᠵᠠᠢ᠃ ᠠᠵᠢᠯᠴᠢᠳ ᠤᠯᠠᠭᠠᠨ ᠲᠤᠭᠤᠷᠴᠤᠬᠳᠤ ᠮᠦᠭᠦ ᠶᠢᠨ ᠦᠨᠳᠦᠰᠦ ᠠᠴᠠ ᠨᠢ ᠬᠥᠩᠭᠡᠬᠡᠨ ᠴᠢᠮᠬᠢᠵᠦ ᠠᠪᠤᠭᠠᠳ ᠰᠠᠭᠰᠤᠨ ᠳᠤ ᠲᠡᠭᠰᠢᠬᠡᠨ ᠲᠠᠯᠪᠢᠵᠤ᠂ ᠰᠠᠭᠰᠤ ᠪᠠᠨ ᠳᠦᠭᠦᠷᠭᠡᠪᠡᠯ ᠰᠣᠷᠭᠤᠭ ᠢᠶᠠᠷ ᠬᠠᠳᠠᠭᠠᠯᠠᠬᠤ ᠬᠦᠢᠲᠡᠨ ᠬᠥᠮᠥᠷᠭᠡ ᠳᠤ ᠵᠥᠭᠡᠭᠡᠵᠦ ᠠᠪᠠᠴᠢᠨ᠂ ᠶᠡᠭᠡ ᠪᠠᠭ᠎ᠠ ᠪᠠᠷ ᠨᠢ ᠢᠯᠭᠠᠨ ᠬᠠᠶᠢᠷᠴᠠᠭᠯᠠᠵᠤ᠂ ᠱᠠᠩᠬᠠᠢ ᠬᠤᠲᠠ ᠲᠡᠶᠢᠰᠢ ᠭᠤᠪᠢᠭᠤᠯᠬᠤ ᠪᠠᠷ ᠪᠡᠯᠡᠳᠬᠡᠨ᠎ᠡ᠃           ︽ᠮᠠᠨ ᠤ ᠬᠢ 10 ᠬᠦᠯᠡᠮᠵᠢ ᠳᠠᠭᠠᠭᠠᠴᠢᠯᠠᠵᠤ ᠠᠪᠤᠭᠠᠳ 20 ᠮᠦ ᠤᠯᠠᠭᠠᠨ ᠲᠤᠭᠤᠷᠴᠤᠬᠳᠤ ᠮᠥᠭᠦ ᠳᠠᠷᠢᠵᠠᠢ᠂ ᠣᠲᠣ ᠶᠠᠭ ᠵᠠᠬ᠎ᠠ ᠳᠡᠯᠭᠡᠭᠦᠷ ᠲᠤ ᠭᠠᠷᠭᠠᠬᠤ ᠤᠯᠠᠷᠢᠯ ᠪᠣᠯᠤᠭᠰᠠᠨ᠂ ᠰᠢᠨ᠎ᠡ ᠰᠣᠷᠭᠤᠭ ᠪᠠᠶᠢᠬᠤ ᠶᠢ ᠪᠠᠲᠤᠯᠠᠬᠤ ᠶᠢᠨ ᠲᠥᠯᠥᠭᠡ ᠪᠢᠳᠡ ᠡᠳᠦᠷ ᠤᠨ ᠬᠤᠶᠠᠷ ᠤᠳᠠᠭ᠎ᠠ ᠲᠡᠭᠦᠵᠦ ᠪᠤᠢ᠃ ᠣᠲᠣ ᠶᠢᠨ ᠦᠨ᠎ᠡ ᠬᠠᠩᠰᠢ ᠶᠡᠭᠡ ᠰᠠᠶᠢᠨ ᠪᠥᠭᠡᠳ ᠪᠣᠷᠣᠯᠠᠭᠤᠯᠬᠤ ᠶᠢᠨ ᠲᠥᠯᠥᠭᠡ ᠵᠣᠪᠠᠭ᠋ᠤ ᠤᠴᠢᠷ ᠦᠭᠡᠢ᠂ ᠭᠤᠣᠯᠳᠠᠭᠤ ᠡᠮᠦᠨᠡᠲᠦ ᠣᠷᠣᠨ ᠤ ᠲᠣᠮᠣ ᠬᠤᠲᠠ ᠪᠠᠷ ᠪᠣᠷᠣᠯᠠᠭᠤᠯᠵᠤ ᠪᠠᠶᠢᠨ᠎ᠠ᠃ ᠮᠦ ᠪᠦᠷᠢ ᠶᠢᠨ ᠴᠡᠪᠡᠷ ᠠᠰᠢᠭ 3 ᠲᠦᠮᠡᠨ ᠲᠥᠭᠦᠷᠢᠭ ᠢ ᠳᠠᠪᠠᠵᠤ ᠪᠠᠶᠢᠨ᠎ᠠ ︾ ᠭᠡᠵᠦ ᠲᠠᠷᠢᠮᠠᠯ ᠤᠨ ᠶᠡᠭᠡ ᠡᠷᠦᠭᠡ ᠵᠠᠩ ᠴᠦᠨ ᠯᠢ ᠪᠠᠶᠠᠷ ᠲᠠᠢ ᠲᠠᠨᠢᠯᠴᠠᠭᠤᠯᠤᠨ᠎ᠠ᠃ ᠤᠯᠠᠭᠠᠨ ᠲᠤᠭᠤᠷᠴᠤᠬᠳᠤ ᠮᠥᠭᠦ ᠪᠣᠯ ᠣᠶᠢᠷ᠎ᠠ ᠶᠢᠨ ᠵᠢᠯ ᠳᠤ ᠳᠡᠯᠭᠡᠷᠡᠭᠰᠡᠨ ᠢᠳᠡᠭᠡᠨ ᠤ ᠮᠥᠭᠦ ᠶᠢᠨ ︽ᠰᠢᠨ᠎ᠡ ᠤᠳᠤᠨ︾ ᠪᠣᠯᠣᠨ᠎ᠠ᠃ ᠡᠨᠡ ᠮᠦᠭᠦ ᠨᠢ ᠠᠩᠬᠢᠯᠤᠮ᠎ᠠ ᠰᠠᠶᠢᠬᠠᠨ ᠦᠨᠦᠷ ᠲᠠᠢ᠂ ᠬᠡᠦᠷᠡᠭ ᠪᠥᠭᠡᠳ ᠵᠥᠭᠡᠯᠡᠨ᠂ ᠠᠮᠲᠠ ᠰᠠᠶᠢᠨ᠂ ᠰᠢᠮ᠎ᠡ ᠲᠡᠵᠢᠭᠡᠯ ᠡᠯᠪᠡᠭ ᠵᠡᠷᠭᠡ ᠣᠨᠴᠠᠯᠢᠭ ᠲᠠᠢ ᠪᠠᠶᠢᠵᠤ᠂ ︽ᠬᠠᠷᠠᠰᠣ ᠢᠳᠡᠭᠡᠨ ᠤ ᠳᠣᠲᠣᠷᠠᠬᠢ ᠮᠢᠬ᠎ᠠ︾ ᠭᠡᠰᠡᠨ ᠰᠠᠶᠢᠬᠠᠨ ᠠᠯᠳᠠᠷ ᠎ ᠲᠠᠢ ᠶᠤᠮ᠃ ᠲᠤᠰ ᠭᠠᠵᠠᠷ ᠤᠨ ᠤᠯᠠᠭᠠᠨ ᠲᠤᠭᠤᠷᠴᠤᠬᠳᠤ ᠮᠥᠭᠦ ᠨᠢ ᠵᠢᠯ ᠪᠦᠷᠢ ᠶᠢᠨ 9 ᠰᠠᠷ᠎ᠠ ᠠᠴᠠ 12 ᠰᠠᠷ᠎ᠠ ᠶᠢᠨ ᠬᠤᠭᠤᠷᠣᠨᠳᠤ ᠵᠠᠬ᠎ᠠ ᠳᠡᠯᠭᠡᠭᠦᠷ ᠲᠤ ᠭᠠᠷᠳᠠᠭ ᠪᠣᠯᠬᠤᠷ ᠶᠠᠭ ᠰᠠᠶᠢᠬᠠᠨ ᠡᠮᠦᠨᠡᠲᠦ ᠣᠷᠣᠨ ᠤ ᠵᠠᠬ᠎ᠠ ᠳᠡᠯᠭᠡᠭᠦᠷ ᠤᠨ ᠬᠤᠭᠤᠰᠤᠨ ᠢ ᠨᠥᠬᠦᠪᠦᠷᠢᠯᠡᠵᠦ᠂ ᠦᠨ᠎ᠡ ᠬᠠᠩᠰᠢ ᠶᠢᠨ ᠳᠠᠪᠠᠭᠤᠯᠢᠭ ᠢ ᠪᠦᠷᠢᠳᠦᠭᠦᠯᠦᠨ᠂ ᠴᠢᠨᠠᠷ ᠰᠠᠶᠢᠲᠠᠢ ᠤᠯᠠᠭᠠᠨ ᠲᠤᠭᠤᠷᠴᠤᠬᠳᠤ ᠮᠥᠭᠦ ᠵᠢᠩ ᠪᠦᠷᠢ ᠳᠡᠭᠡᠨ 15 ᠲᠥᠭᠦᠷᠢᠭ ᠣᠷᠴᠢᠮ ᠳᠤ ᠬᠦᠷᠴᠦ᠂ ᠱᠠᠩᠬᠠᠢ ᠪᠠ ᠭᠤᠸᠠᠩᠵᠧᠦ ᠵᠡᠷᠭᠡ ᠭᠠᠵᠠᠷ ᠤᠨ ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠣᠯᠣᠯ᠎ᠠ᠃          
 
ᠢᠷᠡᠯᠲᠡ᠄ ᠠᠯᠠᠱᠠ ᠶᠢᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号