| | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠭᠦᠢᠵᠧᠦ ᠮᠤᠵᠢ ᠶᠢᠨ | ᠮᠣᠣ ᠲᠠᠢ ᠪᠦᠯᠦᠭᠯᠡᠯ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ | ᠮᠥᠩᠭᠦᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠭᠰᠡᠨ ︽2024 ᠬᠦᠰᠡᠯ ᠢᠨᠵᠧᠨᠧᠷᠢᠩ ᠤᠨ ᠥᠪᠥᠷ | ᠮᠣᠩᠭᠤᠯ ᠳᠤ ᠬᠠᠨᠳᠢᠪᠯᠡᠬᠤ ᠠᠵᠢᠯᠯᠠᠭ᠎ᠠ︾ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ | ᠰᠤᠷᠭᠠᠭᠤᠯᠢ ᠳᠤ ᠶᠠᠪᠤᠭᠳᠠᠪᠠ᠃ | 2024 ᠣᠨ ᠳᠤ᠂ ᠥᠪᠥᠷ ᠮᠣᠩᠭᠤᠯ ᠤᠨ ᠵᠠᠯᠠᠭᠤᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ︽ | 2024 ᠬᠦᠰᠡᠯ ᠢᠶᠠᠨ ᠲᠡᠷᠭᠡᠯᠰᠢᠭᠦᠯᠬᠦ ᠠᠵᠢᠯᠯᠠᠭ᠎ᠠ︾ ᠶᠢᠨ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠤᠨ | ᠪᠡᠯᠡ ᠮᠥᠩᠭᠦ ᠶᠢ 77. 5 ᠲᠦᠮᠡᠨ ᠲᠥᠭᠦᠷᠢᠭ ᠣᠯᠵᠤ᠂ ᠰᠤᠷᠤᠬᠴᠢ ᠨᠢᠭᠡᠪᠦᠷᠢ 5000 ᠲᠥᠭᠦᠷᠢᠭ ᠤᠨ | ᠪᠠᠷᠢᠮᠵᠢᠶ᠎ᠠ ᠪᠠᠷ ᠭᠡᠷ ᠪᠦᠯᠢ ᠨᠢ ᠬᠦᠴᠢᠷᠳᠡᠯᠲᠡᠢ 155 ᠣᠶᠤᠲᠠᠨ ᠢ ᠲᠤᠰᠠᠯᠠᠪᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠵᠠᠯᠠᠭᠤᠴᠤᠳ ᠤᠨ ᠰᠠᠭᠤᠷᠢ ᠮᠥᠩᠭᠦᠨ ᠤ ᠨᠡᠶᠢᠭᠡᠮᠯᠢᠭ | 2005 ᠣᠨ ᠠᠴᠠ ᠡᠬᠢᠯᠡᠨ ᠬᠦᠰᠡᠯ ᠢᠨᠵᠧᠨᠧᠷᠢᠩ ᠤᠨ ︽ᠬᠦᠰᠡᠯ ᠢᠶᠠᠨ ᠲᠡᠷᠭᠡᠯᠰᠢᠭᠦᠯᠬᠦ ᠠᠵᠢᠯᠯᠠᠭ᠎ᠠ︾ ᠶᠢ | ᠬᠡᠷᠡᠭᠵᠢᠭᠦᠯᠵᠦ᠂ ᠬᠤᠷᠢᠭᠠᠳ ᠵᠢᠯ ᠤᠨ ᠲᠤᠷᠰᠢ ᠨᠡᠶᠢᠲᠡ 8400 ᠭᠠᠷᠤᠢ ᠲᠦᠮᠡᠨ ᠲᠥᠭᠦᠷᠢᠭ ᠤᠨ ᠨᠢᠭᠦᠯᠡᠰᠦᠩᠭᠦᠢ | ᠶᠢᠨ ᠵᠣᠭᠤᠰ ᠴᠤᠭᠯᠠᠭᠤᠯᠵᠤ᠂ 2.3 ᠲᠦᠮᠡᠨ ᠭᠡᠷ ᠪᠦᠯᠢ ᠶᠢᠨ ᠰᠤᠷᠤᠬᠴᠢᠳ ᠢ ᠲᠤᠰᠠᠯᠠᠪᠠ᠃ ᠲᠣᠰ ᠨᠡᠶᠢᠲᠡ ᠶᠢᠨ | ᠠᠰᠠᠷᠠᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠲᠥᠷᠥᠯ ᠵᠦᠢᠯ ᠨᠢ ᠥᠪᠥᠷ ᠮᠣᠩᠭᠤᠯ ᠣᠷᠣᠨ ᠤ ︽ | ᠰᠤᠷᠤᠯᠭ᠎ᠠ ᠶᠢ ᠲᠡᠳᠬᠦᠵᠦ ᠬᠥᠮᠥᠨ ᠢ ᠬᠥᠮᠥᠵᠢᠭᠦᠯᠬᠦ︾ ᠨᠠᠷᠠᠲᠤ ᠲᠦᠷᠦᠯ ᠲᠡᠮᠳᠡᠭ ᠪᠠ ︽ᠨᠠᠮ ᠤᠨ ᠲᠥᠯᠥᠭᠡ | ᠬᠥᠮᠥᠨ ᠬᠥᠮᠥᠵᠢᠭᠦᠯᠬᠦ︾ ᠪᠠᠲᠤ ᠪᠠᠬᠢ ᠠᠴᠢᠶᠠᠯᠠᠪᠤᠷᠢ ᠪᠣᠯᠤᠭᠰᠠᠨ ᠪᠠᠶᠢᠨ᠎ᠠ᠃ 2012 ᠣᠨ ᠠᠴᠠ ᠡᠬᠢᠯᠡᠨ᠂ | ᠭᠦᠢᠵᠧᠦ ᠮᠤᠵᠢ ᠶᠢᠨ ᠮᠣᠣ ᠲᠠᠢ ᠪᠦᠯᠦᠭᠯᠡᠯ ᠤᠨ ᠬᠢᠨ ᠵᠠᠯᠠᠭᠤᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ᠲᠠᠢ | ᠬᠠᠮᠲᠤᠷᠠᠨ ︽ᠳᠤᠮᠳᠠᠳᠤ ᠤᠯᠤᠰ ᠤᠨ ᠮᠣᠣ ᠲᠠᠢ ᠠᠷᠢᠬᠢ · ᠤᠯᠤᠰ ᠤᠨ ᠲᠤᠯᠭᠠᠭᠤᠷᠢ ᠬᠦᠴᠦᠨ︾ ᠭᠡᠬᠦ ᠲᠣᠮᠣ | ᠭᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ 13 ᠵᠢᠯ ᠤᠨ | ᠲᠤᠷᠰᠢ ᠮᠠᠨ ᠤ ᠣᠷᠣᠨ ᠳᠤ ᠨᠡᠶᠢᠲᠡ 2427.5 ᠲᠦᠮᠡᠨ ᠲᠥᠭᠦᠷᠢᠭ ᠬᠠᠨᠳᠢᠪᠯᠡᠵᠤ᠂ ᠮᠣᠷᠠᠯ ᠰᠤᠷᠤᠯᠭ᠎ᠠ | ᠬᠤᠣᠰᠯᠠᠭᠰᠠᠨ᠂ ᠠᠮᠢᠳᠤᠷᠠᠯ ᠨᠢ ᠬᠦᠴᠢᠷ 4855 ᠣᠶᠤᠲᠠᠨ ᠢ ᠲᠤᠰᠠᠯᠠᠵᠤ᠂ ᠬᠠᠨᠳᠢᠪᠯᠡᠭ᠌ᠰᠠᠨ ᠵᠣᠭᠤᠰ ᠨᠢ | ᠬᠠᠮᠤᠭ ᠤᠨ ᠠᠷᠪᠢᠨ᠂ ᠲᠤᠰᠠᠯᠠᠮᠵᠢ ᠭᠥᠷᠳᠡᠭᠰᠡᠨ ᠬᠥᠮᠥᠨ ᠤ ᠲᠤᠭ᠎ᠠ ᠨᠢ ᠬᠠᠮᠤᠭ ᠤᠨ ᠣᠯᠠᠨ᠂ ᠬᠠᠮᠤᠷᠬᠤ ᠬᠡᠪᠴᠢᠶ᠎ᠡ | ᠨᠢ ᠬᠠᠮᠤᠭ ᠤᠨ ᠥᠷᠭᠡᠨ᠂ ᠨᠥᠯᠥᠭᠡ ᠪᠠᠷ ᠬᠠᠮᠤᠭ ᠤᠨ ᠭᠦᠨ ᠭᠦᠨᠵᠡᠭᠡᠢ ᠰᠤᠷᠤᠯᠭ᠎ᠠ ᠶᠢ ᠲᠡᠳᠬᠦᠬᠦ ᠨᠡᠶᠢᠲᠡ ᠶᠢᠨ | ᠠᠰᠠᠷᠠᠮᠵᠢ ᠶᠢᠨ ᠨᠠᠷᠠᠲᠤ ᠲᠦᠷᠦᠯ ᠲᠡᠮᠳᠡᠭ ᠪᠣᠯᠵᠠᠢ᠃ |