| | ᠯᠢ ᠶᠠ ᠨᠠᠨ ᠦᠢᠯᠡᠰ︶ 1 ᠰᠠᠷ᠎ᠠ ᠶᠢᠨ 18 ᠤ ᠡᠳᠦᠷ᠂ ︽ᠠᠯᠠᠱᠠ ᠶᠢᠨ ᠣᠨᠴᠠᠯᠢᠭᠲᠤ ᠠᠵᠤ | ᠦᠢᠯᠡᠰ ᠠᠳᠠ ᠠᠴᠠ ᠳᠡᠯᠡᠬᠡᠢ ᠶᠢ ᠵᠣᠷᠢᠨ᠎ᠠ︾ ᠭᠤᠣᠯ ᠰᠡᠳᠦᠪᠲᠦ ᠠᠯᠠᠱᠠ ᠶᠢᠨ ᠣᠨᠴᠠᠯᠢᠭᠲᠤ ᠦᠢᠯᠡᠳᠬᠦᠨ ᠤ | ᠰᠣᠯᠢᠯᠴᠠᠭᠠᠨ ᠤ ᠠᠵᠢᠯᠯᠠᠭ᠎ᠠ ᠠᠯᠠᠱᠠ ᠶᠢᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠤᠯᠪᠣᠭᠠᠨ ᠤ | ᠰᠠᠭᠤᠷᠢᠨ ᠭᠠᠵᠠᠷ ᠲᠤ ᠡᠬᠢᠯᠡᠪᠡ᠃ | ᠠᠵᠢᠯᠯᠠᠭ᠎ᠠ ᠨᠢ ︽ᠴᠢᠯᠠᠭᠤ᠂ ᠮᠢᠬ᠎ᠠ᠂ ᠨᠣᠣᠰᠣ᠂ ᠰᠦ᠂ ᠵᠢᠮᠢᠰ᠂ ᠢᠳᠡᠰᠢᠨ ᠨᠣᠭᠤᠭ᠎ᠠ᠂ ᠪᠡᠶ᠎ᠡ | ᠴᠢᠭᠢᠷᠠᠭᠵᠢᠭᠤᠯᠬᠤ ᠡᠳ᠋︾ ᠵᠡᠷᠭᠡ ᠣᠨᠴᠠᠯᠢᠭᠲᠤ ᠪᠦᠲᠦᠭᠡᠭᠳᠡᠬᠦᠨ ᠤ ᠲᠣᠭᠤᠷᠢᠨ ᠳᠤ᠂ 11 ᠭᠤᠣᠯ ᠰᠡᠳᠦᠪᠲᠦ | ᠦᠵᠡᠭᠦᠯᠭᠡ ᠶᠢᠨ ᠲᠣᠭᠤᠷᠢᠭ ᠢ ᠪᠠᠶᠢᠷᠢᠯᠠᠭᠤᠯᠤᠨ᠂ ᠠᠮᠢ ᠠᠬᠤᠢ ᠶᠢᠨ ᠡᠯᠡᠰᠦᠨ ᠤ ᠠᠵᠤ ᠦᠢᠯᠡᠰ᠂ ᠲᠡᠮᠡᠭᠡᠨ ᠤ | ᠠᠵᠤ ᠦᠢᠯᠡᠰ᠂ ᠲᠡᠮᠡᠭᠡᠨ ᠬᠢᠷᠭᠤᠤᠯ ᠤᠨ ᠠᠵᠤ ᠦᠢᠯᠡᠰ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ | ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠡᠯ᠎ᠡ ᠲᠥᠷᠥᠯ ᠤᠨ ︽ᠨᠡᠷᠡᠲᠦ︾᠂ ︽ᠰᠢᠯᠢᠳᠡᠭ︾᠂ | ︽ᠣᠨᠴᠠ︾ ᠪᠦᠲᠦᠭᠡᠭᠳᠡᠬᠦᠨ ᠤ ᠣᠷᠣᠨ ᠪᠦᠰᠡ ᠶᠢᠨ ᠣᠨᠴᠠᠯᠢᠭ ᠢ ᠲᠣᠪᠤᠶᠢᠯᠭᠠᠨ᠂ ᠨᠠᠩ ᠴᠸ ᠮᠢᠩᠭ᠎ᠠ ᠭᠠᠷᠤᠢ | ᠳᠦᠷᠦᠯ ᠤᠨ ᠪᠠᠷᠠᠭ᠎ᠠ ᠲᠠᠸᠠᠷ ᠴᠠᠭᠠᠨ ᠰᠠᠷ᠎ᠠ ᠶᠢᠨ ᠠᠭᠤᠷ ᠠᠮᠢᠰᠬᠤᠯ ᠢ ᠥᠳᠬᠡᠷᠡᠭᠦᠯᠦᠭᠰᠡᠨ ᠪᠠᠶᠢᠨ᠎ᠠ᠃ | ᠰᠠᠭᠤᠭᠠᠯᠢ ᠠᠷᠠᠳ ᠭᠤᠤ ᠽᠧ᠂ ᠪᠢ ᠠᠯᠠᠱᠠ ᠶᠢᠨ ᠣᠨᠴᠠᠯᠢᠭᠲᠤ ᠪᠦᠲᠦᠭᠡᠭᠳᠡᠬᠦᠨ ᠢ ᠠᠩᠬᠠᠷᠤᠭᠰᠠᠭᠠᠷ | ᠢᠷᠡᠵᠡᠶ᠃ ᠡᠨᠡ ᠴᠤᠭᠯᠠᠭᠠᠨ ᠨᠢ ᠨᠠᠩ ᠣᠯᠠᠨ ᠠᠷᠠᠳ ᠢᠷᠭᠡᠳ ᠲᠤ ᠠᠯᠠᠱᠠ ᠶᠢᠨ ᠢᠶᠠᠨ ᠰᠠᠶᠢᠨ ᠶᠠᠭᠤᠮ᠎ᠠ ᠪᠠᠨ | ᠲᠠᠨᠢᠭᠤᠯᠤᠭᠰᠠᠨ ᠨᠢ ᠶᠡᠭᠡ ᠰᠠᠶᠢᠨ ᠤᠴᠢᠷ᠃ ᠡᠶᠢᠮᠦ ᠠᠵᠢᠯᠯᠠᠭ᠎ᠠ ᠶᠢ ᠢᠯᠡᠭᠦᠬᠡᠨ ᠡᠷᠭᠢᠯᠡᠭᠦ ᠶᠢ ᠬᠦᠰᠡᠵᠦ ᠪᠠᠶᠢᠨ᠎ᠠ᠂ | ᠲᠤᠰ ᠭᠠᠵᠠᠷ ᠤᠨ ᠬᠥᠮᠥᠰ ᠲᠤ ᠨᠡᠩ ᠤᠯᠠᠨ ᠪᠣᠳᠠᠲᠤ ᠠᠰᠢᠭ ᠬᠦᠷᠲᠡᠭᠡᠬᠦ ᠶᠢᠨ ᠬᠠᠮᠲᠤ᠂ ᠭᠠᠳᠠᠷ ᠣᠷᠣᠨ ᠤ | ᠬᠥᠮᠥᠰ ᠲᠤ ᠠᠯᠠᠱᠠ ᠶᠢᠨ ᠢᠶᠠᠨ ᠣᠨᠴᠠᠯᠢᠭᠲᠤ ᠪᠦᠲᠦᠭᠡᠭᠳᠡᠬᠦᠨ ᠢ ᠣᠶᠢᠯᠠᠭᠠᠭᠤᠯᠵᠤ ᠪᠠᠶᠢᠨ᠎ᠠ ᠭᠡᠵᠦ ᠪᠠᠶᠢᠯ᠎ᠠ᠃ | ᠲᠣᠰ ᠤᠳᠠᠭᠠᠨ ᠤ ᠠᠵᠢᠯᠯᠠᠭ᠎ᠠ ᠳᠤ ᠮᠠᠨ ᠤ ᠠᠶᠢᠮᠠᠭ ᠤᠨ 42 ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠣᠷᠣᠯᠴᠠᠵᠤ᠂ 31 ᠦᠵᠡᠭᠦᠯᠭᠡ ᠶᠢᠨ ᠪᠠᠶᠢᠷᠢ ᠳᠤ 24 ᠣᠨᠴᠠᠯᠢᠭᠲᠤ ᠠᠵᠤ ᠦᠢᠯᠡᠰ ᠤᠨ ᠠᠵᠤ | ᠠᠬᠤᠶᠢᠯᠠᠯ ᠤᠨ 200 ᠭᠠᠷᠤᠢ ᠣᠨᠴᠠᠯᠢᠭᠲᠤ ᠪᠦᠲᠦᠭᠡᠭᠳᠡᠬᠦᠨ ᠢ ᠳᠡᠯᠭᠡᠨ ᠦᠵᠡᠭᠦᠯᠵᠦ ᠪᠣᠷᠣᠯᠠᠭᠤᠯᠪᠠ᠃ | ᠴᠤᠭᠯᠠᠭᠠᠨ ᠨᠢ 22 ᠤᠨ ᠡᠳᠦᠷ ᠪᠤᠯᠲᠠᠯ᠎ᠠ ᠶᠠᠪᠤᠭᠳᠠᠬᠤ ᠪᠣᠯᠣᠨ᠎ᠠ᠃ | ᠠᠯᠠᠱᠠ ᠠᠶᠢᠮᠠᠭ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠲᠥᠪ ᠤᠨ ᠦᠵᠡᠮᠦᠷᠢ ᠶᠢᠨ | ᠴᠢᠯᠠᠭᠤ ᠶᠢᠨ ᠠᠵᠤ ᠦᠢᠯᠡᠰ ᠤᠨ ᠰᠠᠯᠠᠭᠠᠨ ᠤ ᠬᠠᠷᠢᠭᠤᠴᠠᠯᠭᠠᠲᠠᠨ ᠬᠤᠸᠠᠩ ᠼᠦᠩ᠂ ᠡᠨᠡ ᠤᠳᠠᠭᠠᠨ ᠤ | ᠠᠵᠢᠯᠯᠠᠭ᠎ᠠ ᠨᠢ ᠵᠠᠰᠠᠭ ᠤᠨ ᠣᠷᠳᠣᠨ ᠠᠴᠠ ᠲᠠᠪᠴᠠᠩ ᠬᠠᠩᠭᠠᠵᠤ᠂ ᠠᠵᠤ ᠠᠬᠤᠶᠢᠯᠠᠯ ᠭᠤᠣᠯ ᠳᠦᠷᠢ ᠶᠢ ︽ | ᠲᠣᠭᠯᠠᠪᠠ︾᠃ ᠡᠭᠦᠨ ᠤ ᠵᠣᠷᠢᠯᠭ᠎ᠠ ᠨᠢ ᠲᠡᠮᠡᠭᠡᠲᠦ ᠨᠤᠲᠤᠭ ᠤᠨ ᠥᠷᠭᠡᠨ ᠣᠯᠠᠨ ᠲᠦᠮᠡᠨ ᠳᠤ ᠠᠯᠠᠱᠠ ᠶᠢᠨ | ᠣᠨᠴᠠᠯᠢᠭᠲᠤ ᠠᠵᠤ ᠦᠢᠯᠡᠰ᠂ ᠣᠨᠴᠠᠯᠢᠭᠲᠤ ᠠᠵᠤ ᠦᠢᠯᠡᠰ ᠤᠨ ᠪᠦᠲᠦᠭᠡᠭᠳᠡᠬᠦᠨ ᠢ ᠲᠠᠨᠢᠭᠤᠯᠵᠤ᠂ ᠠᠯᠠᠱᠠ | ᠠᠶᠢᠮᠠᠭ ᠤᠨ ︽ᠭᠤᠷᠪᠠᠨ ᠰᠢᠶᠠᠩ ᠨᠢᠭᠡ ᠬᠤᠲᠠ︾ ᠶᠢᠨ ᠰᠣᠶᠣᠯ ᠤᠨ ᠴᠢᠨᠠᠷ ᠳᠡᠰ ᠢ ᠳᠡᠭᠡᠭᠰᠢᠯᠡᠭᠦᠯᠭᠦ ᠶᠢᠨ | ᠲᠥᠯᠥᠭᠡ ᠶᠤᠮ᠃ ᠡᠭᠦᠨ ᠤ ᠬᠠᠮᠲᠤ᠂ ᠣᠨᠴᠠᠯᠢᠭᠲᠤ ᠠᠵᠤ ᠠᠬᠤᠶᠢᠯᠠᠯ ᠪᠣᠯᠣᠨ ᠠᠶᠢᠮᠠᠭ ᠲᠤ ᠰᠠᠭᠤᠭ᠎ᠠ ᠲᠥᠪ ᠤᠨ | ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠪᠣᠬᠢᠷᠳᠤᠯ ᠦᠭᠡᠢ ᠡᠨᠧᠷᠭᠢ ᠶᠢᠨ ᠠᠵᠤ | ᠠᠬᠤᠶᠢᠯᠠᠯ ᠵᠡᠷᠭᠡ ᠲᠠᠢ ᠨᠡᠪᠲᠡᠷᠡᠯᠴᠡᠬᠦ ᠬᠥᠭᠦᠷᠭᠡ ᠶᠢ ᠪᠠᠶᠢᠭᠤᠯᠵᠤ᠂ ᠠᠯᠠᠱᠠ ᠠᠶᠢᠮᠠᠭ ᠤᠨ ︽ᠰᠠᠶᠢᠨ | ᠦᠢᠯᠡᠳᠬᠦᠨ ᠲᠠᠢ ᠪᠤᠯᠪᠠᠴᠤ ᠰᠠᠶᠢᠨ ᠵᠠᠬ᠎ᠠ ᠳᠡᠯᠭᠡᠭᠦᠷ ᠪᠠᠶᠢᠬᠤ ᠦᠭᠡᠢ᠂ ᠰᠠᠶᠢᠨ ᠦᠨ᠎ᠡ ᠬᠦᠷᠬᠦ ᠦᠭᠡᠢ︾ | ᠪᠣᠭᠤᠮᠢ ᠶᠢ ᠰᠢᠢᠳᠪᠦᠷᠢᠯᠡᠬᠦ ᠶᠢ ᠵᠣᠷᠢᠭᠰᠠᠨ ᠶᠤᠮ ᠭᠡᠵᠦ ᠪᠠᠶᠢᠯ᠎ᠠ᠃ | |