ᠮᠢᠨᠤᠬᠠᠨ
ᠨᠡᠶᠢᠲᠡᠯᠡᠭᠰᠡᠨ ᠴᠠᠭ᠄
2025/4/7
                 ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠪᠠᠯᠭᠠᠰᠤᠨ ᠤ ᠳᠡᠳ᠋ ᠳᠠᠷᠤᠭ᠎ᠠ ᠮᠢᠨᠤᠬᠠᠨ                  ᠮᠢᠨᠤᠬᠠᠨ᠂ ᠡᠷᠡᠭᠲᠡᠢ᠂ ᠬᠢᠲᠠᠳ ᠦᠨᠳᠦᠰᠦᠲᠡᠨ᠂ 1990 ᠣᠨ ᠤ 8 ᠳ᠋ᠤᠭᠠᠷ ᠰᠠᠷ᠎ᠠ ᠳᠤ ᠲᠦᠷᠦᠵᠠᠢ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ            ᠣᠳᠣ ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠳᠡᠳ᠋ ᠳᠠᠷᠤᠭ᠎ᠠ ᠶᠢᠨ ᠲᠤᠰᠢᠶᠠᠯ ᠲᠠᠢ                              ᠨᠠᠮ ᠤᠨ ᠬᠤᠷᠢᠶᠠᠨ ᠤ ᠱᠦᠵᠢ ᠪᠠ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠶᠢᠨ ᠠᠵᠢᠯ ᠢ ᠬᠠᠪᠰᠤᠷᠴᠤ᠂ ᠠᠷᠠᠳ ᠤᠨ ᠵᠡᠪᠰᠡᠭᠲᠦ ᠬᠦᠴᠦᠨ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠳᠤ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠲᠥᠯᠦᠪᠵᠢᠭᠦᠯᠭᠡ᠂ ᠬᠥᠮᠥᠰ ᠤᠨ ᠰᠠᠭᠤᠷᠢᠰᠢᠯ ᠤᠨ ᠣᠷᠴᠢᠨ ᠲᠣᠭᠤᠷᠢᠨ ᠢ ᠵᠠᠰᠠᠨ ᠴᠡᠭᠴᠡᠯᠡᠬᠦ᠂ ᠠᠶᠦᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ᠂ ᠠᠵᠤ ᠦᠢᠯᠡᠳᠪᠦᠷᠢ ᠶᠢᠨ ᠠᠵᠤ ᠠᠬᠤᠢ᠂ ᠪᠠᠶᠢᠭᠠᠯᠢ ᠶᠢᠨ ᠡᠬᠢ ᠪᠠᠶᠠᠯᠢᠭ᠂ ᠬᠤᠳᠠᠯᠳᠤᠭᠠᠴᠢᠨ ᠤᠷᠢᠬᠤ᠂ ᠴᠠᠬᠢᠯᠭᠠᠨ ᠬᠦᠴᠦᠨ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠮᠢ ᠠᠬᠤᠢ ᠶᠢᠨ ᠣᠷᠴᠢᠨ ᠲᠣᠭᠤᠷᠢᠨ᠂ ᠢᠳᠡᠭᠡᠨ ᠤ ᠠᠮᠤᠷ ᠲᠦᠪᠰᠢᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠵᠡᠷᠭᠡ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶ᠎ᠡ ᠪᠣᠯᠣᠨ ᠬᠠᠪᠰᠤᠷᠤᠨ ᠬᠤᠯᠪᠣᠭᠠᠯᠠᠭᠰᠠᠨ ᠭᠠᠴᠠᠭ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠦᠵᠡᠯ ᠤᠬᠠᠮᠰᠠᠷ ᠤᠨ ᠬᠡᠯᠪᠡᠷᠢ᠂ ᠠᠶᠦᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠪᠠᠶᠢᠩᠭᠤ ᠶᠢᠨ ᠴᠢᠨᠠᠷᠲᠠᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠬᠦ᠂ ᠭᠠᠯ ᠲᠦᠢᠮᠡᠷ ᠢ ᠤᠨᠲᠠᠷᠠᠭᠠᠬᠤ ᠪᠠᠴᠢᠮ ᠪᠠᠶᠢᠳᠠᠯ ᠢ ᠲᠦᠷᠭᠡᠨ ᠠᠷᠭᠠᠴᠠᠨ ᠠᠪᠤᠷᠠᠨ ᠲᠤᠰᠠᠯᠠᠬᠤ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃                                    ᠮᠡᠳᠡᠭᠡᠯᠡᠯ ᠤᠨ ᠡᠬᠢ ᠰᠤᠷᠪᠤᠯᠵᠢ᠄  ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ            
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号