﹇ᠬᠠᠤᠯᠢ ᠳᠦᠷᠢᠮ﹈  ᠬᠡᠭᠡᠷ᠎ᠡ ᠶᠢᠨ ᠠᠮᠢᠳᠠᠨ ᠳᠤ ᠬᠤᠯᠪᠣᠭᠳᠠᠭᠰᠠᠨ ᠶᠠᠮᠠᠷ ᠶᠠᠮᠠᠷ ᠬᠠᠤᠯᠢ ᠴᠠᠭᠠᠵᠠ ᠶᠢᠨ ᠳᠦᠷᠢᠮ ᠪᠠᠶᠢᠳᠠᠭ ᠪᠤᠢ︖
ᠨᠡᠶᠢᠲᠡᠯᠡᠭᠰᠡᠨ ᠴᠠᠭ᠄
2025/4/7
                           ᠤᠳᠤ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠶᠢᠨ ᠲᠣᠭᠲᠠᠯᠴᠠᠭ᠎ᠠ ᠳᠤ ᠬᠤᠯᠪᠣᠭᠳᠠᠬᠤ ᠬᠠᠤᠯᠢ ᠴᠠᠭᠠᠵᠠ ᠳᠤ ᠭᠤᠣᠯᠳᠠᠭᠤ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠬᠠᠤᠯᠢ᠂ ᠵᠢᠭᠠᠰᠤᠨ ᠤ ᠠᠵᠤ ᠦᠢᠯᠡᠰ ᠤᠨ ᠬᠠᠤᠯᠢ ᠂ ᠠᠮᠢᠳᠠᠨ ᠤ ᠬᠢᠵᠢᠭ ᠢ ᠰᠡᠷᠭᠡᠶᠢᠯᠡᠬᠦ ᠬᠠᠤᠯᠢ ᠪᠠ ᠬᠢᠯᠢ ᠪᠠᠷ ᠣᠷᠣᠭᠤᠯᠵᠤ ᠭᠠᠷᠭᠠᠬᠤ ᠠᠮᠢᠳᠠᠨ ᠤᠷᠭᠤᠮᠠᠯ ᠤᠨ ᠬᠢᠵᠢᠭ ᠢ ᠪᠠᠶᠢᠴᠠᠭᠠᠬᠤ ᠬᠠᠤᠯᠢ ᠵᠡᠷᠭᠡ ᠪᠠᠭᠲᠠᠨ᠎ᠠ᠃          ᠡᠭᠦᠨ ᠳᠤ ᠬᠠᠮᠤᠭ ᠤᠨ ᠭᠤᠣᠯ ᠪᠤᠯᠬᠤ ᠨᠢ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠬᠠᠤᠯᠢ ᠪᠣᠯᠣᠨ᠎ᠠ᠃ ᠲᠤᠰ ᠬᠠᠤᠯᠢ ᠶᠢ 1989 ᠣᠨ ᠤ 3 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠵᠦ᠂ ᠤᠯᠠᠨ ᠤᠳᠠᠭ᠎ᠠ ᠵᠠᠰᠠᠪᠤᠷᠢ ᠣᠷᠣᠭᠤᠯᠵᠠᠢ᠃ ᠲᠤᠰ ᠬᠠᠤᠯᠢ ᠨᠢ ᠬᠡᠭᠡᠷ᠎ᠡ ᠶᠢᠨ ᠠᠮᠢᠳᠠᠨ ᠢ ᠠᠩᠨᠠᠬᠤ᠂ ᠠᠷᠠᠯᠵᠢᠶᠠᠯᠠᠬᠤ᠂ ᠠᠰᠢᠭᠯᠠᠬᠤ᠂ ᠵᠥᠭᠡᠭᠡᠪᠦᠷᠢᠯᠡᠬᠦ᠂ ᠢᠳᠡᠬᠦ ᠵᠡᠷᠭᠡ ᠡᠯ᠎ᠡ ᠭᠤᠭᠴᠤᠭ᠎ᠠ ᠶᠢ ᠵᠢᠷᠤᠮᠵᠢᠭᠤᠯᠤᠭᠰᠠᠨ ᠶᠤᠮ᠃          ᠵᠢᠱᠢᠶᠡᠯᠡᠪᠡᠯ᠄          ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠳᠠᠨ ᠢ ᠠᠩᠨᠠᠬᠤ ᠪᠠ ᠠᠯᠠᠵᠤ ᠬᠥᠨᠥᠭᠡᠬᠦ ᠶᠢ ᠴᠠᠭᠠᠵᠠᠯᠠᠨ᠎ᠠ;          ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠳᠠᠨ ᠵᠢᠴᠢ ᠲᠡᠭᠦᠨ ᠤ ᠠᠰᠢᠭ ᠰᠢᠮ᠎ᠡ ᠪᠠᠷ ᠬᠢᠭᠰᠡᠨ ᠪᠦᠲᠦᠭᠡᠭᠳᠡᠬᠦᠨ ᠢ ᠬᠤᠳᠠᠯᠳᠤᠬᠤ᠂ ᠬᠤᠳᠠᠯᠳᠤᠨ ᠠᠪᠬᠤ᠂ ᠠᠰᠢᠭᠯᠠᠬᠤ ᠶᠢ ᠴᠠᠭᠠᠵᠠᠯᠠᠨ᠎ᠠ;          ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠳᠠᠨ ᠵᠢᠴᠢ ᠲᠡᠭᠦᠨ ᠤ ᠠᠰᠢᠭ ᠰᠢᠮ᠎ᠡ ᠪᠠᠷ ᠬᠢᠭᠰᠡᠨ ᠪᠦᠲᠦᠭᠡᠭᠳᠡᠬᠦᠨ ᠢ ᠢᠳᠡᠬᠦ ᠵᠣᠷᠢᠯᠭ᠎ᠠ ᠪᠠᠷ ᠬᠠᠤᠯᠢ ᠪᠤᠰᠤ ᠪᠠᠷ ᠬᠤᠳᠠᠯᠳᠤᠨ ᠠᠪᠬᠤ ᠶᠢ ᠴᠠᠭᠠᠵᠠᠯᠠᠨ᠎ᠠ᠃          ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠬᠠᠤᠯᠢ ᠶᠢ ᠲᠣᠭᠲᠠᠭᠠᠭᠰᠠᠨ ᠤ ᠵᠣᠷᠢᠯᠭ᠎ᠠ ᠨᠢ ᠭᠤᠣᠯᠳᠠᠭᠤ ᠬᠤᠪᠣᠷ ᠴᠤᠬᠠᠭ᠂ ᠤᠰᠠᠳᠬᠤ ᠠᠶᠤᠯᠲᠠᠢ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠶᠢᠨ ᠲᠥᠯᠥᠭᠡ ᠶᠤᠮ᠂ ᠭᠡᠪᠡᠴᠦ ᠲᠡᠭᠦᠨ ᠤ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠨᠢ ᠬᠢᠵᠠᠭᠠᠷᠲᠠᠢ ᠪᠠᠶᠢᠨ᠎ᠠ᠃          ᠮᠠᠨ ᠤ ᠤᠯᠤᠰ ᠪᠣᠯ ᠳᠡᠯᠡᠬᠡᠢ ᠳᠡᠭᠡᠷᠡᠬᠢ ᠬᠡᠭᠡᠷ᠎ᠡ ᠶᠢᠨ ᠠᠮᠢᠳᠠᠨ ᠤ ᠲᠦᠷᠦᠯ ᠵᠦᠢᠯ ᠬᠠᠮᠤᠭ ᠤᠨ ᠪᠠᠶᠠᠯᠢᠭ ᠤᠯᠤᠰ ᠤᠨ ᠨᠢᠭᠡ ᠪᠣᠯᠣᠨ᠎ᠠ᠃ ᠮᠠᠨ ᠤ ᠤᠯᠤᠰ ᠲᠤ 7300 ᠭᠠᠷᠤᠢ ᠲᠦᠷᠦᠯ ᠤᠨ ᠬᠡᠭᠡᠷ᠎ᠡ ᠶᠢᠨ ᠰᠡᠭᠡᠷᠲᠡᠨ ᠠᠮᠢᠳᠠᠨ ᠠᠶᠠᠨᠳᠠᠭᠠᠨ ᠲᠠᠷᠬᠠᠨ ᠠᠮᠢᠳᠤᠷᠠᠵᠤ᠂ ᠲᠣᠭᠲᠠᠭᠰᠠᠨ ᠨᠡᠷ᠎ᠡ ᠲᠠᠢ ᠰᠢᠪᠠᠵᠢ ᠶᠢᠨ ᠲᠦᠷᠦᠯ 11 ᠲᠦᠮᠡ ᠠᠴᠠ 13 ᠲᠦᠮᠡ ᠳᠤ ᠬᠦᠷᠴᠦ ᠪᠠᠶᠢᠨ᠎ᠠ᠃ ᠡᠭᠦᠨ ᠳᠤ᠂ ᠪᠠᠷᠤᠭ 2000 ᠵᠦᠢᠯ ᠤᠨ ᠡᠬᠡ ᠬᠠᠭᠤᠷᠠᠢ ᠶᠢᠨ ᠬᠡᠭᠡᠷ᠎ᠡ ᠶᠢᠨ ᠰᠡᠭᠡᠷᠲᠡᠨ ᠠᠮᠢᠳᠠᠨ ᠪᠠ 120 ᠲᠦᠷᠦᠯ ᠬᠠᠷᠢᠶᠠᠨ ᠤ ᠬᠡᠰᠡᠭ ᠰᠢᠪᠠᠵᠢ ᠬᠠᠤᠯᠢ ᠶᠣᠰᠣᠭᠠᠷ ᠬᠠᠮᠠᠭᠠᠯᠠᠭᠳᠠᠵᠤ ᠪᠠᠶᠢᠨ᠎ᠠ᠃          ᠶᠡᠭᠡ ᠬᠡᠮᠵᠢᠶᠡᠨ ᠤ ᠬᠡᠭᠡᠷ᠎ᠡ ᠶᠢᠨ ᠠᠮᠢᠳᠠᠨ ᠨᠢ ᠬᠠᠮᠠᠭᠠᠯᠠᠵᠤ ᠬᠠᠮᠢᠶᠠᠷᠬᠤ ᠬᠡᠪᠴᠢᠶᠡᠨ ᠳᠤ ᠪᠠᠶᠢᠬᠤ ᠦᠭᠡᠢ ᠂ ᠡᠭᠦᠨ ᠳᠤ ᠰᠠᠷᠢᠰᠤᠨ ᠪᠠᠭᠪᠠᠭᠠᠢ᠂ ᠬᠤᠯᠤᠭᠠᠨ᠎ᠠ ᠶᠢᠨ ᠲᠦᠷᠦᠯ᠂ ᠨᠤᠭᠤᠰᠤᠨ ᠤ ᠲᠦᠷᠦᠯ ᠵᠡᠷᠭᠡ ᠬᠢᠵᠢᠭ ᠡᠪᠡᠳᠴᠢᠨ ᠢ ᠲᠠᠷᠬᠠᠭᠠᠬᠤ ᠥᠨᠳᠥᠷ ᠲᠦᠭᠰᠢᠭᠦᠷᠢᠳᠦ ᠬᠡᠭᠡᠷ᠎ᠡ ᠶᠢᠨ ᠠᠮᠢᠲᠠᠳ ᠪᠠᠭᠲᠠᠵᠤ ᠪᠤᠢ᠃ ᠡᠶᠢᠮᠦ ᠠᠴᠠ ᠡᠳᠡᠭᠡᠷ ᠠᠮᠢᠲᠠᠳ ᠢ ᠠᠩᠨᠠᠬᠤ᠂ ᠲᠡᠵᠢᠭᠡᠬᠦ᠂ ᠠᠰᠢᠭᠯᠠᠬᠤ ᠦᠢᠯᠡ ᠠᠵᠢᠯᠯᠠᠭ᠎ᠠ ᠶᠢ ︽ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠬᠠᠤᠯᠢ︾ ᠎ ᠶᠢ ᠦᠨᠳᠦᠰᠦᠯᠡᠨ ᠬᠠᠮᠢᠶᠠᠷᠤᠨ ᠡᠵᠡᠮᠳᠡᠵᠦ ᠪᠤᠯᠬᠤ ᠦᠭᠡᠢ ᠪᠠᠶᠢᠳᠠᠭ ᠨᠢ ᠬᠢᠵᠢᠭ ᠡᠪᠡᠳᠴᠢᠨ ᠳᠡᠯᠭᠡᠷᠡᠵᠦ ᠲᠠᠷᠬᠠᠬᠤ ᠨᠢᠭᠡ ᠶᠡᠭᠡ ᠲᠠᠯᠳᠠ ᠭᠡᠮ ᠪᠣᠯᠵᠤ ᠪᠤᠢ᠃          
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号