| - ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ | ᠠᠷᠠᠳ ᠤᠨ ᠡᠳᠦᠷ ᠤᠨ ᠰᠣᠨᠢᠨ ᠪ᠊ ᠰᠢᠭᠦᠮᠵᠢᠯᠡᠭᠴᠢ | ︽ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠬᠡᠪᠰᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ | ᠴᠢᠩᠭ᠎ᠠ ᠪᠠᠶᠢᠬᠤ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠡᠩ ᠶᠡᠭᠡ ᠦᠷ᠎ᠡ | ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ︾᠃ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠠ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠰᠢᠨ᠎ᠡ | ᠴᠠᠭ ᠦᠶ᠎ᠡ ᠰᠢᠨ᠎ᠡ ᠠᠶᠠᠨ ᠳᠤ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠬᠤ ᠢᠯᠵᠠᠷᠠᠯ ᠢ ᠡᠰᠡᠷᠭᠦᠴᠡᠬᠦ ᠠᠯᠢ ᠤᠯᠠᠨ ᠦᠨᠳᠦᠰᠦᠨ ᠴᠢᠨᠠᠷᠲᠠᠢ ᠪᠦᠭᠦ ᠲᠠᠯ᠎ᠠ ᠶᠢᠨ ᠴᠢᠨᠠᠷᠲᠠᠢ ᠴᠢᠬᠤᠯᠠ | ᠶᠡᠭᠡ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ᠃ | ᠮᠠᠨ ᠤ ᠨᠠᠮ ᠪᠣᠯ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠮᠥᠨ᠂ ᠤᠷᠢᠳ ᠡᠮᠦᠨ᠎ᠡ ᠪᠠᠶᠢᠭ᠎ᠠ | ᠦᠭᠡᠢ ᠠᠭᠤᠤ ᠶᠡᠭᠡ ᠦᠢᠯᠡᠰ ᠢ ᠪᠦᠲᠦᠭᠡᠵᠦ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡᠲᠦ ᠬᠦᠨᠳᠦ | ᠡᠭᠦᠷᠭᠡ ᠶᠢ ᠡᠭᠦᠷᠭᠡᠯᠡᠵᠦ ᠪᠠᠶᠢᠳᠠᠭ᠂ ᠭᠠᠭᠴᠠ ᠬᠦ ᠲᠤᠰ ᠪᠡᠶ᠎ᠡ ᠶᠢᠨ ᠪᠠᠶᠢᠭᠤᠯᠤᠯᠲᠠ ᠪᠠᠨ ᠰᠠᠶᠢᠲᠤᠷ ᠬᠢᠪᠡᠯ ᠰᠠᠶ᠋ᠢ | ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠵᠤ ᠴᠢᠳᠠᠨ᠎ᠠ᠃ ᠰᠢᠨ᠎ᠡ | ᠴᠠᠭ ᠦᠶ᠎ᠡ ᠳᠤ ᠣᠷᠣᠭᠰᠠᠨ ᠠᠴᠠ ᠨᠠᠭᠠᠰᠢ᠂ ︽ᠲᠡᠮᠦᠷ ᠢ ᠳᠠᠪᠲᠠᠬᠤ ᠳᠤ ᠥᠪᠡᠷ ᠢᠶᠠᠨ ᠬᠠᠲᠠᠭᠤ ᠪᠠᠶᠢᠬᠤ | ᠴᠢᠬᠤᠯᠠᠲᠠᠢ︾ ᠠᠴᠠ ᠠᠪᠤᠭᠠᠳ ︽ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠬᠡᠷᠡᠭᠲᠡᠢ︾ | ᠭᠡᠬᠦ ᠪᠤᠯᠲᠠᠯ᠎ᠠ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠤᠨ ᠲᠤᠰ | ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠳᠡᠭᠡᠳᠦ ᠬᠡᠮᠵᠢᠶᠡᠨ ᠤ ᠲᠡᠦᠬᠡ ᠶᠢᠨ ᠤᠬᠠᠮᠰᠠᠷ ᠲᠠᠢ ᠪᠠᠶᠢᠵᠤ | ᠂ ᠲᠠᠨᠢᠯᠲᠠ ᠪᠠ ᠦᠢᠯᠡᠳᠦᠯᠭᠡ ᠶᠢᠨ ᠲᠠᠯ᠎ᠠ ᠪᠠᠷ ᠲᠠᠰᠤᠷᠠᠯᠲᠠ ᠦᠭᠡᠢ ᠭᠦᠨᠵᠡᠭᠡᠶᠢᠷᠡᠪᠡ᠃ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠬᠤ ᠠᠴᠠ ᠠᠪᠤᠭᠠᠳ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ | ᠭᠦᠷᠲᠡᠯ᠎ᠡ᠂ ᠲᠠᠭᠢᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠭᠦᠷᠲᠡᠯ᠎ᠡ ᠁ | ᠶᠠᠭ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠤᠭᠰᠠᠨ ᠠᠴᠠ ᠰᠠᠶ᠋ᠢ ᠨᠠᠮ ᠢ | ᠬᠤᠪᠢᠰᠬᠠᠯᠲᠤ ᠴᠢᠨᠠᠷᠲᠠᠢ ᠳᠠᠪᠲᠠᠯᠲᠠ ᠳᠤᠮᠳᠠ ᠨᠡᠩ ᠡᠷᠡᠰ ᠴᠢᠩᠭ᠎ᠠ ᠬᠦᠴᠦᠨ ᠲᠠᠢ ᠪᠤᠯᠭᠠᠵᠤ᠂ ᠰᠢᠨ᠎ᠡ ᠴᠠᠭ | ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ | ᠴᠢᠨᠠᠷᠲᠠᠢ ᠬᠤᠪᠢᠰᠤᠯᠲᠠ ᠭᠠᠷᠬᠤ ᠶᠢ ᠬᠥᠲᠥᠯᠥᠨ ᠳᠠᠭᠠᠭᠤᠯᠵᠤ ᠪᠠᠲᠤᠯᠠᠭᠰᠠᠨ ᠶᠤᠮ᠃ ᠣᠳᠣᠬᠠᠨ ᠳᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠠᠭ | ᠦᠶ᠎ᠡ ᠳᠤ ᠣᠷᠣᠰᠢᠵᠤ᠂ ᠮᠠᠨ ᠤ ᠡᠮᠦᠨ᠎ᠡ ᠲᠠᠯᠪᠢᠭᠳᠠᠵᠤ ᠪᠠᠶᠢᠭ᠎ᠠ ᠪᠣᠯ ᠨᠡᠩ ᠪᠡᠷᠬᠡ ᠬᠠᠲᠠᠭᠤᠵᠢᠯᠲᠠᠢ ᠬᠦᠨᠳᠦ | ᠨᠦᠰᠡᠷ ᠡᠭᠦᠷᠭᠡ ᠮᠥᠨ᠂ ᠲᠣᠭᠤᠷᠢᠵᠤ ᠭᠠᠷᠴᠤ ᠪᠣᠯᠣᠰᠢ ᠦᠭᠡᠢ᠂ ᠵᠠᠶᠢᠯᠠᠵᠤ ᠴᠢᠳᠠᠰᠢ ᠦᠭᠡᠢ ᠡᠯ᠎ᠡ ᠵᠦᠢᠯ ᠤᠨ | ᠠᠶᠤᠯ ᠲᠦᠭᠰᠢᠭᠦᠷᠢ ᠥᠷᠢᠰᠦᠯᠳᠦᠭᠡᠨ ᠪᠤᠯᠬᠤ ᠶᠤᠮ᠃ ᠬᠡᠷᠬᠢᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠤᠭ᠎ᠠ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠪᠤᠶ︖ | ᠬᠡᠷᠬᠢᠨ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ | ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠬᠤ ᠪᠤᠢ︖ ᠡᠳᠡᠭᠡᠷ ᠴᠢᠬᠤᠯᠠ ᠶᠡᠭᠡ | ᠰᠡᠳᠦᠪ ᠢ ᠰᠠᠶᠢᠲᠤᠷ ᠬᠠᠷᠢᠭᠤᠯᠬᠤ ᠶᠢᠨ ᠵᠠᠩᠭᠢᠯᠠᠭ᠎ᠠ ᠨᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ | ᠪᠠᠶᠢᠬᠤ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠦᠨᠵᠡᠭᠡᠶᠢᠷᠡᠭᠦᠯᠵᠦ᠂ ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ | ᠲᠤᠯᠲᠠᠯ᠎ᠠ ᠬᠢᠬᠦ ᠳᠤ ᠪᠤᠢ᠃ | ᠨᠠᠮ ᠤᠨ ᠪᠦᠯᠬᠦᠮᠳᠡᠯ ᠨᠢᠭᠡᠳᠦᠯ ᠪᠣᠯ ᠨᠠᠮ ᠤᠨ ᠠᠮᠢ ᠨᠠᠰᠤ ᠮᠥᠨ᠂ ᠨᠠᠮ ᠤᠨ ᠲᠥᠪ ᠬᠤᠷᠢᠶ᠎ᠠ ᠶᠢᠨ | ᠪᠠᠲᠤ ᠴᠢᠩᠭ᠎ᠠ ᠬᠦᠴᠦᠲᠡᠢ ᠤᠳᠤᠷᠢᠳᠤᠯᠭ᠎ᠠ ᠪᠣᠯ ᠮᠠᠨ ᠤ ᠠᠯᠢᠪᠠ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠶᠢ | ᠢᠯᠠᠨ ᠳᠠᠪᠠᠭ᠋ᠤ ᠦᠨᠳᠦᠰᠦᠨ ᠪᠠᠲᠤᠯᠠᠭ᠎ᠠ ᠮᠥᠨ ᠭᠡᠳᠡᠭ ᠢ ᠲᠡᠦᠬᠡ ᠪᠠ ᠪᠣᠳᠠᠲᠤ ᠶᠠᠪᠤᠳᠠᠯ ᠠᠬᠢᠨ ᠲᠠᠭᠢᠨ | ᠭᠡᠷᠡᠴᠢᠯᠡᠭᠰᠡᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠡᠶᠡᠯᠡᠭᠦᠯᠬᠦ ᠳᠤ ᠡᠷᠬᠡᠪᠰᠢ ᠬᠡᠯᠡᠭᠰᠡᠨ ᠳᠡᠭᠡᠨ ᠬᠦᠷᠬᠦ ᠬᠡᠷᠡᠭᠲᠡᠢ︾ ᠭᠡᠵᠦ | ᠴᠢᠬᠤᠯᠠᠴᠢᠯᠠᠪᠠ᠃ ᠡᠨᠡ ᠪᠣᠯ ᠨᠠᠮ ᠤᠨ ᠪᠦᠯᠬᠦᠮᠳᠡᠯ ᠨᠢᠭᠡᠳᠦᠯ ᠢ ᠦᠨᠡᠨ ᠬᠦ ᠪᠠᠲᠤᠯᠠᠬᠤ ᠶᠢᠨ ᠳᠣᠲᠣᠭᠠᠳᠤ | ᠱᠠᠭᠠᠷᠳᠠᠯᠭ᠎ᠠ ᠮᠥᠨ᠂ ᠪᠠᠰᠠ ᠴᠤ ᠪᠢᠳᠡᠨ ᠤ ᠥᠷᠢᠰᠦᠯᠳᠦᠭᠡᠨ ᠢ ᠢᠯᠠᠨ ᠳᠠᠪᠠᠭ᠋ᠤ᠂ ᠰᠠᠨᠠᠭᠠᠴᠢᠯᠠᠭᠠᠲᠤ ᠡᠷᠬᠡ ᠶᠢ | ᠣᠯᠬᠤ ᠶᠢᠨ ᠲᠤᠯᠭᠠᠮ ᠱᠠᠭᠠᠷᠳᠠᠯᠭ᠎ᠠ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ | ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠢ ᠪᠠᠶᠢᠬᠤ ᠲᠡᠶᠢᠰᠢ ᠲᠥᠪᠯᠡᠷᠡᠭᠦᠯᠬᠦ᠂ ᠤᠨᠢᠨ ᠳᠡᠭᠡᠷ᠎ᠡ ᠨᠢ ᠦᠷ᠎ᠡ | ᠪᠦᠲᠦᠮᠵᠢ ᠶᠢ ᠠᠰᠠᠭᠤᠬᠤ᠂ ᠪᠠᠶᠢᠩᠭᠤ ᠨᠠᠶᠢᠳᠠᠪᠤᠷᠢᠵᠢᠭᠤᠯᠬᠤ ᠲᠡᠶᠢᠰᠢ ᠠᠭᠢᠬᠤ ᠶᠢ ᠠᠬᠢᠭᠤᠯᠵᠤ᠂ ᠪᠦᠭᠦ | ᠨᠠᠮ ᠢᠶᠠᠷ ᠢᠶᠠᠨ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ | ᠦᠨᠡᠨ ᠬᠦ ᠪᠠᠲᠤᠯᠠᠵᠤ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ | ᠬᠦᠴᠦ ᠪᠠᠨ ᠬᠠᠮᠲᠤᠳᠬᠠᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ | ᠰᠠᠬᠢᠯᠭ᠎ᠠ ᠪᠠᠲᠤ ᠴᠢᠩᠭ᠎ᠠ ᠪᠠᠶᠢᠬᠤ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ | ᠳᠠᠪᠠᠭᠤᠯᠢᠭ ᠮᠥᠨ᠂ ᠪᠠᠰᠠ ᠴᠤ ᠨᠠᠮ ᠪᠠ ᠤᠯᠤᠰ ᠤᠨ ᠠᠵᠢᠯ ᠦᠢᠯᠡᠰ ᠤᠨ ᠲᠠᠰᠤᠷᠠᠯᠳᠠ ᠦᠭᠡᠢ ᠢᠯᠠᠯᠲᠠ ᠠᠴᠠ | ᠰᠢᠨ᠎ᠡ ᠢᠯᠠᠯᠲᠠ ᠲᠡᠶᠢᠰᠢ ᠤᠷᠤᠭᠰᠢᠯᠠᠬᠤ ᠶᠢᠨ ᠴᠢᠬᠤᠯᠠ ᠪᠠᠲᠤᠯᠠᠭ᠎ᠠ ᠮᠥᠨ᠃ ᠥᠩᠭᠡᠷᠡᠭᠰᠡᠨ ᠨᠢᠭᠡ ᠵᠢᠯ ᠳᠤ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠭᠦ ᠨᠠᠮ ᠤᠨ | ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠣᠶᠢᠯᠠᠭᠠᠵᠤ ᠰᠠᠬᠢᠯᠭ᠎ᠠ | ᠪᠠᠲᠤ ᠶᠢ ᠰᠠᠬᠢᠬᠤ ᠶᠢ ᠠᠬᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠤᠨ ᠦᠨᠡᠨᠴᠢ ᠰᠢᠳᠤᠷᠭᠤ | ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠢᠯᠡᠳᠲᠡ ᠦᠷ᠎ᠡ | ᠪᠦᠲᠦᠮᠵᠢ ᠣᠯᠬᠤ ᠶᠢ ᠠᠬᠢᠭᠤᠯᠪᠠ᠃ ᠡᠭᠦᠨ ᠤ ᠵᠡᠷᠭᠡ ᠪᠠᠷ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠴᠢᠩᠭᠠᠳᠬᠠᠬᠤ ᠪᠣᠯ ᠨᠢᠭᠡᠨ ᠪᠠᠶᠢᠩᠭᠤ ᠶᠢᠨ ᠴᠢᠨᠠᠷᠲᠠᠢ ᠠᠵᠢᠯ ᠮᠥᠨ᠂ ᠪᠠᠶᠢᠩᠭᠤᠵᠢᠭᠤᠯᠤᠭᠰᠠᠨ ᠪᠥᠭᠡᠳ ᠤᠷᠳᠤ | ᠬᠤᠭᠤᠴᠠᠭᠠᠨ ᠤ ᠪᠦᠲᠦᠮᠵᠢᠲᠡᠢ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠵᠤ᠂ ᠨᠠᠮ ᠤᠨ | ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ᠂ ︽ᠲᠦᠷᠪᠡᠨ ᠵᠦᠢᠯ ᠤᠨ ᠭᠡᠯᠪᠡᠷᠢ︾ ᠶᠢ ᠣᠨᠣᠪᠴᠢᠲᠠᠢ ᠬᠡᠷᠡᠭᠯᠡᠪᠡᠯ | ᠰᠠᠶ᠋ᠢ ᠨᠠᠮ ᠤᠨ ᠭᠡᠰᠢᠭᠦᠨ᠂ ᠺᠠᠳ᠋ᠷᠴᠤᠳ ᠤᠨ ᠪᠤᠰᠤᠳ ᠠᠴᠠ ᠱᠠᠭᠠᠷᠳᠠᠬᠤ ᠶᠢ ᠥᠪᠡᠷ ᠢ ᠪᠠᠨ ᠱᠠᠭᠠᠷᠳᠠᠬᠤ ᠪᠣᠯᠭᠠᠨ | ᠬᠤᠪᠢᠷᠠᠭᠤᠯᠬᠤ᠂ ᠵᠢᠩᠬᠢᠨᠢ ᠰᠡᠳᠬᠢᠯ ᠳᠡᠭᠡᠨ ᠰᠢᠩᠭᠡᠭᠡᠵᠦ᠂ ᠦᠯᠦ ᠮᠡᠳᠡᠭ ᠢᠶᠠᠷ ᠡᠳᠦᠷ ᠲᠤᠳᠤᠮ ᠤᠨ ᠦᠭᠡ ᠶᠠᠷᠢᠶ᠎ᠠ | ᠦᠢᠯᠡ ᠠᠵᠢᠯᠯᠠᠭ᠎ᠠ ᠶᠢᠨ ᠢᠶᠠᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠶᠢ ᠬᠥᠲᠥᠯᠥᠨ ᠵᠢᠯᠤᠭᠤᠳᠴᠤ ᠴᠢᠳᠠᠨ᠎ᠠ | ᠭᠡᠳᠡᠭ ᠢ ᠲᠠᠨᠢᠵᠤ ᠣᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠪᠠ ᠠᠵᠢᠯ ᠬᠢᠵᠦ ᠦᠢᠯᠡᠰ ᠪᠣᠰᠬᠠᠬᠤ ᠪᠣᠯ | ᠳᠣᠲᠣᠭᠠᠳᠤ ᠳᠠᠭᠠᠨ ᠨᠢᠭᠡᠳᠦᠯᠲᠡᠢ ᠪᠠᠶᠢᠳᠠᠭ᠂ ᠨᠠᠮ ᠤᠨ ᠰᠠᠬᠢᠯᠭ᠎ᠠ ᠪᠠᠲᠤ ᠨᠢ ᠰᠤᠷᠭᠠᠨ ᠬᠥᠮᠥᠵᠢᠭᠦᠯᠵᠦ | ᠬᠢᠵᠠᠭᠠᠷᠯᠠᠬᠤ ᠦᠢᠯᠡᠳᠦᠯ ᠲᠠᠢ ᠪᠥᠭᠡᠳ ᠪᠠᠰᠠ ᠪᠠᠲᠤᠯᠠᠨ ᠵᠣᠷᠢᠭᠵᠢᠭᠤᠯᠬᠤ ᠦᠢᠯᠡᠳᠦᠯ ᠲᠠᠢ ᠶᠤᠮ᠂ ︽ᠬᠦᠯᠢᠶᠡᠰᠦ︾ | ᠪᠤᠯᠬᠤ ᠪᠥᠭᠡᠳ ᠨᠡᠩ ᠴᠤ ︽ᠬᠠᠮᠠᠭᠠᠯᠠᠯᠲᠠ︾ ᠪᠣᠯᠣᠨ᠎ᠠ᠃ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ | ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠺᠠᠳ᠋ᠷ ᠢ ᠳᠦᠷᠢᠮ ᠲᠣᠭᠲᠠᠭᠠᠯ ᠰᠠᠬᠢᠯᠭ᠎ᠠ | ᠪᠠᠲᠤ ᠶᠢ ᠵᠢᠷᠤᠮᠯᠠᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠠᠵᠢᠯ ᠬᠢᠵᠦ ᠦᠢᠯᠡᠰ ᠪᠣᠰᠬᠠᠬᠤ | ᠪᠤᠯᠭᠠᠬᠤ ᠬᠡᠷᠡᠭᠲᠡᠢ᠃ | ᠨᠢᠭᠡ ᠭᠠᠵᠠᠷ ᠣᠷᠣᠨ ᠪᠠ ᠰᠠᠯᠠᠭ᠎ᠠ ᠮᠥᠴᠢᠷ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠳᠠᠯ | ᠬᠢᠷᠢ ᠵᠡᠷᠭᠡ ᠪᠠᠶᠢᠬᠤ ᠶᠢᠨ ᠵᠠᠩᠭᠢᠯᠠᠭ᠎ᠠ ᠨᠢ ᠨᠠᠮ ᠤᠨ ᠵᠣᠬᠢᠶᠠᠨ ᠪᠠᠶᠢᠭᠤᠯᠤᠯᠲᠠ ᠪᠠ ᠤᠳᠤᠷᠢᠳᠬᠤ ᠺᠠᠳ᠋ᠷᠴᠤᠳ | ᠢᠯᠠᠩᠭᠤᠶ᠎ᠠ ᠨᠢᠭᠡᠳᠦᠭᠡᠷ ᠭᠠᠷ ᠬᠠᠷᠢᠭᠤᠴᠠᠯᠭ᠎ᠠ ᠪᠠᠨ ᠭᠦᠢᠴᠡᠳᠬᠡᠭᠰᠡᠨ ᠡᠰᠡᠬᠦ ᠳᠤ ᠪᠤᠢ᠃ ᠶᠠᠭ ᠡᠶᠢᠮᠦ ᠤᠴᠢᠷ ᠠᠴᠠ | ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠬᠡᠷᠡᠭᠲᠡᠢ ᠭᠡᠰᠡᠨ ᠡᠷᠡᠰ ᠴᠢᠩᠭ᠎ᠠ ᠠᠮᠠᠯᠠᠯᠲᠠ ᠪᠠᠨ | ᠪᠡᠶᠡᠯᠡᠭᠦᠯᠬᠦ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ | ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠶ᠎ᠠ ᠰᠠᠨᠠᠭᠠᠴᠢᠯᠠᠭ᠎ᠠ ᠠᠴᠠ ᠪᠠᠨ | ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠮᠢᠶᠠᠷᠴᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠯᠲᠠ | ᠲᠠᠯᠪᠢᠬᠤ ᠶᠢ ᠲᠤᠰᠬᠠᠢ ᠬᠠᠷᠢᠭᠤᠴᠠᠬᠤ ᠶᠢ ᠰᠠᠶᠢᠲᠤᠷ ᠭᠦᠢᠴᠡᠳᠬᠡᠨ᠂ ᠭᠤᠣᠯ ᠬᠠᠷᠢᠭᠤᠴᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠭᠤᠣᠯ ᠠᠵᠢᠯ ᠢᠶᠠᠨ ᠰᠠᠶᠢᠲᠤᠷ ᠬᠢᠵᠦ᠂ ᠡᠯ᠎ᠡ ᠬᠠᠷᠢᠭᠤᠴᠠᠯᠭ᠎ᠠ ᠶᠢᠨ ᠭᠤᠣᠯ ᠴᠣᠭᠴᠠ ᠪᠦᠷ | ᠬᠠᠷᠢᠭᠤᠴᠠᠯᠭ᠎ᠠ ᠪᠠᠨ ᠮᠡᠳᠡᠨ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠨ᠂ | ᠬᠠᠷᠢᠭᠤᠴᠠᠯᠭ᠎ᠠ ᠶᠢᠨ ᠭᠤᠣᠯ ᠴᠣᠭᠴᠠ᠂ ᠬᠠᠷᠢᠭᠤᠴᠠᠯᠭ᠎ᠠ ᠶᠢᠨ ᠱᠠᠭᠠᠷᠳᠠᠯᠭ᠎ᠠ᠂ ᠬᠢᠨᠠᠨ ᠰᠢᠯᠭᠠᠵᠤ ᠬᠠᠷᠢᠭᠤᠴᠠᠯᠭ᠎ᠠ | ᠲᠤᠯᠭᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ | ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠦᠰᠡᠯᠡᠩ ᠢᠲᠡᠭᠡᠯ | ᠪᠢᠰᠢᠷᠡᠯ ᠢᠶᠠᠷ ᠰᠠᠭᠤᠷᠢ ᠪᠠᠨ ᠪᠠᠲᠤᠳᠬᠠᠵᠤ ᠦᠨᠳᠦᠰᠦ ᠪᠠᠨ ᠪᠠᠬᠢᠵᠢᠭᠦᠯᠵᠦ᠂ ᠲᠡᠷᠢᠭᠦᠨ ᠤ ᠰᠣᠶᠣᠯ ᠢᠶᠠᠷ | ᠤᠶᠤᠨ ᠢᠶᠠᠨ ᠰᠡᠩᠬᠡᠷᠡᠭᠦᠯᠵᠦ ᠰᠡᠳᠬᠢᠯ ᠢᠶᠠᠨ ᠤᠮᠳᠠᠯᠠᠨ᠂ ᠡᠷᠬᠢᠮ ᠳᠡᠭᠡᠳᠦ ᠶᠣᠰᠣ ᠰᠤᠷᠲᠠᠬᠤᠨ ᠢᠶᠠᠷ ᠵᠠᠩ | ᠴᠢᠨᠠᠷ ᠢᠶᠠᠨ ᠳᠠᠪᠲᠠᠨ ᠪᠤᠯᠪᠠᠰᠤᠷᠠᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠪᠣᠳᠠᠲᠠᠶᠢᠵᠢᠭᠤᠯᠬᠤ | ᠂ ᠬᠦᠴᠦᠷᠬᠡᠭᠵᠢᠭᠦᠯᠬᠦ ᠶᠢ ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ | ᠬᠥᠭᠵᠢᠬᠦ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠨᠠᠮ ᠪᠣᠯᠣᠨ ᠠᠷᠠᠳ ᠲᠦᠮᠡᠨ ᠤ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ | ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ | ᠨᠡᠩ ᠥᠨᠳᠥᠷ ᠪᠠᠷᠢᠮᠵᠢᠶ᠎ᠠ᠂ ᠨᠡᠩ ᠥᠨᠳᠥᠷ ᠱᠠᠭᠠᠷᠳᠠᠯᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠢᠯᠠᠭᠳᠠᠰᠢ ᠦᠭᠡᠢ ᠴᠡᠷᠢᠭ ᠢ ᠪᠠᠶᠢᠭᠤᠯᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠬᠦ᠂ ᠵᠣᠷᠢᠭᠲᠠᠢ ᠪᠥᠭᠡᠳ ᠴᠢᠳᠠᠮᠠᠭᠠᠢ ᠲᠡᠮᠡᠴᠡᠬᠦ ᠶᠢ ᠪᠡᠶᠡᠯᠡᠭᠦᠯᠬᠦ ᠬᠡᠷᠡᠭᠲᠡᠢ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠳᠤ᠂ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠲᠤᠶᠢᠯ ᠤᠨ ᠬᠦᠨᠳᠦ ᠨᠦᠰᠡᠷ ᠪᠠᠶᠢᠵᠤ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠴᠠᠭ ᠪᠢᠳᠡᠠ ᠢ ᠬᠦᠯᠢᠶᠡᠬᠦ ᠦᠭᠡᠢ᠂ ᠥᠷᠭᠡᠨ | ᠤᠯᠠᠨ ᠨᠠᠮ ᠤᠨ ᠭᠡᠰᠢᠭᠦᠨ᠂ ᠺᠠᠳ᠋ᠷ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠡᠷᠡᠮᠡᠬᠡᠶᠢᠯᠡᠨ ᠲᠡᠮᠡᠴᠡᠵᠦ | ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ | ᠬᠡᠷᠡᠭᠲᠡᠢ ᠭᠡᠳᠡᠭ ᠢ ᠪᠠᠲᠤ ᠴᠡᠭᠡᠵᠢᠯᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠡᠷᠭᠢ ᠱᠤᠷᠠᠭ ᠢ ᠨᠡᠩ ᠴᠢᠩᠭ᠎ᠠ | ᠮᠤᠰᠬᠢᠨ᠂ ᠴᠢᠩᠭ᠎ᠠ ᠪᠠᠶᠢᠬᠤ ᠦᠨᠳᠦᠰᠦᠨ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠪᠠᠶᠢᠬᠤ ᠠᠭᠤᠷ | ᠠᠮᠢᠰᠬᠤᠯ ᠢ ᠢᠮᠠᠭᠲᠠ ᠡᠴᠦᠰ ᠲᠤᠨᠢ ᠲᠤᠯᠲᠠᠯ᠎ᠠ ᠪᠠᠷᠢᠮᠲᠠᠯᠠᠪᠠᠯ᠂ ᠪᠢᠳᠠ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ | ᠴᠢᠩᠭ᠎ᠠ ᠪᠠᠲᠤᠯᠠᠭ᠎ᠠ ᠬᠠᠩᠭᠠᠵᠤ ᠴᠢᠳᠠᠬᠤ ᠨᠢ ᠯᠠᠪᠲᠠᠢ᠃ |