ᠮᠠᠨ ᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠠᠵᠤ ᠦᠢᠯᠡᠰ ᠤᠨ ᠪᠦᠯᠦᠭᠵᠢᠯ ᠴᠢᠨᠠᠷ ᠰᠠᠶᠢᠲᠠᠢ ᠬᠥᠭᠵᠢᠵᠦ ᠪᠠᠶᠢᠨ᠎ᠠ
ᠨᠡᠶᠢᠲᠡᠯᠡᠭᠰᠡᠨ ᠴᠠᠭ᠄
2025/4/7
                   ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠤᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠪᠣᠯ ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃          ᠣᠶᠢᠷ᠎ᠠ ᠶᠢᠨ ᠵᠢᠯ ᠳᠤ ᠮᠠᠨ ᠤ ᠣᠷᠣᠨ ᠲᠠᠯ᠎ᠠ ᠨᠤᠲᠤᠭ ᠤᠨ ᠮᠢᠬᠠᠨ ᠤ ᠬᠤᠨᠢ ᠶᠢᠨ ᠠᠵᠤ ᠦᠢᠯᠡᠰ ᠤᠨ ᠪᠦᠯᠦᠭᠵᠢᠯ᠂ ᠪᠣᠷᠣᠳᠣᠬᠤᠢ ᠶᠢᠨ ᠨᠠᠷᠠᠨ ᠬᠤᠸᠠᠷ ᠤᠨ ᠠᠵᠤ ᠦᠢᠯᠡᠰ ᠤᠨ ᠪᠦᠯᠦᠭᠵᠢᠯ᠂ ᠶᠡᠭᠡ ᠬᠢᠩᠭᠠᠨ ᠳᠠᠪᠠᠭᠠᠨ  ᠤ ᠰᠢᠷ᠎ᠠ ᠪᠤᠷᠴᠠᠭ ᠤᠨ ᠠᠵᠤ ᠦᠢᠯᠡᠰ ᠤᠨ ᠪᠦᠯᠦᠭᠵᠢᠯ᠂ ᠬᠤᠷᠴᠢᠨ ᠤ ᠮᠢᠬᠠᠨ ᠤ ᠦᠬᠡᠷ ᠤᠨ ᠠᠵᠤ ᠦᠢᠯᠡᠰ ᠤᠨ ᠪᠦᠯᠦᠭᠵᠢᠯ᠂ ᠪᠠᠷᠠᠭᠤᠨ ᠪᠡᠶ᠎ᠡ ᠶᠢᠨ ᠢᠮᠠᠭᠠᠨ ᠨᠣᠣᠯᠣᠭᠤᠷ ᠤᠨ ᠠᠵᠤ ᠦᠢᠯᠡᠰ ᠤᠨ ᠪᠦᠯᠦᠭᠵᠢᠯ᠂ ᠮᠤᠨᠢ ᠠᠭᠤᠯᠠ  ᠶᠢᠨ ᠲᠥᠮᠥᠰᠥ ᠶᠢᠨ ᠠᠵᠤ ᠦᠢᠯᠡᠰ ᠤᠨ ᠪᠦᠯᠦᠭᠵᠢᠯ᠂ ᠳᠤᠮᠳᠠ ᠪᠠ ᠪᠠᠷᠠᠭᠤᠨ ᠪᠡᠶ᠎ᠡ ᠶᠢᠨ ᠰᠦ ᠶᠢᠨ ᠠᠵᠤ ᠦᠢᠯᠡᠰ  ᠤᠨ ᠪᠦᠯᠦᠭᠵᠢᠯ᠂ ᠬᠠᠭᠤᠷᠠᠢ ᠲᠠᠷᠢᠶᠠᠯᠠᠭ᠎ᠠ ᠶᠢᠨ ᠨᠠᠷᠢᠮᠤ ᠶᠢᠨ ᠠᠵᠤ ᠦᠢᠯᠡᠰ ᠤᠨ ᠪᠦᠯᠦᠭᠵᠢᠯ ᠵᠡᠷᠭᠡ 8 ᠲᠣᠪᠣᠶᠢᠮ᠎ᠠ ᠨᠥᠯᠥᠭᠡᠯᠡᠬᠦ ᠬᠦᠴᠦᠨ ᠪᠦᠬᠦᠢ ᠤᠯᠤᠰ ᠤᠨ ᠳᠡᠰ ᠤᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠠᠵᠤ ᠦᠢᠯᠡᠰ  ᠤᠨ ᠪᠦᠯᠦᠭᠵᠢᠯ ᠢ ᠪᠦᠷᠢᠯᠳᠦᠭᠦᠯᠵᠦ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠵᠢᠯ ᠤᠨ ᠦᠢᠯᠡᠳᠬᠦᠨ ᠤ ᠦᠷᠳᠡᠭ 3488 ᠳ᠋ᠦᠩᠰᠢᠭᠤᠷ ᠲᠥᠭᠦᠷᠢᠭ ᠢ ᠳᠠᠪᠠᠨ᠂ ᠥᠪᠥᠷ ᠮᠣᠩᠭᠤᠯ ᠤᠨ ᠣᠨᠴᠠᠯᠢᠭ ᠪᠦᠬᠦᠢ ᠰᠢᠨ᠎ᠡ ᠨᠡᠷ᠎ᠡ ᠶᠢᠨ ᠬᠠᠭᠤᠳᠠᠰᠤ ᠶᠢ ᠭᠢᠯᠠᠯᠵᠠᠭᠤᠯᠵᠤ ᠳᠠᠪᠠᠭᠤᠯᠢᠭᠲᠤ ᠠᠵᠤ ᠦᠢᠯᠡᠰ ᠤᠨ ᠪᠦᠯᠦᠭᠵᠢᠯ ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠬᠤ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ᠃          ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ          ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠪᠣᠯᠭᠠᠨ᠂ ᠡᠯ᠎ᠡ ᠠᠵᠤ ᠦᠢᠯᠡᠰ ᠤᠨ ᠪᠦᠯᠦᠭᠵᠢᠯ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠴᠢᠳᠠᠪᠤᠷᠢᠲᠠᠨ᠂ ᠭᠠᠵᠠᠷ ᠰᠢᠷᠣᠢ᠂ ᠡᠳ᠋ ᠬᠥᠷᠥᠩᠭᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠮᠡᠳᠡᠭᠡ ᠵᠠᠩᠭᠢ ᠵᠡᠷᠭᠡ ᠣᠳᠣ ᠦᠶ᠎ᠡ ᠶᠢᠨ ᠬᠦᠴᠦᠨ ᠵᠦᠢᠯ ᠢ ᠠᠵᠤ ᠦᠢᠯᠡᠰ ᠲᠡᠶᠢᠰᠢ ᠲᠥᠪᠯᠡᠷᠡᠭᠦᠯᠵᠦ᠂ ᠠᠵᠤ ᠦᠢᠯᠡᠰ ᠰᠤᠷᠭᠠᠨ ᠬᠥᠮᠦᠵᠢᠯ ᠪᠠ ᠰᠤᠳᠤᠯᠭᠠᠨ ᠠᠭᠤᠰᠤᠯᠴᠠᠨ ᠬᠥᠭᠵᠢᠭᠰᠡᠨ ᠬᠠᠨᠳᠤᠰᠢ ᠶᠢ ᠠᠯᠬᠤᠮ ᠠᠯᠬᠤᠮ ᠢᠶᠠᠷ ᠪᠤᠶ ᠪᠣᠯᠭᠠᠪᠠ᠃ ᠤᠳᠤ ᠶᠡᠬᠡᠩᠬᠢ ᠠᠵᠤ ᠦᠢᠯᠡᠰ ᠤᠨ ᠪᠦᠯᠦᠭᠵᠢᠯ ᠤᠨ ᠭᠤᠣᠯᠯᠠᠬᠤ ᠣᠷᠣᠨ ᠨᠢ ᠨᠢᠭᠡᠨᠲᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠢᠱᠢᠶ᠎ᠡ ᠦᠵᠡᠭᠦᠯᠭᠦ ᠲᠠᠯᠠᠪᠠᠶ ᠪᠠ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠰᠠᠭᠤᠷᠢᠨ ᠪᠣᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠳᠤ ᠰᠠᠭᠤᠷᠢ ᠲᠠᠯᠪᠢᠵᠠᠢ᠃          ᠲᠠᠯ᠎ᠠ ᠨᠤᠲᠤᠭ ᠤᠨ ᠮᠢᠬᠠᠨ ᠤ ᠬᠤᠨᠢ ᠶᠢᠨ ᠠᠵᠤ ᠦᠢᠯᠡᠰ ᠤᠨ ᠪᠦᠯᠦᠭᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠣᠭᠤᠷᠢᠭ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠵᠡᠷᠭᠡ ᠡᠯ᠎ᠡ ᠲᠦᠷᠦᠯ  ᠤᠨ ᠡᠬᠢ ᠪᠠᠶᠠᠯᠢᠭ ᠢ ᠨᠡᠶᠢᠳᠬᠡᠨ᠂ ︽ᠲᠦᠷᠦᠭᠦᠯᠡᠨ ᠬᠢᠬᠦ ᠪᠠᠶᠢᠭᠤᠯᠭ᠎ᠠ ᠨᠢᠭᠡᠴᠢ + ᠲᠡᠷᠢᠭᠦᠨ ᠲᠤᠰᠬᠠᠢ ᠮᠡᠷᠭᠡᠵᠢᠯᠲᠡᠨ + ᠰᠢᠨ᠎ᠡ ᠶᠢ ᠡᠭᠦᠳᠬᠦ ᠪᠦᠯᠭᠦᠮ + ᠳᠠᠪᠠᠭᠤᠯᠢᠭᠲᠤ ᠠᠵᠤ ᠠᠬᠤᠶᠢᠯᠠᠯ︾ ᠤᠨ ᠭᠡᠯᠪᠡᠷᠢ ᠶᠢᠨ ᠡᠭᠦᠯᠳᠡᠷ ᠪᠣᠶᠢᠵᠢᠭᠤᠯᠬᠤ ᠰᠢᠰᠲ᠋ᠧᠮ ᠢ ᠪᠠᠶᠢᠭᠤᠯᠪᠠ᠃ ᠡᠭᠦᠨ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠨᠢ ︽ᠤᠯᠤᠰ ᠤᠨ ᠬᠤᠨᠢᠨ ᠤ ᠤᠳᠤᠮᠯᠠᠯ ᠢ ᠦᠨᠡᠯᠡᠨ ᠵᠢᠱᠢᠬᠦ ᠲᠥᠪ︾ ᠢ ᠡᠭᠦᠰᠬᠡᠨ ᠪᠠᠶᠢᠭᠤᠯᠬᠤ ᠵᠥᠪᠰᠢᠶᠡᠷᠡᠯ ᠢ ᠣᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠥᠭᠡᠳ ᠪᠦᠭᠦ ᠤᠯᠤᠰ ᠤᠨ ᠴᠣᠷ ᠤᠨ ᠭᠠᠭᠴᠠ ᠤᠯᠤᠰ ᠤᠨ ᠳᠡᠰ  ᠤᠨ ᠬᠤᠨᠢᠨ ᠤ ᠤᠳᠤᠮᠯᠠᠯ ᠢ ᠦᠨᠡᠯᠡᠨ ᠵᠢᠱᠢᠬᠦ ᠲᠥᠪ ᠢ ᠪᠠᠶᠢᠭᠤᠯᠤᠭᠰᠠᠨ ᠪᠠᠶᠢᠨ᠎ᠠ  ᠃ ᠣᠳᠣᠬᠠᠨ ᠳᠤ ᠮᠠᠨ ᠤ ᠣᠷᠣᠨ ᠤ ᠮᠢᠬᠠᠨ ᠤ ᠬᠤᠨᠢ ᠶᠢᠨ ᠰᠠᠶᠢᠨ ᠡᠭᠦᠯᠳᠡᠷ ᠤᠨ ᠨᠣᠷᠮ᠎ᠠ 95% ᠶᠢ ᠳᠠᠪᠠᠨ᠂ ᠬᠤᠨᠢ ᠪᠦᠷᠢ ᠶᠢᠨ ᠳᠤᠮᠳᠠᠴᠢ ᠮᠢᠬᠠᠨ ᠤ ᠭᠠᠷᠤᠯᠲᠠ 16.7 ᠺᠢᠯᠣᠭ᠍ᠷᠠᠮ ᠳᠤ ᠬᠦᠷᠴᠦ᠂ ᠪᠦᠭᠦ ᠤᠯᠤᠰ ᠤᠨ ᠳᠤᠮᠳᠠᠴᠢ ᠲᠦᠪᠰᠢᠨ ᠠᠴᠠ 7% ᠪᠠᠷ ᠳᠠᠪᠠᠵᠤ ᠪᠠᠶᠢᠨ᠎ᠠ᠃          ᠠᠵᠤ ᠦᠢᠯᠡᠰ ᠤᠨ ᠠᠭᠤᠰᠤᠯᠴᠠᠯ ᠤᠨ ᠲᠠᠯ᠎ᠠ ᠪᠠᠷ ᠰᠢᠨ᠎ᠡ ᠬᠥᠭᠵᠢᠯᠲᠡ ᠲᠠᠢ          ᠠᠵᠤ ᠦᠢᠯᠡᠰ ᠤᠨ ᠪᠦᠯᠦᠭᠵᠢᠯ ᠤᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤᠮᠳᠠ ᠭᠤᠣᠯᠯᠠᠬᠤ ᠠᠵᠤ ᠦᠢᠯᠡᠰ ᠤᠨ ᠲᠥᠬᠦᠭᠡᠷᠦᠮᠵᠢ ᠶᠢᠨ ᠲᠦᠪᠰᠢᠨ᠂ ᠣᠶᠤᠨᠴᠢᠯᠠᠭᠰᠠᠨ ᠲᠦᠪᠰᠢᠨ ᠪᠠ ᠠᠮᠢ ᠠᠬᠤᠶᠢᠴᠢᠯᠠᠭᠰᠠᠨ ᠲᠦᠪᠰᠢᠨ ᠲᠠᠰᠤᠷᠠᠯᠳᠠ ᠦᠭᠡᠢ ᠳᠡᠭᠡᠭᠰᠢᠯᠡᠬᠦ ᠶᠢ ᠳᠠᠭᠠᠯᠳᠤᠨ ᠮᠠᠯ ᠠᠵᠤ ᠠᠬᠤᠢ ᠲᠠᠷᠢᠶᠠᠯᠠᠩ ᠤᠨ ᠣᠯᠠᠨ ᠡᠰᠢᠲᠦ ᠥᠷᠲᠡᠭ ᠢ ᠭᠦᠨᠵᠡᠭᠡᠢ ᠠᠭᠤᠳᠠᠯᠬᠤ ᠳᠤ ᠬᠦᠷᠭᠡᠪᠡ᠃ ᠤᠳᠤ ᠬᠡᠰᠡᠭ ᠠᠵᠤ ᠦᠢᠯᠡᠰ ᠤᠨ ᠪᠦᠯᠦᠭᠵᠢᠯ ᠨᠢ ᠠᠵᠤ ᠦᠢᠯᠡᠰ ᠢ ᠬᠥᠭᠵᠢᠭᠦᠯᠬᠦ ᠶᠢᠨ ᠳᠠᠭᠠᠤ ᠬᠥᠳᠡᠭᠡ ᠲᠣᠰᠬᠤᠨ ᠢ ᠭᠤᠶᠣᠵᠢᠭᠤᠯᠤᠨ ᠠᠮᠢ ᠠᠬᠤᠢ ᠶᠢ ᠰᠠᠶᠢᠵᠢᠷᠠᠭᠤᠯᠬᠤ  ᠪᠠᠷ ᠬᠠᠷᠠᠯᠲᠠ ᠪᠣᠯᠭᠠᠨ᠂ ᠠᠵᠤ ᠦᠢᠯᠡᠰ ᠤᠨ ᠬᠥᠭᠵᠢᠯᠲᠡ ᠪᠠᠨ ᠭᠠᠴᠠᠭ᠎ᠠ ᠲᠣᠰᠬᠤᠨ ᠤ ᠣᠷᠣᠨ ᠵᠠᠢ ᠶᠢᠨ ᠪᠠᠶᠢᠷᠢᠰᠢᠭᠤᠯᠤᠯᠲᠠ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡ ᠲᠣᠬᠢᠷᠠᠭᠤᠯᠬᠤ᠂ ᠦᠵᠡᠰᠬᠦᠯᠡᠩᠲᠦ ᠰᠠᠶᠢᠬᠠᠨ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠯᠤᠭ᠎ᠠ ᠵᠡᠷᠭᠡ  ᠳᠤᠨᠢ ᠲᠥᠯᠥᠪᠵᠢᠭᠦᠯᠵᠦ᠂ ᠰᠡᠯᠡᠭᠦᠴᠡᠨ ᠵᠢᠭᠤᠯᠴᠢᠯᠠᠬᠤ ᠪᠠ ᠠᠷᠠᠳ ᠤᠨ ᠵᠠᠩ ᠦᠢᠯᠡ ᠲᠠᠢ ᠣᠷᠭᠠᠨᠢᠭ ᠢᠶᠠᠷ ᠤᠶᠠᠯᠳᠤᠭᠤᠯᠤᠨ᠂ ᠵᠤᠭ᠎ᠠ ᠰᠡᠯᠡᠭᠦᠴᠡᠯ ᠤᠨ ᠲᠠᠷᠢᠶᠠᠯᠠᠩ ᠲᠡᠶᠢᠰᠢ ᠠᠯᠬᠤᠮ ᠠᠯᠬᠤᠮ ᠢᠶᠠᠷ ᠥᠷᠭᠡᠵᠢᠭᠦᠯᠵᠦ᠂ ᠦᠢᠯᠡᠳᠪᠦᠷᠢᠯᠡᠬᠦ᠂ ᠳᠡᠯᠭᠡᠨ ᠦᠵᠡᠭᠦᠯᠭᠦ᠂ ᠪᠣᠷᠣᠯᠠᠭᠤᠯᠬᠤ᠂ ᠵᠢᠭᠤᠯᠴᠢᠯᠠᠬᠤ᠂ ᠵᠤᠭ᠎ᠠ ᠴᠡᠩᠭᠡᠯ ᠪᠠ ᠰᠡᠯᠡᠭᠦᠴᠡᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠪᠦᠯᠦᠭᠵᠢᠯ ᠢ ᠪᠠᠶᠢᠭᠤᠯᠪᠠ᠃          ᠪᠣᠷᠣᠳᠣᠬᠤᠢ ᠶᠢᠨ ᠨᠡᠷᠡᠨ ᠬᠤᠸᠠᠷ ᠤᠨ ᠠᠵᠤ ᠦᠢᠯᠡᠰ ᠤᠨ ᠪᠦᠯᠦᠭᠵᠢᠯ ᠤᠨ ᠲᠥᠷᠥᠯ ᠵᠦᠢᠯ ᠤᠨ ᠲᠣᠭᠤᠷᠢᠭ ᠨᠢ ︽ᠳᠥᠷᠪᠡᠨ ᠬᠦᠷᠢᠶᠡᠯᠡᠩ ︵ᠰᠠᠭᠤᠷᠢᠨ︶᠂ ᠨᠢᠭᠡ ᠲᠥᠪ︾ ᠤᠨ ᠶᠡᠷᠦᠩᠬᠡᠢ ᠪᠠᠶᠢᠷᠢᠰᠢᠭᠤᠯᠤᠯᠲᠠ  ᠪᠠᠷ ᠡᠯ᠎ᠡ ᠬᠦᠷᠢᠶᠡᠯᠡᠩ ︵ᠰᠠᠭᠤᠷᠢᠨ︶ ᠪᠠ ᠡᠯ᠎ᠡ ᠭᠤᠭᠴᠤᠭ᠎ᠠ ᠶᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ  ᠶᠢ ᠴᠢᠩᠭᠠᠳᠬᠠᠵᠤ᠂ ᠨᠡᠷᠡᠨ ᠬᠤᠸᠠᠷ ᠤᠨ ᠰᠢᠨ᠎ᠡ ᠡᠭᠦᠯᠳᠡᠷ ᠢ ᠰᠤᠳᠤᠯᠤᠨ ᠨᠡᠭᠡᠭᠡᠬᠦ᠂ ᠰᠠᠶᠢᠨ ᠡᠭᠦᠯᠳᠡᠷ ᠢ ᠪᠣᠶᠢᠵᠢᠭᠤᠯᠬᠤ᠂ ᠰᠠᠭᠤᠷᠢᠨ ᠳᠤ ᠳᠠᠷᠢᠬᠤ᠂ ᠦᠢᠯᠡᠳᠪᠦᠷᠢᠯᠡᠵᠦ ᠪᠤᠯᠪᠠᠰᠤᠷᠠᠭᠤᠯᠬᠤ᠂ ᠲᠥᠪᠯᠡᠷᠡᠭᠦᠯᠵᠦ ᠲᠠᠷᠬᠠᠭᠠᠬᠤ ᠠᠷᠠᠯᠵᠢᠶ᠎ᠠ᠂ ᠮᠠᠯ ᠠᠵᠤ ᠠᠬᠤᠢ ᠲᠠᠷᠢᠶᠠᠯᠠᠩ ᠪᠠ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ  ᠶᠢ ᠨᠢᠭᠡ ᠴᠣᠭᠴᠠᠵᠢᠭᠤᠯᠤᠭᠰᠠᠨ ᠪᠦᠭᠦ ᠤᠯᠤᠰ ᠤᠨ ᠨᠡᠷᠡᠨ ᠬᠤᠸᠠᠷ ᠤᠨ ᠠᠵᠤ ᠦᠢᠯᠡᠰ ᠤᠨ ︽ᠲᠣᠮᠣ ᠰᠠᠭᠤᠷᠢᠨ︾ ᠢ ᠴᠣᠭᠴᠠᠯᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠣᠷᠣᠨ ᠪᠦᠰᠡᠴᠢᠯᠡᠭᠰᠡᠨ᠂ ᠦᠢᠯᠡᠳᠪᠦᠷᠢᠯᠡᠯ ᠤᠨ ᠰᠠᠭᠤᠷᠢᠨ ᠬᠡᠪᠴᠢᠶᠡᠵᠢᠭᠰᠡᠨ᠂ ᠦᠢᠯᠡᠳᠪᠦᠷᠢᠯᠡᠯ ᠪᠠᠷᠢᠮᠵᠢᠶᠠᠵᠢᠭᠰᠠᠨ᠂ ᠡᠳ᠋ᠰᠢᠭᠦᠯᠦᠨ ᠪᠤᠯᠪᠠᠰᠤᠷᠠᠭᠤᠯᠬᠤ ᠶᠢ ᠡᠷᠴᠢᠮᠵᠢᠭᠦᠯᠦᠭᠰᠡᠨ᠂ ᠪᠦᠲᠦᠭᠡᠭᠳᠡᠬᠦᠨ ᠪᠣᠬᠢᠷᠳᠤᠯ ᠦᠭᠡᠢ᠂ ᠪᠣᠷᠤᠯᠠᠭᠤᠯᠭ᠎ᠠ ᠲᠦᠷᠦᠯ ᠲᠡᠮᠳᠡᠭᠴᠢᠯᠡᠭᠰᠡᠨ᠂ ᠡᠵᠡᠩᠨᠡᠯᠲᠡ ᠠᠵᠤ ᠦᠢᠯᠡᠰᠵᠢᠭᠰᠡᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠠᠭᠤᠰᠤᠯᠴᠠᠨ ᠬᠥᠭᠵᠢᠭᠰᠡᠨ ᠪᠠᠶᠢᠷᠢᠰᠢᠯ ᠢ ᠪᠦᠷᠢᠯᠳᠦᠭᠦᠯᠦᠭᠰᠡᠨ ᠪᠠᠶᠢᠨ᠎ᠠ᠃          ᠪᠣᠬᠢᠷᠳᠤᠯ ᠦᠭᠡᠢ ᠬᠥᠭᠵᠢᠯᠲᠡ ᠶᠢᠨ ᠲᠠᠯ᠎ᠠ ᠪᠠᠷ ᠰᠢᠨ᠎ᠡ ᠳᠠᠪᠰᠢᠯᠳᠠ ᠲᠠᠢ          ᠪᠦᠭᠦ ᠣᠷᠣᠨ ᠤ ᠡᠯ᠎ᠡ ᠭᠠᠵᠠᠷ ᠤᠨ ᠬᠢᠨ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠳᠠᠭᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ ᠪᠠᠲᠤᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠨ᠂ ᠤᠰᠤ ᠠᠷᠪᠢᠯᠠᠬᠤ᠂ ᠬᠢᠮᠢ ᠶᠢᠨ ᠪᠣᠷᠳᠣᠭᠤᠷ ᠪᠠ ᠲᠠᠷᠢᠶᠠᠨ ᠡᠮ ᠢ ᠪᠠᠭᠠᠰᠬᠠᠬᠤ ᠵᠢᠴᠢ ᠡᠰᠢ ᠰᠦᠷᠡᠯ ᠪᠠ ᠮᠠᠯ ᠵᠢᠭᠦᠷᠲᠡᠨ ᠤ ᠢᠯᠭᠠᠳᠠᠰᠤ  ᠶᠢ ᠡᠬᠢ ᠪᠠᠶᠠᠯᠢᠭᠵᠢᠭᠤᠯᠤᠨ ᠠᠰᠢᠭᠯᠠᠬᠤ ᠲᠠᠯ᠎ᠠ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢ ᠴᠥᠮ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠬᠦᠷᠭᠡᠵᠦ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠨᠢᠭᠡᠳᠬᠡᠬᠦ ᠪᠠᠷ ᠲᠠᠰᠤᠷᠠᠯᠲᠠ ᠦᠭᠡᠢ ᠬᠦᠴᠦᠯᠡᠨ᠂ ᠪᠣᠬᠢᠷᠳᠤᠯ ᠦᠭᠡᠢ ᠬᠢᠭᠡᠳ ᠥᠷᠨᠢᠩᠭᠦᠢ ᠬᠥᠭᠵᠢᠯᠲᠡ ᠶᠢᠨ ᠬᠤᠣᠰ ᠠᠮᠵᠢᠯᠲᠠ ᠶᠢ ᠣᠯᠵᠠᠢ᠃          ᠶᠡᠭᠡ ᠬᠢᠩᠭᠠᠨ ᠳᠠᠪᠠᠭᠠᠨ ᠤ ᠰᠢᠷ᠎ᠠ ᠪᠤᠷᠴᠠᠭ ᠤᠨ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢᠨ ᠣᠷᠣᠨ ᠨᠢ ︽ᠨᠢᠭᠡᠳᠦᠯᠲᠡᠢ ᠡᠭᠦᠯᠳᠡᠷ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠬᠠᠮᠢᠶᠠᠷᠤᠯᠲᠠ᠂ ᠨᠢᠭᠡᠳᠦᠯᠲᠡᠢ ᠬᠤᠷᠢᠶᠠᠵᠤ ᠨᠥᠭᠡᠴᠡᠯᠡᠬᠦ︾ ᠵᠠᠭᠪᠤᠷ ᠢᠶᠠᠷ ᠦᠢᠯᠡᠳᠪᠦᠷᠢᠯᠡᠯ ᠢ ᠵᠣᠬᠢᠶᠠᠨ ᠪᠠᠶᠢᠭᠤᠯᠵᠤ᠂ ᠴᠢᠨᠠᠷ ᠰᠠᠶᠢᠲᠠᠢ ᠲᠤᠰᠬᠠᠢ ᠬᠡᠷᠡᠭᠯᠡᠭᠡᠨ ᠤ ᠡᠭᠦᠯᠳᠡᠷ ᠢ ᠳᠡᠯᠭᠡᠷᠡᠭᠦᠯᠬᠦ᠂ ᠣᠷᠭᠠᠨᠢᠭ ᠪᠣᠷᠳᠣᠭᠤᠷ ᠢ ᠨᠡᠮᠡᠵᠦ ᠬᠡᠷᠡᠭᠯᠡᠬᠦ᠂ ᠨᠠᠷᠢᠯᠢᠭ ᠣᠨᠣᠴᠠᠲᠠᠢ ᠳᠠᠷᠢᠬᠤ᠂ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ᠂ ᠪᠣᠬᠢᠷᠳᠤᠯ ᠦᠭᠡᠢ ᠶᠢ ᠠᠩᠬᠠᠷᠤᠨ ᠡᠵᠡᠮᠳᠡᠬᠦ᠂ ᠭᠦᠨ ᠤᠷᠪᠠᠭᠤᠯᠵᠤ ᠭᠦᠨ ᠬᠠᠭᠠᠯᠪᠤᠷᠢᠯᠠᠬᠤ᠂ ᠪᠦᠭᠦ ᠶᠠᠪᠤᠴᠠ ᠪᠠᠷ ᠮᠠᠰᠢᠨᠴᠢᠯᠠᠬᠤ ᠵᠡᠷᠭᠡ ᠮᠡᠷᠭᠡᠵᠢᠯ ᠢ ᠳᠡᠯᠭᠡᠷᠡᠭᠦᠯᠦᠨ᠂ ᠤᠰᠤ ᠪᠠ ᠰᠦᠯᠢᠶᠥᠦ ᠪᠦᠷᠬᠦᠪᠴᠢ ᠬᠡᠷᠡᠭᠯᠡᠬᠦ ᠬᠡᠮᠵᠢᠶ᠎ᠡ ᠶᠢ ᠵᠡᠷᠭᠡ ᠪᠠᠷ ᠡᠵᠡᠮᠳᠡᠬᠦ᠂ ᠬᠢᠮᠢ ᠶᠢᠨ ᠪᠣᠷᠳᠣᠭᠤᠷ ᠪᠠ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠵᠡᠷᠭᠡ ᠪᠠᠷ ᠪᠠᠭᠠᠰᠬᠠᠬᠤ᠂ ᠶᠠᠰᠤ ᠴᠢᠨᠠᠷ ᠪᠠ ᠦᠷ᠎ᠡ ᠠᠰᠢᠭ ᠢ ᠵᠡᠷᠭᠡ ᠪᠠᠷ ᠳᠡᠭᠡᠭᠰᠢᠯᠡᠭᠦᠯᠭᠦ ᠶᠢ ᠪᠡᠶᠡᠯᠡᠭᠦᠯᠵᠦ᠂ 250.6 ᠲᠦᠮᠡᠨ ᠮᠦ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ  ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠳᠠᠶᠢᠴᠢᠯᠠᠭᠰᠠᠨ ᠪᠠᠶᠢᠨ᠎ᠠ᠃          ᠮᠠᠯᠴᠢᠨ ᠲᠠᠷᠢᠶᠠᠴᠢᠨ ᠢ ᠳᠠᠶᠢᠴᠢᠯᠠᠬᠤ ᠲᠠᠯ᠎ᠠ ᠪᠠᠷ ᠰᠢᠨ᠎ᠡ ᠬᠡᠪ ᠵᠠᠭᠪᠤᠷ ᠲᠠᠢ          ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠶᠢᠨ ᠵᠣᠷᠢᠯᠲᠠ ᠨᠢ ᠠᠵᠤ ᠦᠢᠯᠡᠰ ᠢ ᠪᠤᠵᠠᠭᠠᠶᠢᠷᠠᠭᠤᠯᠤᠨ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠳᠤ ᠪᠤᠢ᠃ ᠪᠦᠭᠦ ᠣᠷᠣᠨ ᠤ ᠡᠯ᠎ᠡ ᠭᠠᠵᠠᠷ ᠤᠨ ᠬᠢᠨ ᠡᠨᠡ ᠬᠦ ᠵᠣᠷᠢᠯᠲᠠ ᠶᠢᠨ ᠲᠣᠭᠤᠷᠢᠨ ᠳᠤ ᠤᠷᠤᠯᠭ᠎ᠠ ᠶᠢᠨ ᠨᠡᠮᠡᠭᠳᠡᠯ ᠤᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ᠂ ᠮᠠᠯᠴᠢᠨ ᠲᠠᠷᠢᠶᠠᠴᠢᠨ ᠢ ᠳᠠᠶᠢᠴᠢᠯᠠᠬᠤ ᠰᠢᠨ᠎ᠡ ᠲᠣᠭᠲᠠᠴᠠ ᠶᠢ ᠪᠠᠶᠢᠭᠤᠯᠵᠤ᠂ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠪᠣᠯᠣᠨ ᠮᠠᠯ ᠠᠵᠤ ᠠᠬᠤᠢ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠂ ᠮᠠᠯᠴᠢᠨ ᠲᠠᠷᠢᠶᠠᠴᠢᠨ ᠲᠠᠢ ᠬᠤᠯᠪᠣᠭᠠᠯᠠᠵᠤ ᠮᠠᠯᠴᠢᠨ ᠲᠠᠷᠢᠶᠠᠴᠢᠨ ᠢ ᠳᠠᠶᠢᠴᠢᠯᠠᠬᠤ ᠶᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠭᠤᠬᠤ ᠶᠢᠨ ᠴᠢᠬᠤᠯᠠ ᠯᠠᠪᠯᠠᠬᠤ ᠭᠦᠢᠴᠡᠳᠬᠡᠯ ᠲᠤᠭ᠎ᠠ ᠪᠤᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠮᠠᠯᠴᠢᠨ ᠲᠠᠷᠢᠶᠠᠴᠢᠨ ᠲᠠᠢ ᠬᠤᠯᠪᠣᠭᠠᠯᠠᠬᠤ ᠬᠠᠷᠢᠴᠠᠭ᠎ᠠ ᠪᠠᠶᠢᠭᠤᠯᠤᠭᠰᠠᠨ ᠢᠶᠠᠷ ᠠᠵᠤ ᠦᠢᠯᠡᠰ ᠤᠨ ᠪᠦᠯᠦᠭᠵᠢᠯ ᠤᠨ ᠵᠣᠬᠢᠶᠠᠨ ᠪᠠᠶᠢᠭᠤᠯᠤᠯᠴᠠᠭᠰᠠᠨ ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠢᠯᠡᠳᠲᠡ ᠨᠡᠮᠡᠭᠳᠡᠭᠦᠯᠪᠡ  ᠃          ᠬᠤᠷᠴᠢᠨ ᠤ ᠮᠢᠬᠠᠨ ᠤ ᠦᠬᠡᠷ ᠤᠨ ᠠᠵᠤ ᠦᠢᠯᠡᠰ ᠤᠨ ᠪᠦᠯᠦᠭᠵᠢᠯ ︽ᠳᠠᠭᠠᠭᠤᠯᠤᠭᠴᠢ ᠠᠵᠤ ᠠᠬᠤᠶᠢᠯᠠᠯ +  ᠲᠤᠰᠬᠠᠢ  ᠬᠤᠷᠰᠢᠶ᠎ᠡ +  ᠲᠡᠵᠢᠭᠡᠪᠦᠷᠢ ᠶᠢᠨ ᠡᠷᠦᠭᠡ +  ᠮᠠᠯᠵᠢᠬᠤ   ᠲᠠᠷᠢᠶᠠᠯᠠᠬᠤ ᠡᠷᠦᠭᠡ︾  ᠶᠢᠨ ︽1 + 3︾ ᠶᠢᠨ ᠵᠠᠭᠪᠤᠷ ᠢ ᠥᠷᠭᠡᠨ ᠢᠶᠠᠷ ᠳᠡᠯᠭᠡᠷᠡᠭᠦᠯᠵᠦ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠭᠦ᠂ ᠳᠠᠭᠠᠭᠤᠯᠤᠭᠴᠢ ᠠᠵᠤ ᠠᠬᠤᠶᠢᠯᠠᠯ ᠳᠠᠶᠢᠴᠢᠯᠠᠬᠤ᠂ ᠲᠦᠷᠦᠯ ᠵᠦᠢᠯ ᠢᠶᠠᠷ ᠠᠬᠢᠭᠤᠯᠬᠤ᠂ ᠲᠡᠵᠢᠭᠡᠪᠦᠷᠢ ᠶᠢᠨ ᠲᠣᠮᠣ ᠡᠷᠦᠭᠡ ᠵᠢᠱᠢᠶ᠎ᠡ ᠦᠵᠡᠭᠦᠯᠭᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠵᠡᠷᠭᠡ ᠠᠷᠭ᠎ᠠ ᠬᠡᠮᠵᠢᠶ᠎ᠡ ᠪᠠᠷ ᠮᠢᠬᠠᠨ ᠤ ᠦᠬᠡᠷ  ᠤᠨ ᠠᠵᠤ ᠦᠢᠯᠡᠰ ᠤᠨ ᠰᠢᠯᠢᠳᠡᠭ ᠡᠭᠦᠯᠳᠡᠷ ᠢ ᠣᠷᠣᠭᠤᠯᠤᠨ ᠠᠪᠴᠢᠷᠠᠬᠤ᠂ ᠬᠡᠪᠴᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠮᠠᠯᠴᠢᠨ ᠲᠠᠷᠢᠶᠠᠴᠢᠨ ᠤ ᠤᠷᠤᠯᠭ᠎ᠠ  ᠶᠢ ᠨᠡᠮᠡᠭᠳᠡᠭᠦᠯᠪᠡ᠃ ᠡᠭᠦᠨ ᠳᠤ ᠬᠢᠩᠭᠠᠨ ᠠᠶᠢᠮᠠᠭ ᠤᠨ ᠲᠦᠴᠢᠦᠸᠠᠨ ᠰᠢᠶᠠᠨ ᠠᠵᠤ ᠦᠢᠯᠡᠰ ᠤᠨ ᠪᠦᠯᠦᠭᠵᠢᠯ ᠤᠨ ᠲᠥᠷᠥᠯ ᠵᠦᠢᠯ ᠳᠤ ᠲᠦᠰᠢᠭᠯᠡᠨ ᠮᠠᠯᠵᠢᠬᠤ ᠲᠠᠷᠢᠶᠠᠯᠠᠬᠤ ᠡᠷᠦᠭᠡ ᠯᠦᠭᠡ ᠠᠰᠢᠭ ᠤᠷᠤᠯᠭ᠎ᠠ ᠶᠢᠨ ᠬᠤᠯᠪᠤᠭ᠎ᠠ ᠪᠠ ᠠᠰᠢᠭ ᠲᠤᠰᠠ ᠶᠢ ᠪᠠᠲᠤᠯᠠᠬᠤ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠨ 3.5 ᠲᠦᠮᠡᠨ ᠮᠠᠯᠵᠢᠬᠤ ᠲᠠᠷᠢᠶᠠᠯᠠᠬᠤ ᠡᠷᠦᠭᠡ ᠶᠢ ᠰᠢᠭᠤᠳ ᠳᠠᠶᠢᠴᠢᠯᠠᠨ 10.2 ᠲᠦᠮᠡᠨ ᠬᠥᠮᠥᠨ ᠤ ᠣᠷᠣᠯᠭ᠎ᠠ ᠶᠢ ᠨᠡᠮᠡᠭᠳᠡᠭᠦᠯᠵᠦ᠂ 5.8 ᠲᠦᠮᠡᠨ ᠮᠠᠯᠵᠢᠬᠤ ᠲᠠᠷᠢᠶᠠᠯᠠᠬᠤ ᠡᠷᠦᠭᠡ ᠶᠢ ᠳᠠᠮ ᠢᠶᠠᠷ ᠳᠠᠶᠢᠴᠢᠯᠠᠨ 18 ᠲᠦᠮᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠭᠰᠡᠨ ᠠᠵᠢ  ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号