ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠤᠯᠤᠰ ᠲᠦᠷᠦ ᠶᠢᠨ ᠰᠢᠢᠳᠪᠦᠷᠢ
ᠨᠡᠶᠢᠲᠡᠯᠡᠭᠰᠡᠨ ᠴᠠᠭ᠄
2025/4/7
               ︵2025 ᠣᠨ ᠤ 1 ᠰᠠᠷ᠎ᠠ ᠶᠢᠨ 17 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ᠬᠢᠨᠠᠨ ᠵᠥᠪᠯᠡᠵᠦ ᠪᠠᠲᠤᠯᠠᠪᠠ︶          ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ 2025 ᠣᠨ ᠤ 1 ᠰᠠᠷ᠎ᠠ ᠶᠢᠨ 13 ᠠᠴᠠ 17 ᠤ ᠡᠳᠦᠷ ᠪᠤᠯᠲᠠᠯ᠎ᠠ ᠭᠦᠭᠡᠬᠤᠲᠠ ᠳᠤ ᠬᠤᠷᠠᠯᠳᠤᠪᠠ  ᠃          ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠤᠷᠠᠯ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠭᠦᠨᠵᠡᠭᠡᠢ ᠵᠥᠪᠳᠡᠯᠴᠡᠭᠡ ᠬᠢᠵᠦ ᠲᠥᠷᠥ ᠶᠢᠨ ᠶᠠᠪᠤᠳᠠᠯ ᠢ ᠵᠥᠪᠯᠡᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠠᠷᠭ᠎ᠠ ᠪᠣᠳᠣᠯᠭ᠎ᠠ ᠳᠡᠪᠰᠢᠭᠦᠯᠦᠨ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠡᠯ᠎ᠡ ᠵᠥᠪᠯᠡᠬᠦ ᠵᠦᠢᠯ ᠢ ᠤᠷᠤᠭᠰᠢᠲᠠᠢ ᠪᠡᠶᠡᠯᠡᠭᠦᠯᠵᠦ᠂ ᠴᠢᠬᠤᠯᠠ ᠦᠷ᠎ᠡ ᠪᠦᠲᠦᠭᠡᠯ ᠣᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠨᠥᠬᠦᠷ ᠡᠭᠢᠯᠡᠯᠲᠡ ᠶᠢᠨ ᠬᠤᠷᠠᠯ ᠳᠡᠭᠡᠷ᠎ᠡ ᠶᠠᠷᠢᠶ᠎ᠠ ᠲᠠᠯᠪᠢᠵᠤ᠂ 2024 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠪᠦᠭᠦ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠤᠯᠠᠮ ᠴᠢᠩᠭᠠᠳᠬᠠᠨ ᠰᠠᠶᠢᠵᠢᠷᠠᠭᠤᠯᠬᠤ ᠶᠢᠨ ᠲᠣᠭᠤᠷᠢᠨ ᠳᠤ ᠲᠣᠬᠢᠷᠠᠭᠤᠯᠤᠯᠲᠠ ᠬᠢᠵᠦ᠂ ᠡᠲᠡᠭᠡᠳ ᠢᠯᠭᠠᠯ ᠤᠨ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠡᠳᠦᠪ ᠳᠠᠭᠠᠭᠠᠯᠭᠠᠵᠤ᠂ ᠡᠭᠦᠷᠭᠡ ᠲᠤᠰᠢᠶᠠᠨ᠂ ᠪᠦᠭᠦ ᠣᠷᠣᠨ ᠤ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠪᠠ ᠡᠷᠴᠢ ᠵᠣᠷᠢᠭ ᠢ ᠲᠤᠶᠢᠯ ᠤᠨ ᠶᠡᠭᠡ ᠪᠠᠷ ᠵᠣᠷᠢᠭᠵᠢᠭᠤᠯᠪᠠ᠃ ᠬᠤᠷᠠᠯ ᠤᠨ ᠬᠤᠭᠤᠴᠠᠭᠠᠨ ᠳᠤ᠂ ᠰᠦᠨ ᠱᠤᠤ ᠴᠧᠩ᠂ ᠸᠠᠩ ᠯᠢ ᠰᠢᠶᠠ ᠵᠡᠷᠭᠡ ᠨᠠᠮ ᠵᠠᠰᠠᠭ ᠤᠨ ᠤᠳᠤᠷᠢᠳᠬᠤ ᠨᠥᠬᠦᠳ ᠬᠤᠷᠠᠯ ᠳᠤ ᠣᠷᠣᠯᠴᠠᠵᠤ᠂ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠵᠤ᠂ ᠭᠡᠰᠢᠭᠦᠳ ᠲᠠᠢ ᠬᠥᠭᠵᠢᠯᠲᠡ ᠶᠢᠨ ᠶᠡᠭᠡ ᠪᠣᠳᠣᠯᠭ᠎ᠠ ᠶᠢ ᠵᠥᠪᠯᠡᠨ᠂ ᠥᠭᠡᠷᠡᠴᠢᠯᠡᠯᠲᠡ ᠶᠢᠨ ᠰᠠᠶᠢᠨ ᠪᠣᠳᠣᠯᠭ᠎ᠠ ᠶᠢ ᠰᠦᠪᠡᠭᠴᠢᠯᠡᠵᠦ᠂ ᠬᠥᠮᠥᠰ ᠤᠨ ᠰᠡᠳᠬᠢᠯ ᠬᠦᠴᠦᠨ ᠴᠢᠳᠠᠯ ᠢ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠷᠠᠳ ᠤᠨ ᠵᠠᠰᠠᠭ ᠤᠨ ᠣᠷᠳᠣᠨ ᠠᠴᠠ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠬᠤᠯᠠᠴᠢᠯᠠᠨ ᠳᠡᠮᠵᠢᠵᠦ ᠪᠠᠶᠢᠬᠤ ᠶᠢ ᠭᠦᠢᠴᠡᠳ ᠬᠠᠷᠠᠭᠤᠯᠪᠠ᠃ ᠬᠤᠷᠠᠯ ᠠᠴᠠ ᠵᠠᠩ ᠶᠠᠨ ᠺᠦᠨ ᠨᠥᠬᠦᠷ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠬᠢᠭᠰᠡᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠨ ᠂ ᠴᠡᠴᠡᠭ ᠨᠥᠬᠦᠷ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠬᠢᠭᠰᠡᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠨ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ 4 ᠪᠠᠶᠢᠩᠭᠤ ᠶᠢᠨ ᠭᠡᠰᠢᠭᠦᠨ ᠢ ᠰᠣᠩᠭᠤᠪᠠ᠃ ᠭᠡᠰᠢᠭᠦᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡ ᠶᠢᠨ ᠡᠭᠦᠷᠭᠡᠲᠦ ᠪᠤᠳᠤᠯ᠂ ᠣᠷᠭᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠴᠢᠩᠭ᠎ᠠ ᠨᠢᠮᠪᠠᠢ ᠠᠵᠢᠯ ᠤᠨ ᠰᠤᠷᠲᠠᠯ ᠢᠶᠠᠷ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠭᠢᠯᠡᠯᠲᠡ ᠶᠢᠨ ᠬᠤᠷᠠᠯ ᠳᠡᠭᠡᠷᠡᠬᠢ ᠰᠦᠨ ᠱᠤᠤ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠰᠤᠯᠠ ᠣᠷᠣᠯᠴᠠᠵᠤ᠂ ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠬᠥᠭᠵᠢᠯᠲᠡ ᠶᠢᠨ ᠲᠥᠯᠥᠪᠯᠡᠭᠡ ᠶᠢᠨ ᠮᠡᠳᠡᠭᠦᠯᠦᠯᠲᠡ ᠪᠠ ᠡᠳ᠋ ᠤᠨ ᠵᠠᠰᠠᠭ ᠤᠨ ᠮᠡᠳᠡᠭᠦᠯᠦᠯᠲᠡ ᠶᠢ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠵᠥᠪᠰᠢᠶᠡᠷᠡᠵᠦ ᠪᠠᠶᠢᠬᠤ ᠪᠠᠨ ᠢᠯᠡᠳᠬᠡᠭᠰᠡᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠵᠥᠪᠯᠡᠬᠦ ᠠᠷᠠᠳᠴᠢᠯᠠᠯ ᠤᠨ ᠵᠠᠯᠠᠭᠤᠴᠤᠳ ᠪᠠᠭᠠᠴᠤᠳ ᠤᠨ ᠠᠵᠢᠭᠯᠠᠭᠴᠢ ᠪᠣᠯᠣᠨ ᠡᠮᠡᠭᠲᠡᠶᠢᠴᠦᠳ ᠤᠨ ᠠᠵᠢᠭᠯᠠᠭᠴᠢ ᠬᠤᠷᠠᠯ ᠳᠤ ᠰᠤᠯᠠ ᠣᠷᠣᠯᠴᠠᠪᠠ᠃ ᠬᠤᠷᠠᠯ ᠨᠢ ᠪᠣᠳᠠᠲᠠᠢ ᠶᠢ ᠡᠷᠬᠢᠮᠯᠡᠵᠦ ᠥᠨᠳᠥᠷ ᠪᠦᠲᠦᠮᠵᠢᠲᠡᠢ ᠪᠣᠯᠵᠤ᠂ ᠲᠡᠭᠦᠰ ᠠᠮᠵᠢᠯᠲᠠ ᠣᠯᠵᠤ᠂ ᠲᠤᠭ ᠢ ᠥᠨᠳᠥᠷ ᠮᠠᠨᠳᠤᠭᠤᠯᠤᠭᠰᠠᠨ᠂ ᠠᠷᠠᠳᠴᠢᠯᠠᠯ ᠢ ᠪᠠᠳᠠᠷᠠᠭᠤᠯᠤᠭᠰᠠᠨ᠂ ᠪᠦᠯᠬᠦᠮᠳᠡᠯ ᠲᠠᠢ ᠪᠣᠳᠠᠲᠠᠢ ᠶᠢ ᠡᠷᠬᠢᠮᠯᠡᠭᠰᠡᠨ᠂ ᠰᠤᠷᠲᠠᠯ ᠴᠢᠬᠡᠴᠢ ᠣᠪᠣᠷ ᠲᠥᠪ ᠶᠡᠭᠡ ᠬᠤᠷᠠᠯ ᠪᠣᠯᠵᠠᠢ᠃          ᠬᠤᠷᠠᠯ ᠠᠴᠠ᠂ 2024 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠪᠦᠭᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠦᠷ᠎ᠡ ᠪᠦᠲᠦᠭᠡᠯ ᠣᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢᠨ ᠣᠨ ᠤ ᠭᠤᠣᠯᠳᠠᠯᠭ᠎ᠠ ᠲᠠᠢ ᠠᠵᠢᠯ ᠢ ᠪᠦᠭᠦᠨ ᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠤᠨ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠦᠷᠢᠯᠳᠦᠭᠦᠯᠦᠨ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠪᠦᠭᠦ ᠣᠷᠣᠨ ᠤ ᠡᠯ᠎ᠡ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠰᠢᠨ᠎ᠡ ᠠᠯᠬᠤᠮ ᠢ ᠠᠯᠬᠤᠵᠤ᠂ ᠪᠣᠬᠢᠷᠳᠤᠯ ᠦᠭᠡᠢ ᠭᠡᠯᠪᠡᠷᠢ ᠪᠠᠨ ᠬᠤᠪᠢᠷᠠᠭᠤᠯᠬᠤ ᠰᠠᠶᠢᠨ ᠬᠠᠨᠳᠤᠰᠢ ᠶᠢ ᠪᠠᠲᠤᠯᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ ᠬᠤᠷᠳᠤᠴᠠ ᠨᠡᠮᠡᠭᠳᠡᠵᠦ᠂ ᠨᠡᠭᠡᠭᠡᠯᠲᠡ ᠬᠢᠵᠦ ᠬᠠᠮᠲᠤᠷᠠᠯᠴᠠᠬᠤ ᠠᠵᠢᠯ ᠲᠦᠷᠭᠡᠨ ᠤ ᠵᠠᠮ ᠳᠤ ᠣᠷᠣᠵᠤ᠂ ᠤᠮᠠᠷᠠᠲᠤ ᠬᠢᠯᠢ ᠶᠢᠨ ᠰᠣᠶᠣᠯ ᠰᠢᠨ᠎ᠡ ᠠᠮᠢᠵᠢᠷᠠᠯ ᠤᠨ ᠬᠦᠴᠦᠨ ᠲᠠᠢ ᠪᠣᠯᠵᠤ᠂ ᠥᠭᠡᠳᠡᠯᠡᠨ ᠲᠠᠪᠰᠢᠬᠤ ᠪᠠᠶᠢᠳᠠᠯ ᠬᠥᠮᠥᠰ ᠢ ᠵᠣᠷᠢᠭᠵᠢᠭᠤᠯᠤᠨ᠂ ᠢᠲᠡᠭᠡᠯ ᠵᠣᠷᠢᠭ ᠢ ᠬᠥᠪᠴᠢᠯᠡᠨ ᠤᠷᠤᠭᠰᠢᠯᠠᠭᠤᠯᠵᠠᠢ ᠭᠡᠵᠦ ᠦᠵᠡᠪᠡ᠃          ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠤᠳᠤᠷᠢᠳᠤᠯᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠤᠳᠤᠯᠤᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠠᠷᠢᠯᠴᠠᠬᠤ ᠬᠤᠷᠠᠯ ᠢ ᠬᠤᠷᠠᠯᠳᠤᠭᠤᠯᠵᠤ᠂ ︽ᠪᠦᠭᠦ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠨᠡᠶᠢᠲᠡᠯᠡᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ᠂ ᠡᠭᠦᠷᠭᠡ ᠲᠤᠰᠢᠶᠠᠯ ᠢᠶᠠᠨ ᠴᠢᠷᠮᠠᠶᠢᠨ ᠭᠦᠢᠴᠡᠳᠬᠡᠬᠦ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ ᠵᠢᠯᠣᠭᠤᠳᠤᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠬᠥᠲᠥᠯᠥᠨ ᠵᠢᠯᠣᠭᠤᠳᠤᠯᠭ᠎ᠠ ᠰᠢᠨ᠎ᠡ ᠴᠢᠩᠭᠠᠳᠬᠠᠯ ᠲᠠᠢ᠂ ᠶᠡᠭᠡ ᠲᠠᠯ᠎ᠠ ᠳᠤ ᠦᠢᠯᠡᠴᠢᠯᠡᠬᠦ ᠳᠤ ᠰᠢᠨ᠎ᠡ ᠦᠷ᠎ᠡ ᠪᠦᠲᠦᠮᠵᠢ ᠲᠠᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠨ᠎ᠡ ᠵᠢᠳᠬᠦᠯ ᠴᠢᠷᠮᠠᠶᠢᠯᠭ᠎ᠠ ᠲᠠᠢ᠂ ᠲᠤᠰ ᠪᠡᠶ᠎ᠡ ᠶᠢᠨ ᠪᠠᠶᠢᠭᠤᠯᠤᠯᠲᠠ ᠰᠢᠨ᠎ᠡ ᠠᠭᠤᠷ ᠠᠮᠢᠰᠬᠤᠯ ᠲᠠᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠳᠡᠮᠵᠢᠬᠦ ᠳᠤ ᠰᠢᠨ᠎ᠡ ᠰᠢᠪᠲᠤᠯᠤᠯᠲᠠ ᠲᠠᠢ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ ᠰᠢᠨ᠎ᠡ ᠠᠬᠢᠴᠠ ᠲᠠᠢ᠂ ᠲᠤᠰᠬᠠᠢ ᠵᠥᠪᠯᠡᠯ ᠤᠨ ᠰᠠᠭᠤᠷᠢᠯᠠᠬᠤ ᠴᠢᠨᠠᠷᠲᠠᠢ ᠦᠢᠯᠡᠳᠦᠯ ᠰᠢᠨ᠎ᠡ ᠳᠡᠭᠡᠭᠰᠢᠯᠡᠯᠲᠡ ᠲᠠᠢ᠂ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠠᠷᠠᠳ ᠤᠨ ᠲᠥᠯᠥᠭᠡ ᠦᠢᠯᠡᠴᠢᠯᠡᠬᠦ ᠳᠤ ᠰᠢᠨ᠎ᠡ ᠡᠭᠦᠷᠭᠡᠯᠡᠯ ᠲᠠᠢ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠤᠯᠤᠰ ᠲᠦᠷᠦ ᠶᠢᠨ ᠵᠥᠪᠯᠡᠯᠭᠡᠨ ᠲᠠᠢ ᠬᠠᠮᠵᠢᠯᠴᠠᠨ ᠬᠥᠳᠡᠯᠦᠯᠴᠡᠬᠦ ᠳᠤ ᠰᠢᠨ᠎ᠡ ᠳᠦᠷᠰᠦ ᠪᠠᠶᠢᠳᠠᠯ ᠲᠠᠢ ᠪᠣᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠰᠢᠨ᠎ᠡ ᠬᠥᠭᠵᠢᠯᠲᠡ ᠶᠢ ᠪᠡᠶᠡᠯᠡᠭᠦᠯᠵᠡᠢ ᠭᠡᠵᠦ ᠦᠵᠡᠪᠡ᠃          ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠪᠦᠭᠦ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ᠂ ᠭᠤᠣᠯ ᠠᠵᠢᠯ ᠳᠤ ᠣᠷᠤᠯᠴᠠᠬᠤ᠂ ᠬᠥᠭᠵᠢᠯᠲᠡ ᠳᠤ ᠬᠦᠴᠦᠨ ᠨᠡᠮᠡᠷᠢᠯᠡᠬᠦ᠂ ᠭᠤᠣᠯ ᠠᠵᠢᠯ ᠳᠤ ᠠᠭᠤᠰᠤᠯᠴᠠᠬᠤ᠂ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ︽ᠲᠠᠪᠤᠨ ᠶᠡᠭᠡ ᠡᠭᠦᠷᠭᠡ︾ ᠶᠢ ᠭᠦᠨᠵᠡᠭᠡᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠪᠠᠬᠢᠵᠢᠭᠦᠯᠦᠨ ᠳᠡᠭᠡᠭᠰᠢᠯᠡᠭᠦᠯᠭᠦ᠂ ︽ᠵᠢᠷᠭᠤᠭᠠᠨ ᠠᠵᠢᠯᠯᠠᠭ᠎ᠠ︾ ᠶᠢ ᠪᠦᠲᠦᠮᠵᠢᠲᠡᠢ ᠬᠡᠷᠡᠭᠵᠢᠭᠦᠯᠬᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠠ ᠠᠷᠠᠳ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠨ᠂ ᠣᠨᠣᠴᠠᠲᠠᠢ ᠪᠠᠷ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤᠮᠳᠠ ᠲᠤᠰᠬᠠᠢ ᠵᠥᠪᠯᠡᠬᠦ ᠪᠠᠶᠢᠭᠤᠯᠤᠮᠵᠢ ᠶᠢᠨ ᠳᠠᠪᠠᠭᠤᠯᠢᠭ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃          ᠬᠤᠷᠠᠯ ᠠᠴᠠ᠂ ᠪᠦᠭᠦ ᠣᠷᠣᠨ ᠤ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠣᠷᠣᠯᠴᠠᠬᠰᠠᠨ ᠨᠢᠭᠡᠴᠢ ᠪᠣᠯᠣᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠦᠷᠭᠦᠯᠵᠢᠯᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠲᠦᠭᠡᠢ ᠭᠡᠵᠦ ᠤᠷᠢᠶᠠᠯᠠᠪᠠ︕
 
ᠢᠷᠡᠯᠲᠡ᠄ ᠠᠯᠠᠱᠠ ᠶᠢᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号