| | ︵2025 ᠣᠨ ᠤ 1 ᠰᠠᠷ᠎ᠠ ᠶᠢᠨ 17 ᠤ ᠡᠳᠦᠷ ᠤᠯᠤᠰ ᠲᠥᠷᠥ ᠶᠢᠨ ᠵᠥᠪᠯᠡᠯᠭᠡᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ | ᠭᠤᠷᠪᠠᠳᠤᠭᠠᠷ ᠬᠤᠷᠠᠯ ᠠᠴᠠ ᠬᠢᠨᠠᠨ ᠵᠥᠪᠯᠡᠵᠦ ᠪᠠᠲᠤᠯᠠᠪᠠ︶ | | ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠭᠤᠷᠪᠠᠳᠤᠭᠠᠷ ᠬᠤᠷᠠᠯ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ ᠤᠯᠤᠰ ᠲᠦᠷᠦ ᠶᠢᠨ ᠵᠥᠪᠯᠡᠯᠭᠡᠨ ᠤ ᠪᠦᠭᠦ ᠭᠡᠰᠢᠭᠦᠳ᠂ ᠤᠯᠤᠰ ᠲᠥᠷᠥ ᠶᠢᠨ | ᠵᠥᠪᠯᠡᠯᠭᠡᠨ ᠤ ᠡᠯ᠎ᠡ ᠣᠷᠣᠯᠴᠠᠬᠰᠠᠨ ᠨᠢᠭᠡᠴᠢ ᠪᠣᠯᠣᠨ ᠡᠯ᠎ᠡ ᠲᠤᠰᠬᠠᠢ ᠵᠥᠪᠯᠡᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ | ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠭᠤᠷᠪᠠᠳᠤᠭᠠᠷ ᠬᠤᠷᠠᠯ ᠤᠨ ᠡᠭᠢᠯᠡᠯᠲᠡ ᠶᠢᠨ ᠬᠤᠷᠠᠯ ᠳᠡᠭᠡᠷᠡᠬᠢ ᠰᠦᠨ ᠱᠤᠤ ᠴᠧᠩ ᠱᠦᠵᠢ ᠶᠢᠨ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠢᠭᠡ ᠭᠤᠣᠯ ᠱᠤᠭᠤᠮ ᠢ ᠲᠤᠭᠤᠰᠢᠯᠠᠭᠤᠯᠬᠤ᠂ | ᠬᠤᠶᠠᠷ ᠶᠡᠭᠡ ᠶᠠᠪᠤᠳᠠᠯ ᠢ ᠰᠠᠶᠢᠨ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤᠨ ᠶᠡᠭᠡ ᠡᠭᠦᠷᠭᠡ︾ | ᠶᠢ ᠭᠦᠨᠵᠡᠭᠡᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ | ᠵᠢᠷᠭᠤᠭᠠᠨ ᠠᠵᠢᠯᠯᠠᠭ᠎ᠠ ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠲᠣᠭᠤᠷᠢᠨ ᠳᠤ ᠰᠠᠨᠠᠯ ᠳᠤᠷᠠᠳᠤᠯᠭ᠎ᠠ ᠶᠢ | ᠢᠳᠡᠪᠬᠢᠲᠡᠢ ᠠᠰᠢᠭᠯᠠᠨ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ | ᠨᠢᠭᠲᠠᠷᠠᠭᠤᠯᠪᠠ᠃ | 2025 ᠣᠨ ᠤ 1 ᠰᠠᠷ᠎ᠠ ᠶᠢᠨ 15 ᠤ ᠡᠳᠦᠷ ᠤᠨ 12 ᠴᠠᠭ ᠪᠤᠯᠲᠠᠯ᠎ᠠ ᠨᠡᠶᠢᠲᠡ 1087 ᠬᠤᠪᠢ | ᠰᠠᠨᠠᠯ ᠳᠤᠷᠠᠳᠤᠯᠭ᠎ᠠ ᠶᠢ ᠭᠥᠯᠢᠶᠡᠨ ᠠᠪᠴᠤ᠂ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ | ᠠᠵᠢᠯ ᠤᠨ ᠳᠦᠷᠢᠮ︾ ᠢ ᠦᠨᠳᠦᠰᠦᠯᠡᠨ᠂ ᠬᠢᠨᠠᠨ ᠪᠠᠶᠢᠴᠠᠭᠠᠬᠤ ᠪᠠᠷ ᠳᠠᠮᠵᠢᠨ 821 ᠬᠤᠪᠢ ᠶᠢ ᠰᠠᠨᠠᠯ | ᠳᠤᠷᠠᠳᠤᠯᠭ᠎ᠠ ᠪᠣᠯᠭᠠᠨ ᠳᠡᠩᠰᠡᠯᠡᠵᠦ᠂ ᠳᠠᠩᠰᠠᠯᠠᠭᠰᠠᠨ ᠨᠣᠷᠮ᠎ᠠ ᠨᠢ 75.53% ᠳᠤ ᠭᠦᠷᠴᠡᠶ;143 ᠬᠡᠷᠡᠭ ᠢ | ᠨᠡᠶᠢᠳᠬᠡᠨ ᠰᠢᠢᠳᠪᠦᠷᠢᠯᠡᠵᠦ᠂ 123 ᠬᠤᠪᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ | ᠰᠢᠯᠵᠢᠭᠦᠯᠬᠦ ᠪᠠᠷ ᠪᠠᠶᠢᠨ᠎ᠠ᠃ ᠡᠭᠦᠨ ᠤ ᠳᠣᠲᠣᠷ᠎ᠠ ᠭᠡᠰᠢᠭᠦᠳ ᠤᠨ ᠰᠠᠨᠠᠯ ᠳᠤᠷᠠᠳᠤᠯᠭ᠎ᠠ 601 ᠬᠤᠪᠢ ᠪᠠᠶᠢᠵᠤ᠂ | 73.20% ᠶᠢ ᠡᠵᠡᠯᠡᠪᠡ;ᠡᠯ᠎ᠡ ᠠᠷᠠᠳᠴᠢᠯᠠᠭᠰᠠᠨ ᠨᠠᠮ ᠪᠦᠯᠦᠭ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ | ᠤᠯᠤᠰ ᠲᠦᠷᠦ ᠶᠢᠨ ᠵᠥᠪᠯᠡᠯᠭᠡᠨ ᠤ ᠡᠯ᠎ᠡ ᠲᠤᠰᠬᠠᠢ ᠵᠥᠪᠯᠡᠯ ᠪᠠ ᠡᠲᠡᠭᠡᠳ ᠢᠯᠭᠠᠯ ᠤᠨ ᠰᠠᠨᠠᠯ ᠳᠤᠷᠠᠳᠤᠯᠭ᠎ᠠ 220 | ᠬᠤᠪᠢ ᠪᠠᠶᠢᠵᠤ᠂ 26.80% ᠶᠢ ᠡᠵᠡᠯᠡᠪᠡ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 152 ᠬᠤᠪᠢ | ᠪᠠᠶᠢᠵᠤ᠂ 18.51% ᠶᠢ ᠡᠵᠡᠯᠡᠪᠡ;ᠡᠭᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 91 ᠬᠤᠪᠢ ᠪᠠᠶᠢᠵᠤ᠂ 11. | 09% ᠶᠢ ᠡᠵᠡᠯᠡᠪᠡ;ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 124 ᠬᠤᠪᠢ ᠪᠠᠶᠢᠵᠤ᠂ 15.10% | ᠶᠢ ᠡᠵᠡᠯᠡᠪᠡ;ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 112 ᠬᠤᠪᠢ | ᠪᠠᠶᠢᠵᠤ᠂ 13.64% ᠶᠢ ᠡᠵᠡᠯᠡᠪᠡ;ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 93 ᠬᠤᠪᠢ ᠪᠠᠶᠢᠵᠤ᠂ 11.33% ᠶᠢ ᠡᠵᠡᠯᠡᠪᠡ;ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ | 185 ᠬᠤᠪᠢ ᠪᠠᠶᠢᠵᠤ᠂ 22.53% ᠶᠢ ᠡᠵᠡᠯᠡᠪᠡ;ᠪᠤᠰᠤᠳ ᠲᠠᠯ᠎ᠠ ᠶᠢᠨ ᠰᠠᠨᠠᠯ ᠳᠤᠷᠠᠳᠤᠯᠭ᠎ᠠ 64 ᠬᠤᠪᠢ | ᠪᠠᠶᠢᠵᠤ᠂ 7.80% ᠶᠢ ᠡᠵᠡᠯᠡᠪᠡ᠃ | ᠲᠤᠰ ᠤᠳᠠᠭ᠎ᠠ ᠶᠢᠨ ᠬᠤᠷᠠᠯ ᠳᠡᠭᠡᠷ᠎ᠡ᠂ ᠤᠯᠤᠰ ᠲᠦᠷᠦ ᠶᠢᠨ ᠵᠥᠪᠯᠡᠯᠭᠡᠨ ᠤ ᠪᠦᠭᠦ ᠭᠡᠰᠢᠭᠦᠳ᠂ | ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠬᠰᠠᠨ ᠨᠢᠭᠡᠴᠢ ᠪᠠ ᠡᠯ᠎ᠡ ᠲᠤᠰᠬᠠᠢ ᠵᠥᠪᠯᠡᠯ ᠲᠤᠰᠬᠠᠢ ᠮᠡᠷᠭᠡᠵᠢᠯ᠂ | ᠳᠠᠪᠠᠭᠤᠯᠢᠭ ᠲᠠᠭᠠᠨ ᠰᠠᠭᠤᠷᠢᠯᠠᠵᠤ᠂ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠤᠨ ᠬᠦᠰᠡᠯ | ᠡᠷᠡᠮᠡᠯᠵᠡᠯ ᠢ ᠴᠢᠩᠭ᠎ᠠ ᠠᠵᠢᠭᠯᠠᠬᠤ᠂ ᠳᠤᠷᠠᠳᠤᠭᠰᠠᠨ ᠰᠠᠨᠠᠯ ᠳᠤᠷᠠᠳᠤᠯᠭ᠎ᠠ ᠶᠢᠨ ᠰᠡᠳᠦᠪ ᠰᠣᠩᠭᠤᠯᠲᠠ ᠨᠠᠩ | ᠲᠥᠪᠯᠡᠷᠡᠩᠭᠦᠢ᠂ ᠪᠠᠶᠢᠴᠠᠭᠠᠨ ᠰᠤᠳᠤᠯᠤᠯᠲᠠ ᠨᠠᠩ ᠭᠦᠨᠵᠡᠭᠡᠶᠢᠷᠡᠵᠦ᠂ ᠠᠷᠭ᠎ᠠ ᠤᠬᠠᠭᠠᠨ ᠭᠠᠷᠭᠠᠬᠤ ᠳᠠᠭᠠᠨ ᠨᠠᠩ | ᠪᠣᠳᠠᠲᠠᠢ ᠶᠢ ᠡᠷᠬᠢᠮᠯᠡᠨ᠂ ᠰᠠᠨᠠᠯ ᠳᠤᠷᠠᠳᠤᠯᠭ᠎ᠠ ᠶᠢᠨ ᠪᠦᠲᠦᠴᠡ ᠤᠯᠠᠮ ᠰᠢᠯᠢᠳᠡᠭᠵᠢᠵᠦ᠂ ᠰᠠᠨᠠᠯ ᠳᠤᠷᠠᠳᠤᠯᠭ᠎ᠠ ᠶᠢᠨ | ᠪᠦᠬᠦᠯᠢ ᠴᠣᠭᠴᠠ ᠶᠢᠨ ᠶᠠᠰᠤ ᠴᠢᠨᠠᠷ ᠤᠯᠠᠮ ᠳᠡᠭᠡᠭᠰᠢᠯᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ | ᠦᠢᠯᠡᠴᠢᠯᠡᠬᠦ᠂ ᠭᠤᠣᠯᠳᠠᠯᠭ᠎ᠠ ᠳᠤ ᠣᠷᠣᠯᠴᠠᠨ ᠬᠥᠭᠵᠢᠯᠲᠡ ᠳᠤ ᠬᠦᠴᠦᠨ ᠨᠡᠮᠡᠷᠢᠯᠡᠬᠦ᠂ ᠭᠤᠣᠯᠳᠠᠯᠭ᠎ᠠ ᠲᠠᠢ | ᠠᠭᠤᠰᠤᠯᠴᠠᠨ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠠᠷ | ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠰᠠᠨᠠᠯ ᠳᠤᠷᠠᠳᠤᠯᠭ᠎ᠠ | ᠳᠤᠷᠠᠳᠤᠭᠰᠠᠳ ᠤᠨ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ | ᠰᠡᠳᠬᠢᠯ ᠳᠡᠭᠡᠨ ᠬᠤᠶᠠᠷ ᠶᠡᠭᠡ ᠶᠠᠪᠤᠳᠠᠯ ᠢ ᠪᠤᠳᠤᠵᠤ᠂ ᠵᠢᠷᠦᠬᠡᠨ ᠳᠡᠭᠡᠨ ︽ᠠᠷᠠᠳ ᠤᠨ ᠠᠩᠬᠠᠷᠴᠤ ᠪᠠᠶᠢᠭ᠎ᠠ | ᠠᠰᠠᠭᠤᠳᠠᠯ︾ ᠢ ᠳᠡᠭᠡᠳᠦᠯᠡᠵᠦ ᠪᠠᠶᠢᠭ᠎ᠠ ᠶᠢ ᠢᠯᠡᠷᠡᠭᠦᠯᠪᠡ᠃ | ᠶᠡᠭᠡ ᠬᠤᠷᠠᠯ ᠲᠡᠭᠦᠰᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ | ᠬᠤᠷᠠᠯᠳᠤᠭᠤᠯᠵᠤ᠂ ᠰᠠᠨᠠᠯ ᠳᠤᠷᠠᠳᠤᠯᠭ᠎ᠠ ᠪᠣᠯᠭᠠᠨ ᠳᠠᠩᠰᠠᠯᠠᠭᠰᠠᠨ ᠰᠠᠨᠠᠯ ᠳᠤᠷᠠᠳᠤᠯᠭ᠎ᠠ ᠶᠢ ᠬᠤᠯᠪᠣᠭᠳᠠᠯ ᠪᠦᠬᠦᠢ | ᠨᠢᠭᠡᠴᠢ ᠳᠤ ᠬᠦᠷᠭᠡᠨ ᠰᠢᠢᠳᠪᠦᠷᠢᠯᠡᠭᠦᠯᠬᠦ ᠪᠣᠯᠣᠨ᠎ᠠ᠃ ᠲᠣᠰ ᠤᠳᠠᠭᠠᠨ ᠤ ᠶᠡᠭᠡ ᠬᠤᠷᠠᠯ ᠤᠨ ᠰᠠᠨᠠᠯ | ᠳᠤᠷᠠᠳᠤᠯᠭ᠎ᠠ ᠶᠢᠨ ᠬᠢᠵᠠᠭᠠᠷᠯᠠᠯ ᠤᠨ ᠴᠠᠭ ᠠᠴᠠ ᠰᠡᠭᠦᠯᠡᠷ ᠬᠤᠷᠢᠶᠠᠨ ᠣᠯᠣᠭᠰᠠᠨ ᠰᠠᠨᠠᠯ ᠳᠤᠷᠠᠳᠤᠯᠭ᠎ᠠ ᠶᠢ ᠡᠩ ᠤᠨ | ᠦᠶ᠎ᠡ ᠶᠢᠨ ᠰᠠᠨᠠᠯ ᠳᠤᠷᠠᠳᠤᠯᠭ᠎ᠠ ᠪᠠᠷ ᠴᠠᠭ ᠲᠤᠬᠠᠢ ᠳᠤᠨᠢ ᠬᠢᠨᠠᠨ ᠪᠠᠶᠢᠴᠠᠭᠠᠵᠤ᠂ ᠰᠠᠨᠠᠯ ᠳᠤᠷᠠᠳᠤᠯᠭ᠎ᠠ ᠪᠣᠯᠭᠠᠨ | ᠳᠠᠩᠰᠠᠯᠠᠭᠰᠠᠨ ᠤ ᠳᠠᠷᠠᠭ᠎ᠠ ᠬᠤᠯᠪᠣᠭᠳᠠᠯ ᠪᠦᠬᠦᠢ ᠨᠢᠭᠡᠴᠢ ᠳᠤ ᠲᠤᠰᠢᠶᠠᠨ ᠥᠭᠴᠦ ᠰᠢᠢᠳᠪᠦᠷᠢᠯᠡᠭᠦᠯᠦᠨ᠎ᠡ᠃ |