ᠨᠠᠷᠠᠨ᠎ᠠ᠂ ᠡᠷᠳᠡᠨᠢᠬᠦᠦ | | ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠢ ᠹᠦ᠋ ᠬᠤᠲᠣᠩ ᠦᠨᠳᠦᠰᠦᠲᠡᠨ ᠤ ᠪᠠᠭ᠎ᠠ | ᠰᠤᠷᠭᠠᠭᠤᠯᠢ ᠶᠢᠨ ᠲᠠᠪᠤᠳᠤᠭᠠᠷ ᠣᠨ ᠤ ᠬᠢᠴᠢᠶᠡᠯ ᠤᠨ ᠲᠠᠩᠬᠢᠮ ᠳᠤ ᠣᠷᠣᠬᠤ ᠳᠤ᠂ ᠲᠣᠭᠠᠨ ᠤ ᠤᠬᠠᠭᠠᠨ ᠤ | ᠬᠢᠴᠢᠶᠡᠯᠯᠡᠭᠡ ᠶᠠᠪᠤᠭᠳᠠᠵᠤ ᠪᠠᠶᠢᠯ᠎ᠠ᠃ ᠬᠢᠴᠢᠶᠡᠯ ᠤᠨ ᠭᠡᠷ ᠤᠨ ᠬᠠᠮᠤᠭ ᠠᠷᠤ ᠶᠢᠨ ᠰᠠᠭᠤᠳᠠᠯ ᠳᠤ ᠨᠢᠭᠡᠨ ᠪᠠᠭᠰᠢ | ᠬᠢᠴᠢᠶᠡᠯ ᠰᠣᠨᠣᠰᠴᠤ ᠨᠠᠷᠢᠨ ᠬᠢᠨᠠᠮᠠᠭᠠᠢ ᠲᠡᠮᠳᠡᠭᠯᠡᠯ ᠬᠢᠵᠦ ᠪᠠᠶᠢᠪᠠ᠃ ᠡᠨᠡ ᠪᠠᠭᠰᠢ ᠪᠣᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ᠠᠯᠠᠱᠠ ᠵᠡᠭᠦᠨ ᠬᠤᠰᠢᠭᠤᠨ ᠤ ᠪᠠᠭᠰᠢ ᠶᠢ ᠪᠤᠯᠪᠠᠰᠤᠷᠠᠭᠤᠯᠬᠤ ᠬᠢᠭᠡᠳ ᠵᠢᠭᠠᠬᠤ ᠶᠢ | ᠰᠤᠳᠤᠯᠬᠤ ᠲᠥᠪ ᠤᠨ ᠨᠠᠮ ᠤᠨ ᠡᠭᠦᠷ ᠤᠨ ᠱᠦᠵᠢ᠂ ᠡᠷᠭᠢᠯᠡᠭᠴᠢ ᠶᠠᠩ ᠯᠢᠩ ᠶᠤᠸᠠᠨ ᠪᠣᠯᠣᠨ᠎ᠠ᠃ | ᠶᠠᠩ ᠯᠢᠩ ᠶᠤᠸᠠᠨ ᠰᠤᠷᠭᠠᠨ ᠬᠥᠮᠦᠵᠢᠯ ᠤᠨ ᠹᠷᠣᠨᠲ ᠲᠤ ᠤᠯᠠᠨ ᠵᠢᠯ ᠠᠵᠢᠯᠯᠠᠵᠤ᠂ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠭᠠᠨ ᠤ ᠤᠬᠠᠭᠠᠨ ᠢ 17 ᠵᠢᠯ ᠵᠢᠭᠠᠭᠰᠠᠨ ᠶᠤᠮ᠃ ︽2021 | ᠣᠨ ᠳᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠤ ᠲᠠᠷᠠᠭ᠎ᠠ᠂ ᠲᠤᠰᠢᠶᠠᠯ ᠬᠠᠷᠢᠭᠤᠴᠠᠯᠭ᠎ᠠ ᠪᠠᠨ ᠨᠠᠩ ᠰᠠᠶᠢᠨ | ᠭᠦᠢᠴᠡᠳᠬᠡᠬᠦ ᠶᠢᠨ ᠲᠥᠯᠥᠭᠡ᠂ ᠪᠢ ᠰᠠᠨᠠᠭᠠᠴᠢᠯᠠᠭ᠎ᠠ ᠠᠴᠠ ᠪᠠᠨ ᠡᠯ᠎ᠡ ᠰᠢᠨᠵᠢᠯᠡᠬᠦ ᠤᠬᠠᠭᠠᠨ ᠤ ᠳᠤᠭᠤᠶᠢᠯᠠᠩ᠂ | ᠬᠢᠴᠢᠶᠡᠯ ᠪᠡᠯᠡᠳᠬᠡᠬᠦ ᠲᠠᠰᠤᠭ ᠲᠤ ᠭᠦᠨᠵᠡᠭᠡᠶᠢᠷᠡᠵᠦ᠂ ᠨᠢᠭᠡᠳᠦᠭᠡᠷ ᠹᠷᠣᠨᠲ ᠤᠨ ᠪᠠᠭᠰᠢ ᠲᠠᠢ ᠵᠣᠭᠤᠭᠳᠠᠨ᠂ ᠵᠢᠭᠠᠨ | ᠰᠤᠷᠭᠠᠯᠲᠠ ᠶᠢᠨ ᠳᠤᠮᠳᠠᠬᠢ ᠬᠦᠴᠢᠷᠳᠡᠯ ᠤᠨ ᠲᠤᠬᠠᠢ ᠶᠠᠷᠢᠯᠴᠠᠵᠤ᠂ ᠣᠯᠠᠨ ᠤ ᠦᠵᠡᠯ ᠪᠤᠳᠤᠯ ᠢ ᠰᠣᠨᠣᠰᠤᠭᠰᠠᠨ | ᠶᠤᠮ᠃ ᠰᠤᠷᠭᠠᠨ ᠬᠥᠮᠦᠵᠢᠯ ᠤᠨ ᠴᠢᠳᠠᠪᠤᠷᠢᠲᠠᠨ ᠳᠤᠲᠠᠭᠳᠠᠬᠤ᠂ ᠵᠠᠷᠢᠮ ᠰᠢᠨᠵᠢᠯᠡᠭᠡᠨ ᠤ ᠰᠠᠯᠠᠭ᠎ᠠ ᠶᠢᠨ | ᠪᠠᠶᠢᠭᠤᠯᠤᠯᠲᠠ ᠬᠤᠴᠤᠷᠤᠩᠭᠤᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠪᠢ ᠤᠯᠠᠨ ᠵᠦᠢᠯ ᠤᠨ ᠦᠨᠡᠨ ᠬᠦ | ᠬᠡᠷᠡᠭᠵᠢᠭᠦᠯᠵᠦ ᠪᠣᠯᠬᠤᠶᠢᠴᠠ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠲᠠᠭᠤᠨ ᠢ ᠳᠡᠭᠡᠳᠦ ᠱᠠᠲᠤᠨ ᠳᠤ | ᠳᠠᠮᠵᠢᠭᠤᠯᠤᠭᠰᠠᠨ ᠶᠤᠮ︾ ᠭᠡᠵᠦ ᠶᠠᠩ ᠯᠢᠩ ᠶᠤᠸᠠᠨ ᠶᠠᠷᠢᠨ᠎ᠠ᠃ | ᠶᠠᠩ ᠯᠢᠩ ᠶᠤᠸᠠᠨ ᠰᠢᠨ᠎ᠡ ᠬᠢᠴᠢᠶᠡᠯ ᠤᠨ ᠪᠠᠷᠢᠮᠵᠢᠶ᠎ᠠ ᠶᠢ ᠨᠠᠷᠢᠨ ᠬᠢᠨᠠᠮᠠᠭᠠᠢ ᠰᠤᠳᠤᠯᠤᠨ᠂ | ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠯᠥᠪᠯᠡᠭᠡ ᠶᠢ ᠨᠠᠷᠢᠨ ᠲᠣᠭᠲᠠᠭᠠᠵᠤ᠂ | ᠰᠤᠷᠤᠬᠴᠢᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠬᠦ ᠪᠠᠷ | ᠭᠤᠣᠯᠳᠠᠯᠭ᠎ᠠ ᠪᠣᠯᠭᠠᠨ᠂ ︽ᠪᠡᠯᠡᠳᠬᠡᠬᠦ᠂ ᠵᠢᠭᠠᠬᠤ᠂ ᠰᠤᠷᠤᠯᠴᠠᠬᠤ᠂ ᠦᠨᠡᠯᠡᠬᠦ︾ ᠶᠢ ᠨᠢᠭᠡ ᠴᠣᠭᠴᠠᠵᠢᠭᠤᠯᠤᠭᠰᠠᠨ | ᠵᠢᠭᠠᠨ ᠰᠤᠷᠭᠠᠯᠲᠠ ᠶᠢᠨ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠪᠡ᠃ ᠲᠡᠷᠡ ᠣᠯᠠᠨ ᠤᠳᠠᠭ᠎ᠠ ᠰᠠᠨᠠᠯ | ᠵᠥᠪᠯᠡᠯᠭᠡ ᠳᠤᠷᠠᠳᠤᠨ᠂ ᠪᠦᠭᠦ ᠬᠤᠰᠢᠭᠤᠨ ᠤ ᠬᠡᠪᠴᠢᠶᠡᠨ ᠳᠤ ︽ᠲᠣᠮᠣ ᠨᠢᠭᠡᠴᠢ ᠶᠢᠨ ᠵᠢᠭᠠᠨ ᠰᠤᠷᠭᠠᠯᠲᠠ ᠶᠢᠨ | ᠲᠥᠯᠥᠪᠯᠡᠭᠡ︾ ᠶᠢᠨ ᠦᠵᠡᠭᠦᠯᠭᠡ ᠶᠢᠨ ᠠᠵᠢᠯᠯᠠᠭ᠎ᠠ ᠥᠷᠨᠢᠭᠦᠯᠵᠦ᠂ ᠪᠠᠭᠰᠢ ᠨᠠᠷ ᠤᠨ ᠬᠠᠷᠢᠯᠴᠠᠨ ᠰᠤᠷᠤᠯᠴᠠᠵᠦ | ᠰᠣᠯᠢᠯᠴᠠᠬᠤ ᠲᠠᠪᠴᠠᠩ ᠢ ᠪᠠᠶᠢᠭᠤᠯᠵᠠᠢ᠃ | ᠲᠤᠰᠬᠠᠢ ᠮᠡᠷᠭᠡᠵᠢᠯ ᠤᠨ ᠬᠡᠪ ᠴᠢᠨᠠᠷ ᠢᠶᠠᠷ ᠴᠢᠩᠭ᠎ᠠ᠂ ᠮᠣᠷᠠᠯ ᠰᠤᠷᠲᠠᠯ ᠰᠢᠯᠢᠳᠡᠭ ᠪᠠᠭᠰᠢ ᠶᠢᠨ | ᠡᠩᠨᠡᠭᠡ ᠶᠢ ᠪᠠᠶᠢᠭᠤᠯᠬᠤ ᠶᠢᠨ ᠲᠥᠯᠥᠭᠡ᠂ ᠶᠠᠩ ᠯᠢᠩ ᠶᠤᠸᠠᠨ ︽ᠨᠠᠮ ᠤᠨ ᠭᠡᠰᠢᠭᠦᠨ ᠤ ᠵᠢᠱᠢᠶ᠎ᠡ ᠦᠵᠡᠭᠦᠯᠭᠦ | ᠬᠢᠴᠢᠶᠡᠯ︾᠂ ︽ᠪᠠᠭᠰᠢ ᠱᠠᠪᠢ ᠪᠠᠷᠢᠯᠳᠤᠬᠤ︾ ᠠᠵᠢᠯᠯᠠᠭ᠎ᠠ ᠶᠢ ᠥᠷᠨᠢᠭᠦᠯᠵᠦ᠂ ᠨᠠᠮ ᠤᠨ ᠲᠡᠷᠢᠭᠦᠨ ᠤ ᠴᠢᠨᠠᠷ ᠢ | ᠵᠢᠭᠠᠨ ᠰᠤᠷᠭᠠᠯᠲᠠ ᠶᠢᠨ ᠴᠡᠭ ᠲᠤ ᠠᠭᠤᠰᠬᠠᠨ᠂ ᠵᠠᠯᠠᠭᠤ ᠪᠠᠭᠰᠢ ᠶᠢᠨ ᠣᠨᠣᠯ ᠤᠨ ᠪᠣᠯᠪᠠᠰᠤᠷᠠᠯ ᠪᠠ ᠵᠢᠭᠠᠨ | ᠰᠤᠷᠭᠠᠯᠲᠠ ᠶᠢ ᠰᠤᠳᠤᠯᠬᠤ ᠳᠤ ᠣᠷᠤᠯᠴᠠᠬᠤ ᠶᠢ ᠵᠣᠷᠢᠭᠵᠢᠭᠤᠯᠪᠠ᠃ ︽ᠵᠢᠭᠠᠨ ᠰᠤᠷᠭᠠᠯᠲᠠ ᠶᠢᠨ ᠡᠬᠢ | ᠪᠠᠶᠠᠯᠢᠭ ᠤᠨ ᠬᠥᠮᠥᠷᠭᠡ︾ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠪᠠᠭᠰᠢ ᠨᠠᠷ ᠲᠤ ᠵᠢᠭᠠᠨ ᠰᠤᠷᠭᠠᠯᠲᠠ ᠶᠢᠨ | ᠪᠣᠳᠠᠲᠤ ᠲᠡᠮᠳᠡᠭᠯᠡᠯ᠂ ᠵᠢᠭᠠᠨ ᠰᠤᠷᠭᠠᠯᠲᠠ ᠶᠢᠨ ᠲᠥᠯᠥᠪᠯᠡᠭᠡ᠂ ᠳᠠᠰᠬᠠᠯ ᠤᠨ ᠲᠥᠯᠥᠪᠯᠡᠭᠡ ᠵᠡᠷᠭᠡ ᠵᠢᠭᠠᠨ | ᠰᠤᠷᠭᠠᠯᠲᠠ ᠶᠢᠨ ᠡᠬᠢ ᠪᠠᠶᠠᠯᠢᠭ ᠢ ᠬᠠᠩᠭᠠᠵᠤ ᠥᠭᠪᠡ᠃ ᠰᠤᠷᠤᠬᠴᠢᠳ ᠤᠨ ᠰᠤᠷᠤᠯᠴᠠᠬᠤ ᠬᠡᠷᠡᠭᠴᠡᠭᠡ | ᠱᠠᠭᠠᠷᠳᠠᠯᠭ᠎ᠠ ᠪᠠ ᠬᠥᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠢᠴᠢᠶᠡᠯ ᠤᠨ ᠰᠢᠰᠲ᠋ᠧᠮ ᠢᠶᠠᠨ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠰᠢᠨ᠎ᠡ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠪᠠ ᠵᠢᠭᠠᠨ | ᠰᠤᠷᠭᠠᠯᠲᠠ ᠶᠢᠨ ᠠᠷᠭ᠎ᠠ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠬᠢᠴᠢᠶᠡᠯ ᠤᠨ ᠪᠠᠶᠢᠭᠤᠯᠤᠯᠲᠠ ᠶᠢᠨ | ᠰᠢᠨ᠎ᠡ ᠶᠢ ᠡᠭᠦᠳᠬᠦ ᠪᠠ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠤᠭᠰᠠᠨ ᠪᠠᠶᠢᠨ᠎ᠠ᠃ | ᠶᠠᠩ ᠯᠢᠩ ᠶᠤᠸᠠᠨ ᠣᠯᠠᠨ ᠵᠢᠯ ᠤᠨ ᠲᠤᠷᠰᠢ ᠰᠤᠷᠭᠠᠨ ᠬᠥᠮᠦᠵᠢᠯ ᠤᠨ ᠦᠢᠯᠡᠰ ᠲᠤ ᠪᠦᠭᠦ | ᠬᠦᠴᠦᠨ ᠢᠶᠠᠷ ᠵᠢᠳᠬᠦᠨ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠤᠷᠢᠳ ᠬᠤᠵᠢᠳ | ᠥᠪᠡᠷᠲᠡᠭᠡᠨ ᠵᠠᠰᠠᠬᠤ ᠣᠷᠣᠨ ᠤ ᠲᠣᠭᠠᠨ ᠤ ᠤᠬᠠᠭᠠᠨ ᠤ ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ ᠤᠨ | ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠬᠢᠴᠢᠶᠡᠯ ᠤᠨ | ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ᠂ ᠪᠦᠭᠦ ᠤᠯᠤᠰ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠲᠣᠭᠠᠨ ᠤ ᠤᠬᠠᠭᠠᠨ ᠤ ᠵᠠᠯᠠᠭᠤ ᠪᠠᠭᠰᠢ ᠶᠢᠨ ᠳᠡᠯᠭᠡᠨ ᠦᠵᠡᠭᠦᠯᠭᠡ ᠶᠢᠨ ᠠᠵᠢᠯᠯᠠᠭ᠎ᠠ ᠶᠢᠨ | ᠨᠢᠭᠡᠳᠦᠭᠡᠷ ᠳᠡᠰ ᠤᠨ ᠱᠠᠩᠨᠠᠯ ᠢ ᠬᠦᠷᠲᠡᠵᠦ᠂ ᠲᠡᠭᠦᠨ ᠤ ᠡᠷᠭᠢᠯᠡᠵᠦ ᠪᠠᠶᠢᠭ᠎ᠠ ᠠᠩᠭᠢ ᠨᠢ ᠥᠪᠡᠷᠲᠡᠭᠡᠨ ᠵᠠᠰᠠᠬᠤ | ᠣᠷᠣᠨ ᠤ ᠲᠡᠰ ᠤᠨ ᠰᠢᠯᠢᠳᠡᠭ ᠠᠩᠭᠢ ᠨᠢᠭᠡᠴᠢ ᠪᠠᠷ ᠦᠨᠡᠯᠡᠭᠳᠡᠵᠦ ᠥᠩᠭᠡᠷᠡᠪᠡ᠃ | ᠶᠠᠩ ᠯᠢᠩ ᠶᠤᠸᠠᠨ᠄ ︽ᠨᠠᠮ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ | ᠰᠤᠷᠤᠯᠴᠠᠯᠭ᠎ᠠ ᠪᠠᠨ ᠴᠢᠩᠭᠠᠳᠬᠠᠨ᠂ ᠲᠤᠰᠬᠠᠢ ᠮᠡᠷᠭᠡᠵᠢᠯ ᠤᠨ ᠮᠡᠳᠡᠯᠭᠡ ᠪᠠ ᠵᠢᠭᠠᠨ ᠰᠤᠷᠭᠠᠯᠲᠠ ᠶᠢᠨ ᠤᠷ᠎ᠠ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠬᠠᠮᠤᠭ ᠤᠨ ᠰᠢᠨ᠎ᠡ ᠪᠠᠶᠢᠳᠠᠯ ᠪᠠ | ᠰᠤᠳᠤᠯᠭᠠᠨ ᠤ ᠦᠷ᠎ᠡ ᠪᠦᠲᠦᠭᠡᠯ ᠢ ᠠᠩᠬᠠᠷᠤᠨ᠂ ᠰᠤᠷᠤᠬᠴᠢᠳ ᠤᠨ ᠮᠣᠷᠠᠯ ᠪᠣᠯᠪᠠᠰᠤᠷᠠᠯ᠂ ᠰᠢᠨ᠎ᠡ ᠶᠢ ᠡᠭᠦᠳᠬᠦ | ᠰᠡᠳᠬᠢᠬᠦᠢ ᠪᠠ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠬᠦ ᠶᠢ ᠠᠩᠬᠠᠷᠴᠤ᠂ ᠣᠳᠣᠬᠠᠨ ᠤ ᠰᠤᠷᠭᠠᠨ | ᠬᠥᠮᠦᠵᠢᠯ ᠤᠨ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠳᠤ ᠬᠠᠨᠳᠤᠭᠤᠯᠤᠨ ᠦᠷᠭᠦᠯᠵᠢᠯᠡᠨ | ᠪᠠᠶᠢᠴᠠᠭᠠᠨ ᠰᠤᠳᠤᠯᠤᠯᠲᠠ ᠬᠢᠵᠦ᠂ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠪᠡᠶᠡᠯᠡᠭᠦᠯᠦᠨ᠎ᠡ︾ ᠭᠡᠵᠦ | ᠢᠲᠡᠭᠡᠯ ᠲᠡᠭᠦᠯᠳᠡᠷ ᠶᠠᠷᠢᠨ᠎ᠠ᠃ | |