ᠮᠠᠨ ᠤ ᠠᠶᠢᠮᠠᠭ ᠤᠨ ᠲᠥᠯᠥᠭᠡᠯᠡᠭᠴᠢᠳ ᠤᠨ ᠪᠦᠯᠭᠦᠮ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2025/4/7
                    ᠪᠦᠦ ᠶᠦᠨ ᠹᠧᠩ            1 ᠰᠠᠷ᠎ᠠ ᠶᠢᠨ 14  - 16 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠬᠰᠠᠨ ᠮᠠᠨ ᠤ ᠠᠶᠢᠮᠠᠭ ᠤᠨ ᠲᠥᠯᠥᠭᠡᠯᠡᠭᠴᠢᠳ ᠤᠨ ᠪᠦᠯᠭᠦᠮ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠬᠢᠨᠠᠨ ᠵᠥᠪᠯᠡᠪᠡ᠃ ᠤᠯᠠᠨ ᠢᠶᠠᠷ ᠢᠶᠠᠨ᠂ ᠢᠯᠡᠳᠬᠡᠯ ᠳᠤ ᠥᠩᠭᠡᠷᠡᠭᠰᠡᠨ ᠨᠢᠭᠡ ᠵᠢᠯ ᠤᠨ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠪᠦᠲᠦᠮᠵᠢ ᠶᠢ ᠪᠤᠰᠤᠳᠴᠢ ᠪᠠᠷ ᠳ᠋ᠦᠩᠨᠡᠭᠰᠡᠨ ᠮᠥᠷᠲᠡᠭᠡᠨ ᠪᠠᠰᠠ ᠡᠨᠡ ᠵᠢᠯ ᠤᠨ 11 ᠲᠠᠯ᠎ᠠ ᠶᠢᠨ ᠪᠣᠳᠠᠲᠤ ᠠᠵᠢᠯ ᠢ ᠪᠠᠶᠢᠷᠢᠯᠠᠭᠤᠯᠵᠠᠢ᠂ ᠡᠨᠡ ᠪᠣᠯ ᠲᠤᠭ ᠢᠶᠠᠨ ᠥᠨᠳᠥᠷ ᠮᠠᠨᠳᠤᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠬᠥᠮᠥᠰ ᠢ ᠤᠷᠮᠠᠰᠢᠭᠤᠯᠤᠨ ᠢᠲᠡᠭᠡᠯ ᠵᠣᠷᠢᠭ ᠢ ᠨᠡᠮᠡᠭᠳᠡᠭᠦᠯᠦᠭᠰᠡᠨ ᠰᠠᠶᠢᠨ ᠢᠯᠡᠳᠬᠡᠯ ᠮᠥᠨ ᠭᠡᠵᠦ ᠰᠠᠨᠠᠯ ᠨᠢᠭᠡᠲᠡᠢ ᠦᠵᠡᠵᠡᠭᠡᠪᠡ᠃          ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠠᠢ ᠯᠢ ᠬᠤᠸᠠ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠮᠠᠨ ᠤ ᠣᠷᠣᠨ ᠤ ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠦᠷ᠎ᠡ ᠪᠦᠲᠦᠮᠵᠢ ᠶᠢ ᠪᠤᠰᠤᠳᠴᠢ ᠪᠠᠷ ᠣᠨᠣᠪᠴᠢᠲᠠᠢ ᠳ᠋ᠦᠩᠨᠡᠵᠦ᠂ ᠣᠳᠣᠬᠠᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠪᠣᠯᠣᠨ ᠴᠢᠬᠤᠯᠠ ᠶᠡᠭᠡ ᠠᠵᠠ ᠲᠣᠭᠢᠶᠠᠯ ᠢ ᠭᠦᠨᠵᠡᠭᠡᠢ ᠵᠠᠳᠠᠯᠤᠨ᠂ ︽ᠠᠷᠪᠠᠨ ᠨᠢᠭᠡᠨ ᠲᠠᠯ᠎ᠠ ᠶᠢᠨ ᠠᠵᠢᠯ︾ ᠢ ᠭᠤᠣᠯᠳᠠᠯᠭ᠎ᠠ ᠲᠠᠢ ᠰᠠᠶᠢᠲᠤᠷ ᠬᠢᠬᠦ ᠶᠢ ᠴᠢᠭᠯᠡᠯᠲᠦ ᠴᠢᠨᠠᠷᠲᠠᠢ ᠪᠠᠷ ᠳᠤᠷᠠᠳᠴᠤ᠂ ᠣᠨᠴᠠ ᠴᠢᠩᠭ᠎ᠠ ᠪᠠᠷᠠᠯᠠᠯᠳᠤ ᠴᠢᠨᠠᠷ ᠪᠣᠯᠣᠨ ᠵᠢᠯᠤᠭᠤᠳᠬᠤ ᠴᠢᠨᠠᠷ ᠲᠠᠢ ᠶᠤᠮ ᠭᠡᠪᠡ᠃          ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠲᠠᠶᠢᠴᠢᠨ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠭᠦᠳᠠ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠵᠤ᠂ ᠠᠮᠵᠢᠯᠲᠠ ᠪᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠠᠰᠠᠭᠤᠳᠠᠯ ᠢ ᠭᠦᠨᠵᠡᠭᠡᠢ ᠵᠠᠳᠠᠯᠤᠨ᠂ ᠡᠭᠦᠷᠭᠡ ᠲᠣᠬᠢᠷᠠᠭᠤᠯᠬᠤ ᠳᠠᠭᠠᠨ ᠲᠣᠳᠣᠷᠬᠠᠢ ᠪᠥᠭᠡᠳ ᠪᠣᠳᠠᠲᠠᠢ ᠳᠤ ᠨᠡᠶᠢᠴᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠥᠰ ᠤᠨ ᠰᠡᠳᠬᠢᠯ ᠢ ᠤᠷᠮᠠᠰᠢᠭᠤᠯᠤᠭᠰᠠᠨ ᠰᠠᠶᠢᠨ ᠢᠯᠡᠳᠬᠡᠯ ᠪᠣᠯᠵᠠᠢ ᠭᠡᠪᠡ᠃          ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠬᠤᠸᠠᠩ ᠶᠠ ᠯᠢ᠂ ᠢᠯᠡᠳᠬᠡᠯ ᠨᠢ ︽ᠵᠢᠷᠭᠤᠭᠠᠨ ᠳᠦᠷᠦᠯ ᠤᠨ ᠠᠵᠢᠯᠯᠠᠭ᠎ᠠ︾ ᠶᠢᠨ ᠲᠣᠭᠤᠷᠢᠨ ᠳᠤ ᠨᠢᠭᠡ ᠪᠦᠯᠦᠭ ᠬᠠᠲᠠᠭᠤ ᠪᠣᠳᠠᠲᠠᠢ ᠠᠷᠭ᠎ᠠ ᠬᠡᠮᠵᠢᠶ᠎ᠡ  ᠶᠢ ᠳᠤᠷᠠᠳᠤᠨ ᠭᠠᠷᠭᠠᠵᠤ᠂ ᠪᠦᠭᠦ ᠣᠷᠣᠨ ᠤ ᠳᠡᠭᠡᠳᠦ ᠳᠣᠣᠷᠠᠳᠤ ᠱᠠᠲᠤᠨ ᠤ ᠴᠢᠭᠯᠡᠯ ᠢᠶᠠᠨ ᠤᠯᠠᠮ ᠨᠢᠭᠡ ᠠᠯᠬᠤᠮ ᠡᠵᠡᠮᠳᠡᠵᠦ᠂ ᠢᠲᠡᠭᠡᠯ ᠵᠣᠷᠢᠭ ᠢᠶᠠᠨ ᠬᠥᠪᠴᠢᠯᠡᠨ᠂ ᠭᠡᠯᠪᠠᠷᠢ ᠪᠠᠨ ᠬᠤᠪᠢᠷᠠᠭᠤᠯᠤᠨ ᠬᠥᠭᠵᠢᠯᠲᠡ ᠶᠢ ᠠᠳᠬᠤᠬᠤ ᠳᠤ ᠴᠢᠬᠤᠯᠠ ᠵᠢᠯᠤᠭᠤᠳᠬᠤ ᠪᠠ ᠠᠬᠢᠭᠤᠯᠬᠤ ᠦᠢᠯᠡᠳᠦᠯ ᠲᠠᠢ ᠶᠤᠮ ᠭᠡᠪᠡ᠃          ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠠᠬᠢ ᠠᠵᠢᠯ ᠤᠨ ᠳ᠋ᠦᠩᠨᠡᠯᠲᠡ ᠨᠢ ᠦᠨᠡᠨ ᠠᠴᠠ ᠵᠥᠪ ᠢ ᠡᠷᠢᠵᠦ᠂ ᠵᠠᠳᠠᠯᠤᠭᠰᠠᠨ ᠠᠰᠠᠭᠤᠳᠠᠯ ᠨᠢ ᠴᠦ ᠪᠤᠰᠤᠳᠴᠢ ᠪᠥᠭᠡᠳ ᠣᠨᠣᠪᠴᠢᠲᠠᠢ ᠪᠣᠯᠵᠤ᠂ ᠠᠵᠢᠯ ᠤᠨ ᠪᠠᠶᠢᠷᠢᠯᠠᠭᠤᠯᠤᠯᠲᠠ ᠨᠢ ᠨᠡᠩ ᠪᠣᠳᠠᠲᠠᠢ ᠪᠥᠭᠡᠳ ᠭᠤᠣᠯᠳᠠᠯᠭ᠎ᠠ ᠶᠢ ᠲᠣᠪᠤᠶᠢᠯᠭᠠᠨ᠂ ᠣᠨᠴᠠᠭᠠᠶᠢᠯᠠᠨ ᠪᠦᠭᠦ ᠢᠯᠡᠳᠬᠡᠯ  ᠨᠢ ᠨᠢᠭᠡ ᠭᠤᠣᠯ ᠱᠤᠭᠤᠮ᠂ ᠬᠤᠶᠠᠷ ᠶᠡᠭᠡ ᠶᠠᠪᠤᠳᠠᠯ᠂ ᠵᠢᠷᠭᠤᠭᠠᠨ ᠢᠨᠵᠧᠨᠧᠷᠢᠩ ᠪᠣᠯᠣᠨ ᠵᠢᠷᠭᠤᠭᠠᠨ ᠠᠵᠢᠯᠯᠠᠭ᠎ᠠ  ᠶᠢ ᠬᠤᠯᠪᠣᠯᠳᠤᠭᠤᠯᠤᠨ᠂ ᠵᠣᠭᠰᠣᠴᠠ ᠨᠢ ᠮᠠᠰᠢ ᠥᠨᠳᠥᠷ᠂ ᠲᠤᠰᠤᠯᠲᠠ ᠨᠢ ᠮᠠᠰᠢ ᠪᠣᠳᠠᠲᠠᠢ ᠮᠥᠷᠲᠡᠭᠡᠨ ᠮᠠᠰᠢ ᠶᠡᠭᠡ ᠦᠨ᠎ᠡ ᠴᠠᠨ᠎ᠠ ᠲᠠᠢ ᠪᠣᠯᠵᠠᠢ ᠭᠡᠪᠡ᠃               ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠯᠠᠱᠠ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ  ᠤᠨ ᠡᠷᠭᠢᠯᠡᠭᠴᠢ  ᠸᠠᠩ ᠸᠧᠢ ᠳ᠋ᠦᠩ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠭᠠᠳ᠂ ᠥᠩᠭᠡᠷᠡᠭᠰᠡᠨ ᠳᠤ ᠪᠢᠳᠠ ᠶᠡᠭᠡ ᠬᠡᠮᠵᠢᠶᠡᠨ ᠤ ᠠᠵᠢᠯ ᠬᠢᠵᠦ᠂ ᠬᠠᠷᠠᠯᠲᠠ ᠪᠠᠨ ᠪᠡᠶᠡᠯᠡᠭᠦᠯᠦᠭᠰᠡᠨ ᠢᠶᠠᠨ ᠮᠡᠳᠡᠷᠡᠪᠡ᠃ ᠣᠨᠴᠠᠭᠠᠶᠢᠯᠠᠨ ᠮᠠᠰᠢ ᠤᠯᠠᠠ ᠠᠵᠢᠯ ᠳᠠᠭᠠᠨ ᠰᠢᠨ᠎ᠡ ᠠᠮᠵᠢᠯᠲᠠ ᠶᠢ ᠣᠯᠵᠤ᠂ ᠰᠢᠨ᠎ᠡ ᠪᠠᠶᠢᠳᠠᠯ ᠢ ᠪᠤᠢ ᠪᠣᠯᠭᠠᠪᠠ ᠭᠡᠪᠡ᠃          ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠵᠠᠮ ᠬᠠᠷᠢᠯᠴᠠᠭ᠎ᠠ ᠶᠢᠨ ᠪᠡᠯᠡ ᠤᠷᠤᠭᠤᠯᠤᠯᠳᠠ ᠶᠢᠨ ᠪᠦᠯᠦᠭᠯᠡᠯ   ᠤᠨ ᠨᠠᠮ  ᠤᠨ ᠬᠤᠷᠢᠶ᠎ᠠ ᠶᠢᠨ ᠱᠦᠵᠢ ᠮᠠ ᠸᠠᠨ ᠪᠢᠨ᠂ ᠢᠯᠡᠳᠬᠡᠯ ᠨᠢ ᠪᠦᠭᠦ ᠵᠢᠯ ᠤᠨ ᠠᠵᠢᠯ ᠤᠨ ᠭᠤᠣᠯᠳᠠᠯᠭ᠎ᠠ ᠶᠢ ᠲᠣᠭᠲᠠᠭᠠᠵᠤ᠂ ᠴᠢᠭᠯᠡᠯ ᠢ ᠲᠣᠳᠣᠷᠬᠠᠶᠢᠯᠠᠭᠰᠠᠨ ᠪᠥᠭᠡᠳ ᠮᠠᠰᠢ ᠣᠯᠠᠨ ᠵᠦᠢᠯ ᠳᠤ ᠪᠠᠷᠢᠮᠵᠢᠶ᠎ᠠ ᠬᠠᠷᠢᠭᠤᠯᠲᠠ ᠥᠭᠭᠦᠭᠰᠡᠨ ᠪᠣᠯᠬᠤᠷ ᠡᠨᠡ ᠬᠦ  ᠢᠯᠡᠳᠬᠡᠯ ᠢ ᠪᠣᠳᠠᠲᠠᠢ ᠲᠤᠭᠤᠰᠢᠯᠠᠭᠤᠯᠬᠤ ᠳᠠᠭᠠᠨ ᠢᠯᠡᠳᠬᠡᠯ ᠳᠤ ᠬᠠᠩᠭᠠᠭᠰᠠᠨ ᠠᠷᠭ᠎ᠠ ᠪᠠ ᠪᠠᠷᠢᠮᠵᠢᠶ᠎ᠠ ᠬᠠᠷᠢᠭᠤᠯᠲᠠ ᠪᠠᠷ ᠰᠢᠯᠭᠠᠯᠲᠠ ᠶᠢᠨ ᠬᠠᠭᠤᠳᠠᠰᠤ ᠪᠠᠨ ᠲᠤᠰᠢᠶᠠᠵᠤ᠂ ᠬᠠᠨᠤᠮᠵᠢᠳᠠᠢ ᠬᠠᠷᠢᠭᠤᠯᠲᠠ ᠶᠢ ᠲᠤᠰᠢᠶᠠᠬᠤ ᠶᠣᠰᠣᠲᠠᠢ ᠭᠡᠰᠡᠨ ᠪᠠᠶᠢᠨ᠎ᠠ᠃          ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢ ᠭᠤᠸ᠎ᠠ᠂ ᠬᠤᠶᠢᠰᠢᠳᠠ ᠪᠢᠳᠠ ᠬᠢᠲᠠᠳ ︵ᠮᠣᠩᠭᠤᠯ︶ ᠡᠮ ᠡᠮᠨᠡᠯᠭᠡ ᠶᠢᠨ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ ᠡᠷᠡᠭᠦᠯᠵᠢᠬᠦ ᠵᠡᠷᠭᠡ ᠲᠠᠯ᠎ᠠ ᠶᠢᠨ ᠥᠪᠡᠷᠮᠢᠴᠡ ᠳᠠᠪᠠᠭᠤᠯᠢᠭ ᠢ ᠪᠠᠳᠠᠷᠠᠭᠤᠯᠤᠨ᠂ ᠤᠯᠠᠮᠵᠢᠯᠠᠬᠤ ᠪᠠ ᠰᠢᠨ᠎ᠡ ᠶᠢ ᠡᠭᠦᠳᠬᠦ ᠶᠢ ᠴᠢᠩᠭᠠᠳᠬᠠᠵᠤ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ ᠥᠪᠡᠷᠮᠢᠴᠡ ᠣᠨᠴᠠᠯᠢᠭ ᠲᠠᠢ ᠡᠮᠴᠢᠯᠡᠭᠡᠨ ᠤ  ᠲᠤᠰᠬᠠᠢ ᠰᠠᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ ᠪᠤᠶ ᠪᠣᠯᠭᠠᠨ᠂ ᠡᠪᠡᠳᠴᠢᠲᠡᠳ ᠲᠤ ᠨᠠᠩ ᠲᠤᠰᠬᠠᠶᠢᠵᠢᠭᠰᠠᠨ᠂ ᠥᠨᠳᠥᠷ ᠦᠷ᠎ᠡ ᠠᠰᠢᠭ ᠲᠠᠢ ᠦᠢᠯᠡᠴᠢᠯᠡᠭᠡ ᠶᠢ ᠬᠠᠩᠭᠠᠬᠤ ᠪᠠᠷ ᠴᠢᠷᠮᠠᠶᠢᠨ᠎ᠠ ᠭᠡᠯ᠎ᠡ᠃          ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂   ᠠᠯᠠᠱᠠ ᠵᠡᠭᠦᠨ ᠬᠤᠰᠢᠭᠤᠨ ᠤ ᠶᠢᠰᠦᠳᠦᠭᠡᠷ ᠪᠠᠭ᠎ᠠ ᠰᠤᠷᠭᠠᠭᠤᠯᠢ ᠶᠢᠨ ᠪᠠᠭᠰᠢ ᠵᠢᠢ ᠶᠦᠩ ᠯᠢᠩ ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠤᠳᠤ ᠶᠢᠨ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ ᠬᠥᠮᠥᠵᠢᠭᠦᠯᠬᠦ᠂ ᠴᠢᠳᠠᠪᠤᠷᠢᠲᠠᠨ ᠢ ᠦᠯᠡᠳᠡᠭᠡᠵᠦ ᠠᠪᠬᠤ ᠳᠦᠷᠦ ᠶᠢᠨ ᠪᠣᠳᠣᠯᠭ᠎ᠠ  ᠶᠢᠨ ᠰᠠᠭᠤᠷᠢᠨ ᠳᠡᠭᠡᠷ᠎ᠡ ᠦᠷᠭᠦᠯᠵᠢᠯᠠᠠ ᠡᠷᠴᠢᠮ ᠢᠶᠠᠨ ᠴᠢᠩᠭᠠᠷᠠᠭᠤᠯᠵᠤ᠂ ᠪᠠᠭᠰᠢ ᠶᠢ ᠤᠷᠢᠨ ᠬᠡᠷᠡᠭᠯᠡᠬᠦ᠂ ᠪᠤᠯᠪᠠᠰᠤᠷᠠᠭᠤᠯᠬᠤ ᠰᠢᠰᠲ᠋ᠧᠮ ᠢ ᠲᠡᠭᠦᠯᠳᠡᠷᠵᠢᠭᠦᠯᠦᠨ᠂ ᠨᠠᠩ ᠣᠯᠠᠨ ᠰᠠᠶᠢᠨ ᠪᠠᠭᠰᠢ᠂ ᠰᠠᠶᠢᠨ ᠵᠠᠬᠢᠷᠤᠯ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠬᠦᠰᠡᠵᠦ ᠪᠠᠶᠢᠨ᠎ᠠ ᠭᠡᠪᠡ᠃          ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠭᠠᠭᠤᠯᠭ᠎ᠠ ᠳᠣᠣᠷ᠎ᠠ᠂ ᠥᠪᠥᠷ ᠮᠣᠩᠭᠤᠯ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠤᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠶᠢ ᠰᠡᠳᠬᠢᠯ ᠨᠢᠭᠡᠳᠦᠨ ᠰᠠᠶᠢᠲᠤᠷ ᠬᠡᠷᠡᠭᠵᠢᠭᠦᠯᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠪᠣᠳᠠᠲᠠᠢ ᠠᠯᠬᠤᠮ ᠢ ᠠᠯᠬᠤᠨ᠂ 2025 ᠣᠨ ᠲᠡᠶᠢᠰᠢ ᠤᠷᠤᠭᠰᠢᠯᠠᠬᠤ ᠠᠯᠬᠤᠭ᠎ᠠ ᠨᠡᠩ ᠡᠷᠡᠰ ᠪᠠᠲᠤ ᠪᠥᠭᠡᠳ ᠬᠦᠴᠦᠨ ᠲᠠᠢ ᠪᠣᠯᠵᠠᠢ᠃ ᠢᠷᠡᠭᠡᠳᠦᠢ ᠪᠠᠨ ᠪᠠᠷᠠᠯᠠᠬᠤᠶ᠎ᠠ᠂ ᠥᠪᠥᠷ ᠮᠣᠩᠭᠤᠯ ᠤᠨ ᠠᠯᠤᠰ ᠢᠷᠡᠭᠡᠳᠦᠢ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ ᠤᠮᠠᠷᠠᠲᠤ ᠬᠢᠯᠢ ᠶᠢᠨ ᠬᠥᠪᠡᠭᠦᠳ ᠥᠬᠢᠳ ᠰᠡᠳᠬᠢᠯ ᠨᠢᠭᠡᠳᠦᠨ ᠡᠷᠡᠮᠡᠬᠡᠶᠢᠯᠡᠨ ᠤᠷᠤᠭᠰᠢᠯᠠᠬᠤ ᠨᠢ ᠯᠠᠪᠲᠠᠢ ᠶᠤᠮ᠃          1 ᠰᠠᠷ᠎ᠠ ᠶᠢᠨ 15 ᠤ ᠡᠳᠦᠷ᠂ ᠬᠠᠷᠠᠮᠥ᠋ᠷᠡᠨ ᠮᠤᠵᠢ ᠶᠢᠨ ᠠᠩᠬᠠᠳᠤᠭᠠᠷ ᠬᠤᠭᠤᠴᠠᠭᠠᠨ ᠤ ᠮᠥᠰᠥᠨ ᠰᠡᠶᠢᠯᠦᠮᠡᠯ ᠤᠨ ᠤᠷ᠎ᠠ ᠮᠡᠷᠭᠡᠵᠢᠯ ᠤᠨ ᠤᠷᠤᠯᠳᠤᠭᠠᠨ ᠬᠠᠷᠪᠢᠨ ᠤ ᠮᠥᠰᠥ ᠴᠠᠰᠤᠨ ᠤ ᠶᠢᠷᠲᠢᠨᠴᠦ ᠳᠤ ᠵᠢᠩᠬᠢᠨᠢ ᠪᠠᠷ ᠡᠬᠢᠯᠡᠵᠦ᠂ 18 ᠲᠥᠯᠥᠭᠡᠯᠡᠭᠴᠢ ᠶᠢᠨ ᠪᠦᠯᠭᠦᠮ ᠤᠨ 50ᠭᠠᠷᠤᠢ ᠰᠡᠶᠢᠯᠦᠮᠡᠯᠴᠢᠨ ᠣᠷᠣᠯᠴᠠᠨ᠂ ᠵᠢᠭᠤᠯᠴᠢᠯᠠᠬᠰᠠᠳ  ᠤᠨ ᠠᠩᠬᠠᠷᠤᠯ ᠢ ᠲᠠᠲᠠᠵᠠᠢ᠃                    
 
ᠢᠷᠡᠯᠲᠡ᠄ ᠠᠯᠠᠱᠠ ᠶᠢᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号