ᠮᠠᠯ ᠵᠢᠭᠦᠷᠲᠡᠨ ᠤ ᠡᠪᠦᠯ ᠤᠨ ᠠᠷᠠᠴᠢᠯᠠᠭ᠎ᠠ ᠬᠠᠮᠢᠶᠠᠷᠤᠯᠲᠠ ᠶᠢᠨ ᠭᠤᠣᠯᠳᠠᠯᠭ᠎ᠠ
ᠨᠡᠶᠢᠲᠡᠯᠡᠭᠰᠡᠨ ᠴᠠᠭ᠄
2025/4/7
                             ᠨᠢᠭᠡ᠂ ᠬᠦᠢᠲᠡᠨ ᠠᠴᠠ ᠰᠡᠷᠭᠡᠶᠢᠯᠡᠵᠦ ᠳᠤᠯᠠᠭᠠᠨ ᠢ ᠬᠠᠮᠠᠭᠠᠯᠠᠨ᠎ᠠ᠃ ᠳᠤᠯᠠᠭᠠᠨ ᠬᠠᠯᠬᠠᠪᠴᠢ ᠶᠢ ᠪᠠᠶᠢᠭᠤᠯᠬᠤ᠄ ᠳᠤᠯᠠᠭᠠᠨ ᠬᠠᠳᠠᠭᠠᠯᠠᠬᠤ ᠬᠠᠪᠲᠠᠰᠤ ᠪᠤᠶᠤ ᠰᠦᠯᠢᠶᠥᠦ ᠪᠦᠷᠬᠦᠪᠴᠢ ᠶᠢ ᠪᠦᠷᠬᠦᠬᠦ᠂ ᠳᠡᠪᠢᠰᠬᠦ ᠮᠠᠲ᠋ᠧᠷᠢᠶᠠᠯ ︵ᠬᠠᠭᠤᠷᠠᠢ ᠡᠪᠡᠰᠦ᠂ ᠮᠣᠳᠣᠨ ᠦᠷᠦᠪᠳᠡᠰᠦ ᠵᠡᠷᠭᠡ︶ ᠨᠡᠮᠡᠬᠦ᠂ ᠳᠤᠯᠠᠭᠠᠯᠠᠬᠤ ᠲᠥᠬᠦᠭᠡᠷᠦᠮᠵᠢ ︵ᠳᠤᠯᠠᠭᠠᠨ ᠰᠠᠯᠬᠢᠨ ᠤ ᠮᠠᠰᠢᠨ᠂ ᠬᠠᠯᠠᠭᠠᠯᠲᠠ ᠶᠢᠨ ᠳ᠋ᠧᠩ︶ ᠨᠡᠮᠡᠬᠦ ᠵᠡᠷᠭᠡ ᠶᠢ ᠴᠠᠭ ᠲᠤᠬᠠᠢ ᠳᠤᠨᠢ ᠲᠣᠬᠢᠷᠠᠭᠤᠯᠬᠤ ᠶᠢᠨ ᠬᠠᠮᠲᠤ ᠲᠣᠬᠢᠲᠠᠢ ᠲᠥᠪᠬᠢᠨᠡᠭᠦᠯᠵᠦ᠂ ᠮᠠᠯ ᠵᠢᠭᠦᠷᠲᠡᠨ ᠤ ᠬᠦᠢᠲᠡᠨ ᠠᠭᠤᠷ ᠠᠮᠢᠰᠬᠤᠯ ᠳᠤ ᠴᠤ ᠳᠤᠯᠠᠭᠠᠨ ᠪᠠᠶᠢᠬᠤ ᠶᠢ ᠦᠨᠡᠨ ᠬᠦ ᠪᠠᠲᠤᠯᠠᠨ᠎ᠠ᠃ ᠵᠦᠢ ᠵᠣᠬᠢᠰᠲᠠᠢ ᠪᠢᠲᠡᠭᠦᠮᠵᠢᠯᠡᠭᠰᠡᠨ ᠬᠠᠰᠢᠶ᠎ᠠ ᠰᠠᠷᠠᠪᠴᠢ ᠪᠠᠶᠢᠭᠤᠯᠬᠤ᠄ ᠬᠠᠰᠢᠶ᠎ᠠ ᠰᠠᠷᠠᠪᠴᠢ ᠶᠢ ᠵᠦᠢ ᠵᠣᠬᠢᠰᠲᠠᠢ ᠪᠢᠲᠡᠭᠦᠮᠵᠢᠯᠡᠨ ᠰᠢᠢᠳᠪᠦᠷᠢᠯᠡᠵᠦ᠂ ᠴᠢᠭᠢᠭᠯᠢᠭ ᠨᠣᠶᠢᠲᠠᠨ ᠪᠠ ᠤᠰᠤ ᠬᠤᠷᠠᠬᠤ ᠠᠴᠠ ᠵᠠᠶᠢᠯᠠᠰᠬᠢᠵᠦ᠂ ᠰᠠᠯᠬᠢ ᠨᠡᠪᠲᠡᠷᠡᠭᠦᠯᠦᠨ ᠠᠭᠠᠷ ᠰᠣᠯᠢᠬᠤ ᠶᠢ ᠠᠩᠬᠠᠷᠬᠤ ᠶᠢᠨ ᠬᠠᠮᠲᠤ ᠰᠠᠯᠬᠢ ᠬᠠᠯᠬᠠᠯᠠᠬᠤ ᠲᠥᠬᠦᠭᠡᠷᠦᠮᠵᠢ ᠲᠣᠬᠢᠷᠠᠭᠤᠯᠵᠤ᠂ ᠠᠭᠠᠷ ᠤᠨ ᠴᠡᠪᠡᠷᠴᠢ ᠶᠢᠨ ᠬᠡᠮᠵᠢᠶ᠎ᠡ ᠶᠢ ᠪᠠᠲᠤᠯᠠᠨ᠂ ᠬᠦᠢᠲᠡᠨ ᠠᠭᠠᠷ ᠰᠢᠭᠤᠳ ᠦᠯᠢᠶᠡᠬᠦ ᠶᠢ ᠪᠠᠭᠠᠰᠬᠠᠨ᠎ᠠ᠃ ᠭᠡᠷᠡᠯ ᠤᠨ ᠲᠤᠰᠤᠯᠲᠠ ᠶᠢᠨ ᠴᠠᠭ ᠢ ᠨᠡᠮᠡᠭᠳᠡᠭᠦᠯᠬᠦ᠄ ᠭᠡᠷᠡᠯ ᠤᠨ ᠲᠤᠰᠤᠯᠲᠠ ᠶᠢᠨ ᠴᠠᠭ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠪᠡᠯ ᠮᠠᠯ ᠵᠢᠭᠦᠷᠲᠡᠨ ᠤ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠲᠡᠭᠦᠨ ᠤ ᠡᠰᠡᠷᠭᠦᠴᠡᠬᠦ ᠴᠢᠳᠠᠪᠤᠷᠢ ᠪᠠ ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃          ᠬᠤᠶᠠᠷ᠂ ᠲᠡᠵᠢᠭᠡᠵᠦ ᠠᠷᠠᠴᠢᠯᠠᠬᠤ ᠬᠠᠮᠢᠶᠠᠷᠤᠯᠲᠠ ᠬᠢᠨ᠎ᠡ᠃ᠲᠡᠵᠢᠭᠡᠯ ᠪᠣᠷᠳᠣᠭᠠᠨ ᠤ ᠨᠢᠭᠲᠠᠴᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ᠄ ᠮᠠᠯ ᠵᠢᠭᠦᠷᠲᠡᠨ ᠤ ᠭᠦᠢᠴᠡᠳ ᠠᠵᠢᠯᠯᠠᠭᠠᠨ ᠤ ᠣᠷᠣᠨ ᠵᠠᠢ ᠪᠠ ᠠᠮᠠᠷᠠᠬᠤ ᠴᠠᠭ ᠢ ᠪᠠᠲᠤᠯᠠᠵᠤ᠂ ᠬᠡᠲᠦᠷᠬᠡᠢ ᠰᠢᠬᠠᠯᠳᠤᠭᠰᠠᠨ ᠠᠴᠠ ᠪᠣᠯᠵᠤ ᠪᠠᠴᠢᠮ ᠪᠠᠶᠢᠳᠠᠯ ᠢ ᠠᠷᠭᠠᠴᠠᠭᠠᠬᠤ ᠪᠤᠶᠤ ᠡᠪᠡᠳᠴᠢᠨ ᠡᠮᠭᠡᠭ ᠬᠠᠯᠳᠠᠪᠤᠷᠢᠯᠠᠬᠤ ᠠᠴᠠ ᠵᠠᠶᠢᠯᠠᠰᠬᠢᠨ᠎ᠡ᠃ ᠲᠡᠵᠢᠭᠡᠯ ᠪᠣᠷᠳᠤᠭ᠎ᠠ ᠬᠢᠭᠡᠳ ᠤᠤᠭᠤᠬᠤ ᠤᠰᠤᠨ ᠤ ᠬᠠᠩᠭᠠᠯᠭ᠎ᠠ ᠶᠢ ᠪᠠᠲᠤᠯᠠᠨ᠎ᠠ᠄ ᠲᠡᠵᠢᠭᠡᠯ ᠪᠣᠷᠳᠤᠭ᠎ᠠ ᠬᠢᠭᠡᠳ ᠤᠤᠭᠤᠬᠤ ᠤᠰᠤᠨ ᠤ ᠬᠠᠩᠭᠠᠯᠭ᠎ᠠ ᠶᠢᠨ ᠭᠦᠢᠴᠡᠳ ᠪᠥᠭᠡᠳ ᠲᠣᠭᠲᠠᠭᠤᠨ ᠪᠠᠶᠢᠬᠤ ᠶᠢ ᠪᠠᠲᠤᠯᠠᠵᠤ᠂ ᠮᠠᠯ ᠵᠢᠭᠦᠷᠲᠡᠨ ᠤ ᠪᠡᠶ᠎ᠡ ᠶᠢᠨ ᠳᠤᠯᠠᠭᠠᠨ ᠢ ᠪᠠᠲᠤᠯᠠᠬᠤ ᠪᠠ ᠡᠷᠡᠭᠦᠯ ᠮᠡᠨᠳᠦ ᠶᠢ ᠪᠠᠲᠤᠯᠠᠬᠤ ᠦᠨᠳᠦᠰᠦᠨ ᠬᠡᠷᠡᠭᠴᠡᠭᠡ ᠶᠢ ᠬᠠᠩᠭᠠᠨ᠎ᠠ᠃ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠢ ᠪᠦᠭᠦ ᠲᠠᠯ᠎ᠠ ᠪᠠᠷ ᠲᠡᠩᠴᠡᠭᠦᠷᠢᠲᠡᠢ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠡᠨᠧᠷᠭᠢ ᠶᠢᠨ ᠴᠢᠨᠠᠷᠲᠠᠢ ᠲᠡᠵᠢᠭᠡᠯ ᠪᠣᠷᠳᠣᠭᠠᠨ ᠤ ᠬᠠᠷᠢᠴᠠᠯ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠬᠦ ᠶᠢᠨ ᠬᠠᠮᠲᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠡᠵᠢᠭᠡᠯ ᠪᠣᠷᠳᠤᠭ᠎ᠠ ᠲᠡᠵᠢᠭᠡᠬᠦ ᠲᠤᠭ᠎ᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ ᠰᠡᠷᠡᠯᠵᠢᠯ ᠢ ᠡᠰᠡᠷᠭᠦᠴᠡᠬᠦ ᠡᠳ᠋ ᠪᠠ ᠡᠭᠡᠯᠢᠯᠡᠭᠡ ᠶᠢ ᠴᠢᠩᠭᠠᠷᠠᠭᠤᠯᠬᠤ ᠡᠳ᠋ ᠢ ᠨᠡᠮᠡᠨ᠎ᠡ᠄ ᠣᠯᠠᠨ ᠬᠡᠮᠵᠢᠯᠲᠡ᠂ ᠴᠠᠭᠢᠯᠭᠠᠨ ᠵᠠᠳᠠᠯᠤᠬᠳᠠᠬᠤᠨ ᠵᠡᠷᠭᠡ ᠰᠡᠷᠡᠯᠵᠢᠯ ᠢ ᠡᠰᠡᠷᠭᠦᠴᠡᠬᠦ ᠡᠳ᠋ ᠵᠢᠴᠢ ᠡᠭᠡᠯᠢᠯᠡᠭᠡ ᠶᠢ ᠴᠢᠩᠭᠠᠷᠠᠭᠤᠯᠬᠤ ᠡᠳ᠋ ᠢ ᠵᠣᠬᠢᠬᠤ ᠬᠡᠮᠵᠢᠶ᠎ᠡ ᠪᠠᠷ ᠨᠡᠮᠡᠵᠦ᠂ ᠬᠦᠢᠲᠡᠨ ᠠᠭᠤᠷ ᠠᠮᠢᠰᠬᠤᠯ᠂ ᠣᠷᠴᠢᠨ ᠲᠣᠭᠤᠷᠢᠨ ᠤ ᠬᠤᠪᠢᠷᠠᠯᠲᠠ ᠵᠡᠷᠭᠡ ᠡᠯᠧᠮᠧᠨ᠋ᠲ ᠠᠴᠠ ᠪᠣᠯᠤᠭᠰᠠᠨ ᠰᠡᠷᠡᠯᠵᠢᠯ ᠢ ᠠᠷᠭᠠᠴᠠᠭᠠᠬᠤ ᠤᠷᠪᠠᠯ ᠢ ᠪᠦᠲᠦᠮᠵᠢᠲᠡᠶ ᠪᠠᠭᠠᠰᠬᠠᠵᠤ᠂ ᠮᠠᠯ ᠵᠢᠭᠦᠷᠲᠡᠨ ᠤ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠎ᠡ᠃          ᠭᠤᠷᠪᠠ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠨ᠎ᠠ᠃ᠮᠠᠯ ᠵᠢᠭᠦᠷᠲᠡᠨ ᠤ ᠬᠠᠰᠢᠶ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠨ᠎ᠡ᠄ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠪᠠᠭᠠᠰᠤ ᠰᠢᠭᠡᠰᠦ᠂ ᠶᠠᠭᠤᠮ᠎ᠠ ᠬᠡᠦᠮ᠎ᠡ ᠵᠡᠷᠭᠡ ᠶᠢ ᠴᠠᠭ ᠲᠤᠬᠠᠢ ᠳᠤᠨᠢ ᠴᠡᠪᠡᠷᠯᠡᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠨ᠎ᠠ᠄ ᠲᠣᠬᠢᠷᠠᠮᠵᠢᠲᠠᠢ ᠠᠷᠢᠭᠤᠳᠬᠠᠬᠤ ᠡᠮ ᠤᠨ ᠵᠦᠢᠯ ᠢ ᠰᠣᠩᠭᠤᠨ ᠬᠡᠷᠡᠭᠯᠡᠵᠦ᠂ ᠮᠠᠯ ᠵᠢᠭᠦᠷᠲᠡᠨ ᠤ ᠬᠠᠰᠢᠶ᠎ᠠ᠂ ᠲᠡᠵᠢᠭᠡᠨ ᠦᠷᠡᠵᠢᠭᠦᠯᠬᠦ ᠪᠠᠭᠠᠵᠢ ᠬᠡᠷᠡᠭᠰᠡᠯ᠂ ᠠᠵᠢᠯᠯᠠᠭᠠᠨ ᠤ ᠲᠠᠯᠠᠪᠤᠷ ᠵᠡᠷᠭᠡ ᠶᠢ ᠪᠦᠭᠦ ᠲᠠᠯ᠎ᠠ ᠪᠠᠷ ᠠᠷᠢᠭᠤᠳᠬᠠᠵᠤ᠂ ᠡᠪᠡᠳᠴᠢᠨ ᠡᠭᠦᠰᠬᠡᠭᠴᠢ ᠪᠠᠺᠲ᠋ᠧᠷᠢ ᠶᠢᠨ ᠡᠭᠦᠰᠬᠦ ᠪᠠ ᠲᠠᠷᠬᠠᠬᠤ ᠶᠢ ᠪᠦᠲᠦᠮᠵᠢᠲᠡᠶ ᠪᠠᠭᠠᠰᠬᠠᠨ᠎ᠠ᠃ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠨ᠎ᠠ᠄ ᠲᠤᠬᠠᠢ ᠶᠢᠨ ᠭᠠᠵᠠᠷ ᠤᠨ ᠬᠢᠵᠢᠭ ᠡᠪᠡᠳᠴᠢᠨ ᠳᠡᠯᠭᠡᠷᠡᠬᠦ ᠣᠨᠴᠠᠯᠢᠭ ᠬᠢᠭᠡᠳ ᠡᠭᠡᠯᠢᠯᠡᠭᠡ ᠶᠢᠨ ᠲᠠᠰ ᠳᠠᠷᠠᠭᠠᠯᠠᠯ ᠢ ᠦᠨᠳᠦᠰᠦᠯᠡᠨ᠂ ᠮᠠᠯ ᠵᠢᠭᠦᠷᠲᠡᠨ ᠳᠤ ᠡᠯ᠎ᠡ ᠲᠥᠷᠥᠯ ᠤᠨ ᠸᠠᠺᠼᠢᠨ ᠢ ᠴᠠᠭ ᠲᠤᠬᠠᠢ ᠳᠤᠨᠢ ᠳᠠᠷᠢᠵᠤ᠂ ᠲᠡᠳᠡᠨ ᠤ ᠥᠪᠡᠷᠮᠢᠴᠡ ᠴᠢᠨᠠᠷ ᠤᠨ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃          ᠳᠥᠷᠪᠡ᠂ᠲᠥᠬᠦᠭᠡᠷᠦᠮᠵᠢᠲᠦ ᠡᠳ᠋ ᠪᠠᠷᠠᠭ᠎ᠠ ᠶᠢᠨ ᠪᠠᠲᠤᠯᠠᠭ᠎ᠠ ᠬᠠᠩᠭᠠᠨ᠎ᠠ᠃ ᠲᠥᠬᠦᠭᠡᠷᠦᠮᠵᠢ ᠶᠢ ᠪᠠᠶᠢᠴᠠᠭᠠᠨ ᠵᠠᠰᠠᠬᠤ᠄ ᠮᠠᠯ ᠵᠢᠭᠦᠷᠲᠡᠨ ᠤ ᠬᠠᠰᠢᠶ᠎ᠠ ᠰᠠᠷᠠᠪᠴᠢ ᠵᠢᠴᠢ ᠲᠡᠵᠢᠭᠡᠯ ᠪᠣᠷᠳᠣᠭᠠᠨ ᠤ ᠬᠥᠮᠥᠷᠭᠡ ᠵᠡᠷᠭᠡ ᠲᠥᠬᠦᠭᠡᠷᠦᠮᠵᠢ ᠳᠤ ᠪᠦᠭᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠨ ᠵᠠᠰᠠᠬᠤ ᠠᠵᠢᠯ ᠬᠢᠵᠦ᠂ ᠴᠠᠰᠤ ᠰᠢᠭᠤᠷᠭ᠎ᠠ ᠶᠢ ᠡᠰᠡᠷᠭᠦᠴᠡᠬᠦ ᠴᠢᠳᠠᠪᠤᠷᠢ ᠪᠠᠷ ᠨᠡᠯᠢᠶᠡᠳ ᠪᠠᠭᠤᠷᠠᠢ ᠮᠠᠯ ᠵᠢᠭᠦᠷᠲᠡᠨ ᠤ ᠬᠠᠰᠢᠶ᠎ᠠ ᠶᠢ ᠪᠠᠬᠢᠵᠢᠭᠦᠯᠬᠦ ᠪᠠ ᠳᠤᠯᠠᠭᠠᠨ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠡᠳ᠋ ᠪᠣᠳᠠᠰ ᠨᠥᠭᠡᠴᠡᠯᠡᠬᠦ᠄ ᠲᠡᠵᠢᠭᠡᠯ ᠪᠣᠷᠳᠤᠭ᠎ᠠ᠂ ᠸᠠᠺᠼᠢᠨ᠂ ᠠᠷᠢᠭᠤᠳᠬᠠᠬᠤ ᠡᠮ ᠤᠨ ᠵᠦᠢᠯ᠂ ᠠᠷᠢᠭᠤᠳᠬᠠᠬᠤ ᠲᠥᠬᠦᠭᠡᠷᠦᠮᠵᠢ᠂ ᠴᠠᠭᠢᠯᠭᠠᠨ ᠭᠠᠷᠭᠠᠬᠤ ᠲᠦᠯᠡᠰᠢ᠂ ᠳᠤᠯᠠᠭᠠᠨ ᠢ ᠬᠠᠳᠠᠭᠠᠯᠠᠬᠤ ᠮᠠᠲ᠋ᠧᠷᠢᠶᠠᠯ᠂ ᠠᠶᠤᠯ ᠠᠴᠠ ᠠᠪᠤᠷᠠᠬᠤ ᠪᠠᠭᠠᠵᠢ ᠬᠡᠷᠡᠭᠰᠡᠯ ᠵᠡᠷᠭᠡ ᠡᠯ᠎ᠡ ᠲᠦᠷᠦᠯ ᠤᠨ ᠡᠳ᠋ ᠪᠣᠳᠠᠰ ᠢ ᠴᠠᠭ ᠲᠤᠬᠠᠢ ᠳᠤᠨᠢ ᠭᠦᠢᠴᠡᠳ ᠨᠥᠭᠡᠴᠡᠯᠡᠵᠦ᠂ ᠴᠠᠭᠢᠯᠭᠠᠨ ᠵᠣᠬᠰᠣᠬᠤ᠂ ᠵᠠᠮ ᠪᠢᠲᠡᠭᠦᠮᠵᠢᠯᠡᠬᠦ ᠵᠢᠴᠢ ᠲᠡᠵᠢᠭᠡᠯ ᠪᠣᠷᠳᠤᠭ᠎ᠠ᠂ ᠮᠠᠯ ᠤᠨ ᠡᠮ ᠳᠤᠲᠠᠭᠳᠠᠬᠤ ᠠᠴᠠ ᠪᠣᠯᠤᠭᠰᠠᠨ ᠠᠰᠠᠭᠤᠳᠠᠯ ᠢ ᠰᠡᠷᠭᠡᠶᠢᠯᠡᠨ᠎ᠡ᠃          ᠲᠠᠪᠤ᠂ ᠠᠶᠤᠯᠭᠦᠢ ᠦᠢᠯᠡᠳᠪᠦᠷᠢᠯᠡᠯ ᠢ ᠪᠠᠲᠤᠯᠠᠨ᠎ᠠ᠃ᠠᠮᠤᠷ ᠲᠦᠪᠰᠢᠨ ᠢ ᠪᠠᠶᠢᠴᠠᠭᠠᠬᠤ᠄ ᠲᠡᠵᠢᠭᠡᠨ ᠦᠷᠡᠵᠢᠭᠦᠯᠬᠦ ᠲᠠᠯᠠᠪᠠᠶ ︵ᠡᠷᠦᠭᠡ︶ ᠨᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠡᠵᠢᠭᠡᠨ ᠦᠷᠡᠵᠢᠭᠦᠯᠬᠦ ᠲᠣᠨᠤᠭ ᠲᠥᠬᠦᠭᠡᠷᠦᠮᠵᠢ᠂ ᠤᠰᠤᠨ ᠵᠠᠮ ᠴᠠᠭᠢᠯᠭᠠᠨ ᠬᠡᠯᠬᠢᠶ᠎ᠡ ᠵᠡᠷᠭᠡ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠠᠵᠢᠯ ᠬᠢᠵᠦ ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠪᠠᠶᠢᠴᠠᠭᠠᠨ ᠵᠠᠰᠠᠬᠤ ᠬᠡᠷᠡᠭᠲᠡᠢ᠃ ᠠᠮᠤᠷ ᠲᠦᠪᠰᠢᠨ ᠢᠶᠠᠷ ᠳᠤᠯᠠᠭᠠᠯᠠᠬᠤ᠄ ᠳᠤᠯᠠᠭᠠᠯᠠᠬᠤ ᠲᠥᠬᠦᠭᠡᠷᠦᠮᠵᠢ ᠨᠢ ᠬᠢᠷᠢ ᠲᠡᠩᠴᠡᠵᠦ᠂ ᠭᠠᠯ ᠤᠨ ᠠᠶᠤᠯ ᠡᠭᠦᠰᠬᠦ ᠪᠠ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠣᠷᠳᠠᠭᠳᠠᠬᠤ ᠶᠢ ᠰᠡᠷᠭᠡᠶᠢᠯᠡᠨ᠎ᠡ᠃ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠢ ᠰᠠᠶᠢᠲᠤᠷ ᠰᠡᠷᠭᠡᠶᠢᠯᠡᠵᠦ᠂ ᠮᠠᠯ ᠵᠢᠭᠦᠷᠲᠡᠨ ᠤ ᠦᠢᠯᠡᠳᠪᠦᠷᠢᠯᠡᠯ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠨ᠎ᠠ᠃                  
 
ᠢᠷᠡᠯᠲᠡ᠄ ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号