ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠦᠭᠰᠡᠨ ︽ᠮᠠᠰᠢᠨ ᠬᠥᠮᠥᠨ ︾
ᠨᠡᠶᠢᠲᠡᠯᠡᠭᠰᠡᠨ ᠴᠠᠭ᠄
2025/4/7
                            ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤ ᠶᠢᠨ ᠰᠠᠶᠢᠬᠠᠨ ᠳᠤᠪᠤ ᠭᠠᠴᠠᠭᠠᠨ ᠳᠤ ᠨᠢᠭᠡᠨ ᠢᠵᠢ ᠣᠶᠤᠨᠲᠤ ᠲᠠᠷᠢᠶᠠᠯᠠᠩ ᠤᠨ ᠬᠠᠮᠢᠶᠠᠷᠤᠯᠲᠠ ᠶᠢᠨ ᠰᠢᠰᠲ᠋ᠧᠮ ᠲᠠᠷᠢᠶᠠᠨ ᠭᠠᠵᠠᠷ ᠲᠤ ᠪᠣᠰᠬᠠᠭᠳᠠᠭᠰᠠᠨ ᠬᠠᠷᠠᠭᠳᠠᠨ᠎ᠠ᠃ ᠡᠨᠡ ᠬᠦ ᠣᠶᠤᠨᠲᠤ ᠰᠢᠰᠲ᠋ᠧᠮ ᠨᠢ ᠬᠥᠷᠥᠰᠥᠨ ᠤ ᠴᠢᠭᠢᠭ ᠪᠠᠷᠢᠭᠰᠠᠨ ᠪᠠᠶᠢᠳᠠᠯ᠂ ᠬᠤᠷᠣᠬᠠᠢ ᠰᠢᠪᠠᠵᠢ ᠶᠢᠨ ᠪᠠᠶᠢᠳᠠᠯ ᠵᠡᠷᠭᠡ ᠳᠤ ᠬᠥᠳᠡᠯᠦᠩᠭᠦᠢ ᠬᠢᠨᠠᠨ ᠬᠡᠮᠵᠢᠯᠲᠡ ᠬᠢᠳᠡᠭ ᠪᠥᠭᠡᠳ ᠲᠣᠮᠣ ᠳᠡᠯᠭᠡᠴᠡ ᠳᠡᠭᠡᠷ᠎ᠡ ᠨᠢ ᠲᠠᠷᠢᠶᠠᠨ ᠭᠠᠵᠠᠷ ᠤᠨ ᠤᠰᠤᠯᠠᠯᠲᠠ ᠳᠤ ᠬᠡᠷᠡᠭᠯᠡᠭᠰᠡᠨ ᠤᠰᠤᠨ ᠤ ᠬᠡᠮᠵᠢᠶ᠎ᠡ᠂ ᠴᠠᠭᠢᠯᠭᠠᠨ ᠬᠡᠷᠡᠭᠯᠡᠭᠰᠡᠨ ᠬᠡᠮᠵᠢᠶ᠎ᠡ ᠵᠡᠷᠭᠡ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠰᠢᠨᠡᠳᠬᠡᠵᠦ᠂ ᠭᠠᠴᠠᠭᠠᠨ ᠤ ᠠᠷᠠᠳ ᠲᠡᠭᠦᠨ ᠢ ᠲᠠᠷᠢᠶᠠᠨ ᠭᠠᠵᠠᠷ ᠤᠨ ︽ᠮᠠᠰᠢᠨ ᠬᠥᠮᠥᠨ︾ ᠬᠡᠮᠡᠨ ᠳᠣᠲᠣᠨᠣᠴᠢᠯᠠᠨ ᠳᠠᠭᠤᠳᠠᠳᠠᠭ ᠠᠵᠢ  ᠃ ︽ᠡᠨᠡ ᠬᠡᠰᠡᠭ ᠭᠠᠵᠠᠷ ᠪᠣᠯ ᠬᠤᠵᠢᠷᠯᠢᠭ ᠭᠠᠵᠠᠷ ᠶᠤᠮ᠂ ᠵᠢᠯ ᠲᠤᠵᠢ ᠭᠠᠩ ᠬᠠᠭᠤᠷᠠᠢ ᠪᠠᠶᠢᠳᠠᠭ ᠠᠴᠠ ᠲᠠᠷᠢᠶᠠᠨ ᠤ ᠤᠷᠭᠤᠴᠠ ᠶᠢ ᠶᠡᠭᠡ ᠨᠥᠯᠥᠭᠡᠯᠡᠳᠡᠭ᠂ ᠬᠤᠷ᠎ᠠ ᠲᠤᠨᠳᠠᠰᠤ ᠠᠷᠪᠢᠳᠠᠪᠠᠯ ᠪᠠᠰᠠ ᠦᠶᠡᠷ ᠤᠰᠤᠲᠤᠯ ᠢ ᠵᠠᠯᠠᠬᠤ ᠳᠤ ᠬᠦᠴᠢᠷᠲᠡᠢ ᠪᠠᠶᠢᠳᠠᠭ᠂ ᠡᠶᠢᠮᠦᠷᠬᠦᠦ ᠣᠶᠤᠨᠲᠤ ᠬᠠᠮᠢᠶᠠᠷᠤᠯᠲᠠ ᠶᠢᠨ ᠰᠢᠰᠲ᠋ᠧᠮ ᠲᠠᠢ ᠪᠣᠯᠤᠭᠰᠠᠨ ᠠᠴᠠ ᠡᠳᠡᠭᠡᠷ ᠠᠰᠠᠭᠤᠳᠠᠯ ᠤᠳ ᠢ ᠰᠢᠢᠳᠪᠦᠷᠢᠯᠡᠵᠦ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠡᠷᠳᠡᠨᠢ ᠰᠢᠰᠢ ᠶᠢᠨ ᠤᠷᠭᠤᠯᠲᠠ ᠣᠨᠴᠠ ᠰᠠᠶᠢᠨ ᠪᠣᠯᠵᠠᠢ  ︾ ᠭᠡᠵᠦ ᠰᠠᠶᠢᠬᠠᠨ ᠳᠤᠪᠤ ᠭᠠᠴᠠᠭᠠᠨ ᠤ ᠱᠦᠵᠢ ᠸᠠᠩ ᠱᠤᠸᠠᠩ ᠵᠦ ᠲᠠᠨᠢᠯᠴᠠᠭᠤᠯᠤᠨ᠎ᠠ᠃ ᠤᠳᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠢᠵᠢ ᠪᠦᠷᠢᠨ ᠰᠢᠰᠲ᠋ᠧᠮ ᠲᠠᠢ ᠪᠣᠯᠤᠭᠰᠠᠨ ᠠᠴᠠ ᠭᠤᠣᠯ ᠤᠨ ᠪᠠᠶᠢᠰᠢᠩ ᠪᠠᠯᠭᠠᠰᠤᠨ ᠤ ᠮᠠᠰᠢ ᠣᠯᠠᠨ ᠲᠠᠷᠢᠶᠠᠯᠠᠬᠤ ᠡᠷᠦᠭᠡ ᠨᠢᠭᠡ ᠬᠤᠪᠢ ᠤᠰᠤᠨ ᠺᠠᠷᠲ᠂ ᠨᠢᠭᠡ ᠵᠠᠭᠤᠳᠠᠭ ᠲᠠᠢ ᠪᠣᠯᠪᠠᠯ ᠰᠠᠨᠠᠭ᠎ᠠ ᠠᠮᠤᠷ ᠲᠠᠷᠢᠶ᠎ᠠ ᠪᠠᠨ ᠤᠰᠤᠯᠠᠴᠢᠬᠠᠳᠠᠭ ᠪᠣᠯᠵᠠᠢ  ᠃ ︽ᠤᠤᠯ  ᠳᠠᠭᠠᠨ ᠳᠠᠷᠢᠶ᠎ᠠ ᠤᠰᠤᠯᠠᠬᠤ ᠭᠡᠪᠡᠯ ᠴᠠᠶᠢᠶ᠋ᠢᠦ ᠮᠠᠰᠢᠨ᠂ ᠤᠰᠤᠨ ᠬᠥᠭᠡᠷᠭᠡ ᠪᠠ ᠤᠰᠤ ᠳᠠᠮᠵᠢᠭᠤᠯᠬᠤ ᠬᠤᠭᠤᠯᠠᠢ ᠮᠡᠲᠦ ᠪᠠᠷ ᠳᠡᠷᠡ ᠤᠯᠠᠨ ᠶᠠᠭᠤᠮ᠎ᠠ ᠶᠢ ᠪᠡᠯᠡᠳᠬᠡᠬᠦ ᠴᠢᠬᠤᠯᠠᠲᠠᠢ᠂ ᠤᠳᠤ ᠶᠣᠰᠣᠲᠠᠢ ᠲᠦᠭᠦᠮ ᠪᠣᠯᠴᠢᠬᠠᠵᠠᠢ︾ ᠭᠡᠵᠦ ᠰᠠᠶᠢᠬᠠᠨ ᠳᠤᠪᠤ ᠭᠠᠴᠠᠭᠠᠨ ᠤ ᠲᠠᠷᠢᠶᠠᠴᠢᠨ ᠬᠥᠭᠵᠢᠯᠲᠦ ᠤᠷᠮᠠᠲᠠᠢ ᠬᠡᠯᠡᠨ᠎ᠡ᠃ ᠲᠡᠭᠦᠨ ᠤ ᠬᠡᠯᠡᠬᠦ ᠪᠠᠷ᠂ ᠡᠳᠦᠷ ᠪᠦᠷᠢ 10 ᠴᠠᠭ ᠤᠰᠤᠯᠠᠬᠤ ᠪᠠᠷ ᠪᠤᠳᠣᠪᠠᠯ ᠤᠤᠯ ᠳᠠᠭᠠᠨ ᠴᠠᠶᠢᠶ᠋ᠢᠦ ᠮᠠᠰᠢᠨ ᠤ ᠲᠣᠰᠣᠨ ᠳᠤ 180 ᠲᠥᠭᠦᠷᠢᠭ ᠵᠠᠷᠤᠴᠠᠭᠤᠯᠵᠤ ᠪᠠᠶᠢᠭᠰᠠᠨ ᠶᠤᠮ᠂ ᠣᠳᠣ ᠮᠠᠰᠢᠨ ᠴᠠᠭᠢᠯᠭᠠᠨ ᠬᠤᠳᠳᠤᠭ ᠢᠶᠠᠷ ᠤᠰᠤᠯᠠᠵᠤ ᠴᠠᠭᠢᠯᠭᠠᠨ ᠤ ᠵᠠᠷᠤᠳᠠᠯ 100 ᠲᠥᠭᠦᠷᠢᠭ ᠴᠦ ᠬᠦᠷᠬᠦ ᠦᠭᠡᠢ ᠪᠣᠯᠵᠠᠢ᠂ ᠪᠠᠰᠠ ᠤᠰᠤᠯᠠᠬᠤ ᠪᠠ ᠪᠣᠷᠳᠣᠭᠤᠷ ᠤᠷᠤᠭᠤᠯᠬᠤ ᠶᠢ ᠬᠠᠮᠲᠤ  ᠳᠤᠨᠢ ᠪᠡᠶᠡᠯᠡᠭᠦᠯᠴᠢᠬᠡᠳᠡᠭ ᠪᠣᠯᠬᠤᠷ ᠬᠥᠮᠥᠨ ᠤ ᠬᠦᠴᠦ ᠪᠠ ᠡᠪᠡᠰᠦ ᠠᠷᠢᠯᠭᠠᠬᠤ ᠵᠠᠷᠤᠳᠠᠯ ᠢ ᠠᠷᠪᠢᠯᠠᠵᠤ ᠪᠤᠢ᠃ ᠨᠢᠳᠤᠨᠤᠨ ᠰᠠᠶᠢᠬᠠᠨ ᠳᠤᠪᠤ ᠭᠠᠴᠠᠭᠠᠨ ᠤ 140 ᠲᠠᠷᠢᠶᠠᠯᠠᠬᠤ ᠡᠷᠦᠭᠡ ᠲᠠᠷᠢᠶᠠᠨ ᠭᠠᠵᠠᠷ ᠢᠶᠠᠨ ᠴᠥᠮ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠤᠰᠤ ᠲᠠᠲᠠᠬᠤ ᠭᠦᠨᠴᠡ ᠪᠠ ᠤᠰᠤᠯᠠᠯᠲᠠ ᠶᠢᠨ ᠦᠷ᠎ᠡ ᠪᠦᠲᠦᠮᠵᠢ ᠶᠢᠨ ᠳᠡᠭᠡᠭᠰᠢᠯᠡᠬᠦ ᠶᠢ ᠳᠠᠭᠠᠯᠳᠤᠨ ᠣᠳᠣ ᠤᠰᠤᠨ ᠬᠤᠳᠳᠤᠭ ᠪᠦᠷᠢ ᠨᠢ ᠣᠶᠢᠷ᠎ᠠ ᠬᠠᠪᠢ ᠶᠢᠨ 130 ᠮᠦ ᠲᠠᠷᠢᠶᠠᠨ ᠭᠠᠵᠠᠷ ᠢ ᠤᠰᠤᠯᠠᠵᠤ ᠳᠡᠶᠢᠯᠭᠦ ᠪᠣᠯᠵᠤ᠂ ᠡᠨᠡ ᠨᠢ ᠤᠯᠠᠮᠵᠢᠯᠠᠯᠲᠤ ᠮᠠᠰᠢᠨ ᠬᠤᠳᠳᠤᠭ ᠤᠨ ᠤᠰᠤᠯᠠᠯᠲᠠ ᠶᠢᠨ ᠬᠡᠮᠵᠢᠶ᠎ᠡ ᠪᠠ ᠦᠷ᠎ᠡ ᠪᠦᠲᠦᠮᠵᠢ ᠲᠠᠢ ᠠᠳᠠᠯᠢᠳᠬᠠᠪᠠᠯ ᠴᠥᠮ ᠬᠤᠶᠠᠷ ᠳᠠᠭᠢᠨ ᠳᠡᠭᠡᠭᠰᠢᠯᠡᠭᠰᠡᠨ ᠪᠢᠯᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠢᠳᠤᠨᠤᠨ ᠵᠢᠯ ᠤᠨ ᠰᠡᠭᠦᠯᠴᠢ ᠪᠤᠯᠲᠠᠯ᠎ᠠ ᠨᠢᠭᠡᠨᠲᠡ 212.3 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠮᠦ ᠳᠤᠮᠳᠠᠴᠢ  ᠪᠠᠷ 1800 ᠲᠥᠭᠦᠷᠢᠭ ᠤᠨ ᠪᠡᠯᠡ ᠣᠷᠣᠭᠤᠯᠤᠨ᠂ ᠵᠢᠱᠢᠯᠲᠡ ᠪᠠᠷ ᠮᠦ ᠳᠤᠮᠳᠠᠴᠢ ᠶᠢᠨ ᠤᠨᠠᠯᠲᠠ ᠶᠢ 150 ᠺᠢᠯᠣᠭ᠍ᠷᠠᠮ ᠠᠴᠠ ᠳᠡᠭᠡᠭᠰᠢ ᠨᠡᠮᠡᠭᠳᠡᠭᠦᠯᠪᠡ  ᠃ ᠡᠨᠡ ᠵᠢᠯ ᠳᠤᠰ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ  ᠢ 8 ᠲᠦᠮᠡᠨ ᠮᠦ ᠪᠦᠲᠦᠭᠡᠨ ᠪᠠᠶᠢᠭᠤᠯᠵᠤ᠂ 5 ᠰᠤᠮᠤ ᠪᠠᠯᠭᠠᠰᠤ ᠶᠢᠨ 11 ᠭᠠᠴᠠᠭ᠎ᠠ ᠳᠤᠰᠬᠤᠨ ᠲᠠᠢ ᠬᠤᠯᠪᠣᠭᠳᠠᠭᠰᠠᠨ ᠪᠠᠶᠢᠨ᠎ᠠ᠃    
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号