| | ᠣᠶᠢᠷ᠎ᠠ ᠳᠤ ︽ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠣᠷᠣᠨ | ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠣᠯᠠᠨ ᠨᠡᠶᠢᠲᠡ ᠶᠢᠨ ᠦᠵᠦᠭᠦᠷᠯᠢᠭ︾ ᠤᠨ ᠬᠡᠷᠡᠭᠯᠡᠭᠡᠨ ᠤ ᠲᠠᠪᠴᠠᠩ | ᠵᠢᠩᠬᠢᠨᠢ ᠪᠠᠷ ᠠᠰᠢᠭᠯᠠᠯᠲᠠ ᠳᠤ ᠣᠷᠣᠵᠤ᠂ ᠣᠷᠴᠢᠨ ᠲᠣᠭᠤᠷᠢᠨ ᠤ ᠦᠨᠡᠯᠡᠯᠲᠡ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠯ ᠳᠥᠭᠦᠮ ᠳᠥᠲᠡ᠂ ᠥᠨᠳᠥᠷ ᠦᠷ᠎ᠡ ᠠᠰᠢᠭ ᠲᠠᠢ᠂ ᠣᠶᠤᠨᠴᠢᠯᠠᠬᠤ ᠲᠦᠪᠰᠢᠨ ᠢ ᠴᠢᠨᠠᠭᠰᠢᠳᠠ | ᠳᠡᠭᠡᠭᠰᠢᠯᠡᠭᠦᠯᠵᠦ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠪᠠᠶᠢᠨ᠎ᠠ᠃ | ᠣᠳᠣᠬᠠᠨ ᠳᠤ᠂ ᠳᠤᠰ ᠬᠡᠷᠡᠭᠯᠡᠭᠡᠨ ᠤ ᠲᠠᠪᠴᠠᠩ ᠨᠢ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠬᠤ᠂ | ᠬᠡᠷᠡᠭᠯᠡᠬᠦ᠂ ᠳᠡᠯᠭᠡᠨ ᠦᠵᠡᠭᠦᠯᠭᠦ ᠴᠢᠳᠠᠮᠵᠢ ᠶᠢ ᠪᠦᠭᠦ ᠲᠠᠯ᠎ᠠ ᠪᠠᠷ ᠪᠡᠶᠡᠯᠡᠭᠦᠯᠪᠡ᠃ ᠬᠡᠷᠡᠭᠯᠡᠭᠴᠢᠳ ᠣᠶᠤᠨᠲᠤ | ᠵᠠᠳᠠᠯᠤᠯᠲᠠ ᠬᠢᠭᠰᠡᠨ ᠤ ᠳᠠᠷᠠᠭ᠎ᠠ ᠮᠡᠳᠡᠭᠦᠯᠦᠯᠲᠡ ᠶᠢ ᠭᠠᠷᠭᠠᠵᠤ ᠪᠣᠯᠣᠨ᠎ᠠ᠃ ᠮᠡᠳᠡᠭᠦᠯᠦᠯᠲᠡ ᠳᠤ ᠣᠷᠴᠢᠨ ᠲᠣᠭᠤᠷᠢᠨ | ᠢ ᠬᠠᠮᠢᠶᠠᠷᠤᠨ ᠡᠵᠡᠮᠳᠡᠬᠦ ᠨᠢᠭᠡᠴᠢ ᠶᠢᠨ ᠺᠣᠳ᠋᠂ ᠨᠡᠷ᠎ᠡ᠂ ᠣᠷᠴᠢᠨ ᠲᠣᠭᠤᠷᠢᠨ ᠤ ᠬᠦᠴᠦᠨ ᠵᠦᠢᠯ᠂ ᠵᠠᠰᠠᠭ ᠵᠠᠬᠢᠷᠭᠠᠨ | ᠤ ᠬᠤᠪᠢᠶᠠᠷᠢᠯᠠᠯᠲᠠ᠂ ᠲᠠᠯᠠᠪᠠᠢ ᠵᠡᠷᠭᠡ ᠮᠡᠳᠡᠭᠡ ᠵᠠᠩᠭᠢ ᠶᠢ ᠲᠣᠳᠣᠷᠬᠠᠢ ᠲᠡᠮᠳᠡᠭᠯᠡᠭᠰᠡᠨ ᠪᠠᠶᠢᠳᠠᠭ᠃ ᠬᠡᠷᠡᠭᠯᠡᠭᠴᠢᠳ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠠᠯᠪᠠᠨ ᠤ ᠰᠦᠯᠵᠢᠶᠡᠨ ᠳᠤ | ᠭᠠᠷᠴᠤ᠂ ︽ᠲᠡᠷᠢᠭᠦᠨ ᠨᠢᠭᠤᠷ ︱ ᠲᠤᠭ᠎ᠠ ᠪᠠᠷᠢᠮᠲᠠ ᠶᠢ ᠴᠢᠯᠦᠭᠡᠲᠡᠢ ᠲᠠᠯᠪᠢᠬᠤ︾ ᠰᠤᠪᠠᠭ ᠢ ᠲᠣᠪᠴᠢᠳᠠᠨ | ᠣᠷᠣᠬᠤ ᠪᠤᠶᠤ ᠭᠠᠷ ᠤᠲᠠᠰᠤ ᠪᠠᠷ ᠢᠶᠠᠨ ᠳᠠᠮᠵᠢᠨ ︽ᠮᠥᠩᠬᠡ ᠰᠤᠪᠠᠭ︾ APP ᠶᠢ ᠨᠡᠭᠡᠭᠡᠨ ︽ᠶᠠᠪᠤᠳᠠᠯ | ᠭᠦᠢᠴᠡᠳᠬᠡᠬᠦ ︱ ᠰᠠᠯᠠᠭ᠎ᠠ ᠮᠥᠴᠢᠷ ᠤᠨ ᠦᠢᠯᠡᠴᠢᠯᠡᠭᠡ ︱ ᠥᠪᠡᠷᠲᠡᠭᠡᠨ ᠵᠠᠰᠠᠬᠤ ᠣᠷᠣᠨ ᠤ ᠠᠮᠢ ᠠᠬᠤᠢ | ᠣᠷᠴᠢᠨ ᠲᠣᠭᠤᠷᠢᠨ ᠤ ᠲᠢᠩᠬᠢᠮ︾ ᠢ ᠲᠣᠪᠴᠢᠳᠠᠵᠤ᠂ ᠠᠮᠢ ᠠᠬᠤᠢ ᠣᠷᠴᠢᠨ ᠲᠣᠭᠤᠷᠢᠨ ᠤ ᠣᠷᠣᠨ ᠲᠣᠭᠤᠷᠢᠭ | ᠬᠤᠪᠢᠶᠠᠨ ᠬᠠᠮᠢᠶᠠᠷᠤᠨ ᠡᠵᠡᠮᠳᠡᠬᠦ ᠬᠠᠮᠢᠶ᠎ᠠ ᠪᠦᠬᠦᠢ ᠲᠥᠷᠥᠯ ᠵᠦᠢᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ | ᠪᠣᠯᠣᠨ᠎ᠠ᠃ ︽ᠭᠠᠷ ᠤᠲᠠᠰᠤᠨ ᠳᠡᠭᠡᠷᠡᠬᠢ ︿ᠠᠮᠢ ᠠᠬᠤᠢ ᠣᠷᠴᠢᠨ ᠲᠣᠭᠤᠷᠢᠨ ᠤ ᠣᠷᠣᠨ ᠲᠣᠭᠤᠷᠢᠭ ᠬᠤᠪᠢᠶᠠᠨ | ᠬᠠᠮᠢᠶᠠᠷᠤᠨ ᠡᠵᠡᠮᠳᠡᠬᠦ ᠣᠯᠠᠨ ᠨᠡᠶᠢᠲᠡ ᠶᠢᠨ ᠦᠵᠦᠭᠦᠷᠯᠢᠭ﹀ ᠢ ᠨᠡᠭᠡᠭᠡᠭᠡᠳ ᠣᠷᠴᠢᠨ ᠲᠣᠭᠤᠷᠢᠨ ᠤ ᠦᠨᠡᠯᠡᠯᠲᠡ | ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ ᠳᠡᠶᠢᠯᠭᠦ ᠪᠣᠯᠤᠭᠰᠠᠨ | ᠨᠢ ᠦᠨᠡᠬᠡᠷ ᠳᠥᠭᠦᠮ ᠪᠣᠯᠵᠠᠢ︾ ᠭᠡᠵᠦ ᠪᠤᠭᠤᠲᠤ ᠬᠤᠲᠠ ᠶᠢᠨ ᠵᠢᠦᠶᠤᠸᠠᠨ ᠤ ᠠᠵᠤ ᠦᠢᠯᠡᠳᠪᠦᠷᠢ ᠶᠢᠨ | ᠬᠦᠷᠢᠶᠡᠯᠡᠩ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠡᠯᠡᠨ᠎ᠡ᠃ | | |