ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ 2024 ᠣᠨ ᠳᠤ | ᠤᠰᠤᠨ ᠤ ᠡᠷᠬᠡ ᠶᠢᠨ ᠣᠬᠤᠷ ᠬᠤᠭᠤᠴᠠᠭᠠᠨ ᠤ ᠠᠷᠠᠯᠵᠢᠶ᠎ᠠ ᠶᠢ 404.93 ᠲᠦᠮᠡᠨ ᠪᠣᠰᠤᠭ᠎ᠠ ᠳᠥᠷᠪᠡᠯᠵᠢᠨ | ᠮᠧᠲᠷ ᠪᠡᠶᠡᠯᠡᠭᠦᠯᠵᠡᠢ | ᠰᠢᠦᠢ ᠠᠢ ᠰᠢᠶᠠᠩ︶ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠣᠷᠣᠨ ᠨᠢ ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ | ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ | ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠭᠦᠨᠵᠡᠭᠡᠢ ᠲᠤᠭᠤᠰᠢᠯᠠᠭᠤᠯᠵᠤ᠂ ᠤᠰᠤᠨ ᠠᠰᠢᠭᠯᠠᠯᠲᠠ ᠶᠢᠨ ᠶᠠᠮᠤᠨ᠂ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠤᠰᠤ ᠬᠡᠷᠡᠭᠯᠡᠬᠦ | ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ ᠢ ᠨᠠᠶᠢᠳᠠᠪᠤᠷᠢᠵᠢᠭᠤᠯᠤᠨ᠂ ᠤᠰᠤ ᠶᠢ | ᠠᠷᠪᠢᠯᠠᠨ ᠬᠡᠷᠡᠭᠯᠡᠬᠦ ᠶᠢ ᠶᠡᠬᠡᠪᠡᠷ ᠰᠠᠨᠠᠭᠠᠴᠢᠯᠠᠵᠤ᠂ ᠤᠰᠤᠨ ᠤ ᠡᠷᠬᠡ ᠶᠢᠨ ᠠᠷᠠᠯᠵᠢᠶ᠎ᠠ ᠶᠢ ᠢᠳᠡᠪᠬᠢᠲᠡᠢ ᠠᠬᠢᠭᠤᠯᠪᠠ᠃ | 2024 ᠣᠨ ᠳᠤ᠂ᠨᠡᠭᠡᠭᠡᠯᠲᠡ ᠶᠢᠨ ᠣᠷᠣᠨ ᠨᠢ ᠤᠰᠤ ᠠᠪᠬᠤ ᠡᠷᠦᠭᠡ ᠶᠢᠨ ᠦᠢᠯᠡᠳᠬᠦᠨ ᠪᠠ ᠠᠵᠤ | ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠬᠢᠬᠦ᠂ ᠤᠰᠤ | ᠠᠷᠪᠢᠯᠠᠬᠤ ᠵᠡᠷᠭᠡ ᠠᠷᠭ᠎ᠠ ᠬᠡᠮᠵᠢᠶ᠎ᠡ ᠠᠪᠬᠤ ᠶᠢᠨ ᠳᠠᠭᠠᠤ ᠤᠰᠤ ᠠᠪᠬᠤ ᠡᠷᠬᠡ ᠶᠢ ᠣᠯᠣᠭᠰᠠᠨ ᠪᠤᠯᠪᠠᠴᠤ | ᠦᠢᠯᠡᠳᠪᠦᠷᠢᠯᠡᠯ ᠤᠨ ᠬᠡᠮᠵᠢᠶ᠎ᠡ ᠨᠢ ᠭᠦᠷᠦᠭᠡᠳᠦᠢ ᠪᠤᠶᠤ ᠦᠢᠯᠡᠳᠪᠦᠷᠢᠯᠡᠯ ᠨᠢ ᠠᠰᠢᠭᠯᠠᠯᠲᠠ ᠳᠤ ᠣᠷᠣᠭᠠᠳᠤᠢ ᠤᠰᠤ | ᠠᠪᠬᠤ ᠡᠷᠦᠭᠡ ᠶᠢ ᠵᠣᠷᠢᠭᠵᠢᠭᠤᠯᠤᠨ᠂ ᠤᠰᠤ ᠠᠪᠬᠤ ᠵᠥᠪᠰᠢᠶᠡᠷᠡᠯ ᠤᠨ ᠬᠦᠴᠦᠨ ᠲᠠᠢ ᠬᠤᠭᠤᠴᠠᠭ᠎ᠠ ᠪᠠ ᠤᠰᠤ | ᠠᠪᠬᠤ ᠲᠤᠭ᠎ᠠ ᠶᠢᠨ ᠳᠣᠲᠣᠷ᠎ᠠ ᠤᠰᠤ ᠠᠪᠬᠤ ᠵᠣᠬᠢᠴᠠᠩᠭᠤᠢ ᠡᠷᠬᠡ ᠶᠢ ᠤᠰᠤᠨ ᠤ ᠡᠷᠬᠡ ᠶᠢᠨ ᠬᠡᠰᠡᠭ | ᠭᠦᠢᠴᠡᠳᠬᠡᠬᠦ ᠲᠤᠭ᠎ᠠ ᠬᠦᠷᠦᠯᠴᠡᠬᠦ ᠦᠭᠡᠢ ᠪᠤᠶᠤ ᠤᠰᠤᠨ ᠤ ᠡᠷᠬᠡ ᠶᠢᠨ ᠭᠦᠢᠴᠡᠳᠬᠡᠯ ᠲᠤᠭ᠎ᠠ ᠲᠣᠬᠢᠷᠠᠭᠤᠯᠤᠭᠰᠠᠨ | ᠦᠭᠡᠢ ᠠᠵᠤ ᠠᠬᠤᠶᠢᠯᠠᠯ ᠳᠤ ᠦᠨ᠎ᠡ ᠲᠥᠯᠥᠪᠦᠷᠢ ᠲᠠᠢ ᠪᠠᠷ ᠰᠢᠯᠵᠢᠭᠦᠯᠦᠨ ᠥᠭᠴᠦ᠂ ᠦᠢᠯᠡᠳᠪᠦᠷᠢᠯᠡᠯ ᠤᠨ | ᠳᠤᠮᠳᠠᠬᠢ ᠤᠰᠤ ᠳᠤᠲᠠᠭᠳᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠨᠢᠳᠤᠨᠤᠨ᠂ ᠤᠷᠢᠳ ᠬᠤᠵᠢᠳ | ᠥᠪᠥᠷ ᠮᠣᠩᠭᠤᠯ ᠤᠨ ᠵᠢᠦᠢ ᠱᠢ ᠡᠨᠧᠷᠭᠢ ᠶᠢᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠰᠠᠨ ᠵᠢᠦᠢ ᠵᠢᠶᠠ | ᠵᠢᠩ ᠰᠢᠨ᠎ᠡ ᠡᠨᠧᠷᠭᠢ ᠶᠢᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠵᠥᠩ ᠱᠠᠩ ᠠᠵᠤ ᠦᠢᠯᠡᠳᠪᠦᠷᠢ ᠶᠢᠨ | ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠲᠠᠢ ᠱᠧᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ | ᠬᠠᠷᠢᠭᠤᠴᠠᠯᠭᠠᠲᠤ ᠺᠤᠮᠫᠠᠨᠢ ᠵᠡᠷᠭᠡ 6 ᠤᠰᠤ ᠬᠡᠷᠡᠭᠯᠡᠬᠦ ᠨᠢᠭᠡᠴᠢ ᠶᠢᠨ ᠢᠯᠡᠭᠦᠴᠡ ᠤᠰᠤᠨ ᠤ ᠡᠷᠬᠡ ᠶᠢᠨ ᠭᠦᠢᠴᠡᠳᠬᠡᠯ | ᠲᠤᠭ᠎ᠠ ᠶᠢ ᠣᠬᠤᠷ ᠬᠤᠭᠤᠴᠠᠭᠠᠨ ᠤ ᠠᠷᠠᠯᠵᠢᠶᠠᠨ ᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠥᠷ ᠮᠣᠩᠭᠤᠯ ᠤᠨ | ᠯᠢᠩ ᠱᠧᠩ ᠲᠠᠷᠢᠮᠠᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ᠂ ᠳᠤᠮᠳᠠᠳᠤ ᠤᠯᠤᠰ ᠤᠨ ᠳᠠᠪᠤᠰᠤ | ᠬᠢᠮᠢ ᠶᠢᠨ ᠪᠦᠯᠦᠭᠯᠡᠯ ᠤᠨ ᠵᠢᠷᠠᠲᠠᠢ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ᠂ | ᠥᠪᠥᠷ ᠮᠣᠩᠭᠤᠯ ᠤᠨ ᠴᠧᠨ ᠬᠤᠩ ᠯᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ | ᠬᠠᠷᠢᠭᠤᠴᠠᠯᠭᠠᠲᠤ ᠺᠤᠮᠫᠠᠨᠢ᠂ ᠥᠪᠥᠷ ᠮᠣᠩᠭᠤᠯ ᠤᠨ ᠰᠢᠨ ᠮᠧᠩ ᠰᠢ ᠣᠷᠴᠢᠨ ᠲᠣᠭᠤᠷᠢᠨ ᠤ ᠡᠬᠢ ᠪᠠᠶᠠᠯᠢᠭ ᠤᠨ | ᠬᠥᠭᠵᠢᠯᠲᠡ ᠶᠢᠨ ᠬᠢᠵᠠᠭᠠᠷᠲᠤ ᠺᠤᠮᠫᠠᠨᠢ ᠵᠡᠷᠭᠡ 14 ᠡᠷᠦᠭᠡ ᠤᠰᠤ ᠬᠡᠷᠡᠭᠯᠡᠬᠦ ᠨᠢᠭᠡᠴᠢ ᠳᠤ ᠰᠢᠯᠢᠳᠡᠭᠵᠢᠭᠦᠯᠦᠨ | ᠲᠣᠬᠢᠷᠠᠭᠤᠯᠵᠤ᠂ ᠤᠰᠤᠨ ᠤ ᠡᠷᠬᠡ ᠶᠢᠨ ᠭᠦᠢᠴᠡᠳᠬᠡᠯ ᠲᠤᠭ᠎ᠠ ᠬᠦᠷᠦᠯᠴᠡᠬᠦ ᠦᠭᠡᠢ ᠵᠢᠴᠢ ᠤᠰᠤᠨ ᠤ ᠡᠷᠬᠡ ᠶᠢᠨ | ᠭᠦᠢᠴᠡᠳᠬᠡᠯ ᠲᠤᠭ᠎ᠠ ᠲᠣᠬᠢᠷᠠᠭᠤᠯᠤᠭᠰᠠᠨ ᠦᠭᠡᠢ ᠠᠵᠤ ᠠᠬᠤᠶᠢᠯᠠᠯ ᠳᠤ ᠨᠡᠶᠢᠲᠡ 404.93 ᠲᠦᠮᠡᠨ ᠪᠣᠰᠤᠭ᠎ᠠ | ᠳᠥᠷᠪᠡᠯᠵᠢᠨ ᠮᠧᠲᠷ ᠤᠰᠤ ᠬᠠᠩᠭᠠᠭᠰᠠᠨ ᠪᠠᠶᠢᠨ᠎ᠠ᠃ | |